ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠤᠯ ᠮᠠᠰᠢ ᠠᠭᠤᠤ ᠶᠡᠭᠡ ᠮᠠᠰᠢ ᠰᠠᠶᠢᠬᠠᠨ ᠬᠠᠷᠠᠯᠳᠠ ᠮᠥᠨ
ᠨᠡᠶᠢᠲᠡᠯᠡᠭᠰᠡᠨ ᠴᠠᠭ᠄
2018/7/30
    ᠬᠦᠲᠦᠯᠦᠭᠴᠢ᠄ ᠮᠦᠡᠭᠭᠡᠪᠡᠶᠡᠷ ︵ᠦᠪᠦᠷ ᠮᠤᠩᠭᠤᠯ ᠤᠨ ᠡᠲᠦᠷ ᠤᠨ ᠰᠤᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ︶ ᠤᠨᠴᠠ ᠤᠷᠢᠬᠰᠠᠨ ᠲᠤᠰᠬᠠᠢ ᠮᠡᠷᠭᠡᠵᠢᠯᠳᠡᠨ᠄ ᠭᠡᠷᠡᠯᠲᠦ ︵ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ︶      ᠴᠠᠭ᠄ 1 ᠰᠠᠷ᠎ᠠ ᠶᠢᠨ 25᠎ ᠤ ᠡᠲᠦᠷ ᠤᠨ ᠥᠲᠡ ᠶᠢᠨ ᠬᠤᠶᠢᠨ᠎ᠠ      ᠬᠦᠲᠦᠯᠦᠭᠴᠢ᠄ ᠡᠨᠡ ᠵᠢᠯ ᠤᠨ ︽ᠬᠤᠶᠠᠷ ᠬᠤᠷᠠᠯ︾᠎ ᠤᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾᠎ ᠳᠤ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ︾ ᠬᠡᠵᠦ ᠲᠤᠷᠠᠳᠤᠨ ᠭᠠᠷᠭᠠᠪᠠ᠃ ᠲᠡᠬᠡᠪᠡᠯ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠭᠤᠤᠯ ᠬᠦᠴᠢᠷᠳᠡᠯ ᠨᠢ ᠶᠠᠭᠤ ᠪᠤᠢ︖ ᠡᠬᠦᠨ ᠳᠤ ᠦᠨᠲᠦᠰᠦᠨ ᠱᠠᠲᠦᠨ ᠤ ᠵᠤᠬᠢᠶᠠᠨ ᠪᠠᠶᠢᠭᠤᠯᠤᠯᠲᠠ ᠶᠠᠮᠠᠷ ᠰᠢᠦᠬᠠᠨ ᠦᠢᠯᠡᠲᠦᠯ ᠭᠠᠷᠭᠠᠲᠠᠭ ᠪᠤᠢ︖      ᠲᠤᠰᠬᠠᠢ ᠮᠡᠷᠭᠡᠵᠢᠯᠳᠡᠨ᠄ ᠬᠦᠳᠡᠭᠡ ᠲᠤᠰᠬᠤᠨ ᠬᠡᠵᠦ ᠮᠠᠨ ᠤ ᠤᠷᠤᠨ ᠳᠤ ᠠᠪᠴᠤ ᠬᠡᠯᠡᠪᠡᠯ᠂ ᠮᠠᠯᠵᠢᠬᠤ ᠤᠷᠤᠨ ᠪᠠ ᠲᠠᠷᠢᠶᠠᠯᠠᠬᠤ ᠤᠷᠤᠨ ᠬᠡᠵᠦ ᠬᠤᠶᠠᠷ ᠬᠤᠪᠢᠶᠠᠭᠳᠠᠵᠤ ᠪᠠᠶᠢᠨ᠎ᠠ᠃ ᠲᠦᠪᠯᠡᠷᠡᠨ ᠰᠠᠭᠤᠷᠢᠰᠢᠭᠰᠠᠨ ᠲᠠᠷᠢᠶᠠᠯᠠᠬᠤ ᠤᠷᠤᠨ ᠳᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠳᠤ ᠬᠠᠷᠢᠴᠠᠩᠭᠤᠢ ᠬᠢᠯᠪᠠᠷ ᠪᠤᠯᠪᠠᠴᠤ ᠲᠠᠷᠠᠬᠠᠢ ᠪᠤᠳᠠᠷᠬᠠᠢ ᠰᠠᠭᠤᠷᠢᠰᠢᠭᠰᠠᠨ ᠮᠠᠯᠵᠢᠬᠤ ᠤᠷᠤᠨ ᠳᠤ ᠠᠪᠴᠤ ᠬᠡᠯᠡᠪᠡᠯ ᠬᠦᠴᠢᠷ ᠪᠠᠶᠢᠨ᠎ᠠ᠃ ᠡᠬᠦᠨ ᠳᠤ ᠭᠠᠴᠠᠭ᠎ᠠ ᠲᠤᠰᠬᠤᠨ ᠤ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠪᠤᠯ ᠦᠨᠳᠦᠰᠦᠨ ᠪᠠᠳᠤᠯᠠᠭ᠎ᠠ ᠪᠤᠯᠤᠨ᠎ᠠ᠃ ᠤᠳᠤᠬᠠᠨ ᠤ ᠪᠠᠶᠢᠳᠠᠯ ᠠᠴᠠ ᠦᠵᠡᠪᠡᠯ᠂ ᠲᠠᠷᠠᠬᠠᠢ ᠪᠤᠳᠠᠷᠬᠠᠢ ᠰᠠᠭᠤᠷᠢᠰᠢᠬᠰᠠᠨ ᠮᠠᠯᠵᠢᠬᠤ ᠤᠷᠤᠨ ᠳᠤ ᠭᠠᠴᠠᠭᠠᠨ ᠤ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ ᠴᠢᠳᠠᠬᠤ ᠦᠭᠡᠢ ᠪᠠᠶᠢᠨ᠎ᠠ᠃ ᠭᠠᠴᠠᠭᠠᠨ ᠤ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠴᠢᠩᠭᠠᠳᠬᠠᠵᠤ᠂ ᠭᠠᠴᠠᠭᠠᠨ ᠤ ᠬᠠᠮᠳᠤ ᠶᠢᠨ ᠬᠦᠷᠦᠩᠭᠡ ᠶᠢ ᠬᠤᠷᠠᠮᠳᠤᠭᠤᠯᠬᠤ᠂ ᠨᠠᠮ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠬᠠᠭᠤᠯᠤᠨ ᠲᠠᠶᠢᠯᠪᠤᠷᠢᠯᠠᠬᠤ᠂ ᠤᠯᠠᠨ ᠲᠦᠮᠡᠨ ᠢ ᠬᠦᠳᠦᠯᠦᠨ ᠵᠢᠯᠤᠭᠤᠳᠬᠤ ᠵᠡᠷᠭᠡ ᠠᠵᠢᠯ ᠢ ᠰᠠᠶᠢᠳᠤᠷ ᠬᠢᠬᠦ ᠪᠠᠷ ᠲᠠᠮᠵᠢᠭᠤᠯᠵᠤ᠂ ᠤᠯᠠᠨ ᠨᠡᠶᠢᠳᠡ ᠶᠢᠨ ᠰᠡᠳᠬᠢᠯ ᠢ ᠲᠦᠪᠯᠡᠷᠡᠬᠦᠯᠦᠨ ᠤᠶᠤᠨ ᠤᠬᠠᠭᠠᠨ ᠬᠦᠴᠦᠨ ᠴᠢᠳᠠᠯ ᠢ ᠨᠢᠭᠳᠠᠷᠠᠭᠤᠯᠬᠤ ᠨᠢ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠪᠤᠯᠤᠨ᠎ᠠ᠃     ᠬᠦᠲᠦᠯᠦᠭᠴᠢ᠄ ᠮᠠᠨ ᠤ ᠤᠷᠤᠨ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠰᠠᠭᠤᠲᠠᠯ ᠢ ᠴᠢᠬᠤᠯᠠᠴᠢᠯᠠᠨ ᠦᠵᠡᠭᠰᠡᠭᠡᠷ ᠢᠷᠡᠪᠡ᠂ ᠲᠡᠭᠡᠪᠡᠯ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠬᠦᠯᠬᠦ ᠳᠤ ᠮᠠᠯᠴᠢᠨ ᠲᠠᠷᠢᠶᠠᠴᠢᠳ ᠠᠯᠢ ᠲᠠᠯ᠎ᠠ ᠪᠠᠷ ᠠᠩᠬᠠᠷᠬᠤ ᠴᠢᠬᠤᠯᠠᠲᠠᠢ ᠪᠤᠢ︖     ᠲᠤᠰᠬᠠᠢ ᠮᠡᠷᠭᠡᠵᠢᠯᠳᠡᠨ ᠄ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠵᠤ᠂ ︽ᠮᠠᠯ ᠠᠵᠤ ᠠᠬᠤᠢ ᠲᠠᠷᠢᠶᠠᠯᠠᠩ ᠢ ᠬᠦᠰᠡᠯ ᠡᠷᠡᠮᠡᠯᠵᠡᠯ ᠲᠠᠢ ᠠᠵᠤ ᠦᠢᠯᠡᠰ ᠪᠤᠯᠭᠠᠵᠤ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ ᠲᠤᠬᠠᠢᠢᠯᠠᠭᠰᠠᠨ ᠠᠵᠢᠯ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠢ ᠠᠮᠤᠷ ᠵᠢᠷᠭᠠᠵᠤ ᠠᠵᠤ ᠲᠦᠷᠦᠬᠦ ᠦᠵᠡᠰᠬᠦᠯᠡᠩᠳᠦ ᠰᠠᠶᠢᠬᠠᠨ ᠬᠡᠷ ᠤᠷᠤᠨ ᠪᠤᠯᠭᠠᠨ᠎ᠠ︾ ᠬᠡᠳᠡᠭ ᠪᠤᠯ ᠮᠠᠰᠢ ᠠᠭᠤᠤ ᠶᠡᠭᠡ ᠮᠠᠰᠢ ᠰᠠᠶᠢᠬᠠᠨ ᠬᠠᠷᠠᠯᠳᠠ ᠮᠦᠨ᠃ ᠮᠠᠨ ᠤ ᠨᠠᠮ ᠤᠨ ᠬᠦᠳᠡᠭᠡ ᠲᠤᠰᠬᠤᠨ ᠤ ᠠᠵᠢᠯ ᠢ ᠴᠢᠬᠤᠯᠠᠴᠢᠯᠠᠵᠤ᠂ ᠬᠠᠮᠤᠭ ᠤᠨ ᠦᠨᠳᠦᠰᠦᠨ ᠱᠠᠳᠤᠨ ᠤ ᠮᠠᠯᠴᠢᠨ ᠲᠠᠷᠢᠶᠠᠴᠢᠨ ᠤ ᠠᠵᠠ ᠵᠢᠷᠭᠠᠯ ᠢ ᠬᠠᠯᠠᠮᠵᠢᠯᠠᠵᠤ ᠪᠠᠶᠢᠭ᠎ᠠ ᠶᠢᠨ ᠢᠯᠡᠷᠡᠯ ᠪᠤᠯᠤᠨ᠎ᠠ᠃ ᠮᠡᠳᠡᠭᠡᠵᠢ᠂ ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠰᠠᠭᠤᠳᠠᠯ ᠢ ᠢᠮᠠᠭᠳᠠ ᠴᠢᠬᠤᠯᠠ ᠪᠠᠶᠢᠷᠢᠨ ᠳᠤ ᠲᠠᠯᠪᠢᠵᠤ᠂ ᠮᠠᠯᠴᠢᠨ ᠲᠠᠷᠢᠶᠠᠴᠢᠨ ᠤ ᠬᠦᠷᠳᠡᠭᠡᠮᠵᠢ ᠶᠢ ᠵᠢᠯ ᠲᠠᠷᠠᠭᠠᠯᠠᠨ ᠨᠡᠮᠡᠭᠳᠡᠬᠦᠯᠵᠦ ᠪᠤᠢ᠃ ᠬᠡᠪᠡᠴᠦ᠂ ︽ᠬᠦᠯᠢᠶᠡᠬᠦ᠂ ᠲᠦᠰᠢᠬᠦ᠂ ᠠᠪᠬᠤ︾ ᠦᠵᠡᠭᠳᠡᠯ ᠭᠠᠵᠠᠷ ᠠᠪᠬᠤ ᠪᠤᠯᠵᠤ᠂ ︽ᠲᠡᠵᠢᠭᠡᠪᠦᠷᠢ︾᠎ ᠶᠢᠨ ᠮᠠᠯᠴᠢᠨ ᠲᠠᠷᠢᠶᠠᠴᠢᠨ ᠪᠠᠭ᠎ᠠ ᠪᠤᠰᠤ ᠪᠤᠢ ᠪᠤᠯᠵᠤ ᠪᠠᠶᠢᠭ᠎ᠠ ᠨᠢ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠨᠢᠭᠡ ᠠᠰᠠᠭᠤᠳᠠᠯ ᠪᠤᠯᠤᠭᠰᠠᠨ ᠪᠠᠶᠢᠨ᠎ᠠ᠃ ᠬᠦᠳᠡᠭᠡ ᠲᠤᠰᠬᠤᠨ ᠤ ᠭᠤᠤᠯ ᠴᠤᠭᠴᠠ ᠪᠤᠯ ᠮᠠᠯᠴᠢᠨ ᠲᠠᠷᠢᠶᠠᠴᠢᠨ ᠪᠤᠯᠤᠨ᠎ᠠ᠃ ᠤᠯᠤᠰ ᠤᠷᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠨᠢ ᠮᠠᠯᠵᠢᠬᠤ ᠲᠠᠷᠢᠶᠠᠯᠠᠬᠤ ᠤᠷᠤᠨ ᠳᠤ ᠰᠢᠨ᠎ᠡ ᠠᠮᠢᠵᠢᠷᠠᠯ ᠤᠨ ᠬᠦᠴᠦᠨ ᠰᠢᠨ᠎ᠡ ᠬᠦᠰᠡᠯ ᠡᠷᠡᠮᠡᠯᠵᠡᠯ ᠢ ᠠᠪᠴᠢᠷᠠᠪᠠ᠃ ᠮᠠᠯᠴᠢᠨ ᠲᠠᠷᠢᠶᠠᠴᠢᠨ ᠡᠷᠬᠡᠪᠰᠢ ᠦᠪᠡᠷ ᠢᠶᠠᠨ ᠦᠪᠡᠷ ᠤᠨ ᠬᠡᠷ ᠤᠷᠤᠨ ᠢᠶᠠᠨ ᠪᠦᠳᠦᠭᠡᠨ ᠪᠠᠶᠢᠭᠤᠯᠬᠤ ᠦᠵᠡᠯ ᠤᠬᠠᠮᠰᠠᠷ ᠲᠠᠢ ᠪᠠᠶᠢᠵᠤ ᠢᠳᠡᠪᠬᠢᠯᠡᠨ ᠤᠷᠤᠯᠴᠠᠬᠤ ᠬᠡᠷᠡᠭᠳᠡᠢ᠃     ᠬᠦᠲᠦᠯᠦᠭᠴᠢ᠄ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠳᠤ ᠪᠤᠲᠠᠲᠠᠢ ᠶᠠᠮᠠᠷ ᠠᠷᠭ᠎ᠠ ᠠᠪᠴᠠᠯ ᠢ ᠭᠡᠷᠡᠭᠵᠢᠬᠦᠯᠪᠡᠯ ᠵᠤᠬᠢᠬᠤ ᠪᠤᠢ︖      ᠲᠤᠰᠬᠠᠢ ᠮᠡᠷᠭᠡᠵᠢᠯᠳᠡᠨ᠄ ︽ᠠᠵᠦ ᠦᠢᠯᠡᠰ ᠬᠦᠭᠵᠢᠭᠰᠡᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ ᠴᠢᠨᠡᠭᠡᠯᠢᠭ︾ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠷᠦᠩᠭᠡᠢ ᠱᠠᠭᠠᠷᠳᠠᠯᠭ᠎ᠠ ᠪᠤᠯᠤᠨ᠎ᠠ᠃ ᠶᠠᠰᠤ ᠴᠢᠨᠠᠷ ᠢᠶᠠᠷ ᠮᠠᠯ ᠠᠵᠤ ᠠᠬᠤᠢ ᠶᠢ ᠬᠦᠭᠵᠢᠬᠦᠯᠬᠦ ᠵᠠᠮ ᠢᠶᠠᠷ ᠵᠠᠮᠨᠠᠵᠤ᠂ ᠬᠤᠷᠰᠢᠶᠠᠵᠢᠯ ᠢᠶᠠᠷ ᠦᠪᠡᠷ ᠤᠨ ᠦᠷᠳᠡᠭ ᠢ ᠪᠠᠭᠤᠷᠠᠭᠤᠯᠵᠤ ᠤᠷᠤᠯᠭ᠎ᠠ ᠪᠠᠨ ᠨᠡᠮᠡᠭᠳᠡᠬᠦᠯᠪᠡᠯ ᠵᠤᠬᠢᠨ᠎ᠠ᠃ ᠡᠬᠦᠨ ᠠᠴᠠ ᠭᠠᠳᠠᠨ᠎ᠠ᠂ ᠡᠷᠡᠬᠦᠯ ᠮᠡᠨᠳᠤ ᠶᠢᠨ ᠠᠰᠠᠭᠤᠳᠠᠯ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ᠂ ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠵᠡᠷᠭᠡ ᠲᠠᠯ᠎ᠠ ᠶᠢ ᠵᠡᠷᠭᠡᠪᠡᠷ ᠠᠩᠬᠠᠷᠪᠠᠯ ᠵᠤᠬᠢᠨ᠎ᠠ᠃ ᠮᠠᠯᠴᠢᠨ ᠲᠠᠷᠢᠶᠠᠴᠢᠨ ᠬᠦᠨᠳᠦ ᠡᠪᠡᠳᠴᠢᠨ ᠠᠴᠠ ᠪᠤᠯᠵᠤ ᠶᠠᠳᠠᠭᠤᠷᠠᠬᠤ᠂ ᠲᠠᠬᠢᠨ ᠶᠠᠳᠠᠭᠤᠷᠠᠬᠤ᠂ ᠦᠢᠯᠡᠳᠪᠦᠷᠢᠯᠡᠯ ᠤᠨ ᠲᠤᠮᠳᠠ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠳᠤ ᠪᠤᠰᠤ ᠪᠠᠷ ᠨᠤᠳᠤᠭ ᠪᠡᠯᠴᠢᠭᠡᠷ ᠢᠶᠠᠨ ᠡᠪᠳᠡᠵᠦ ᠪᠠᠶᠢᠭ᠎ᠠ᠂ ᠭᠠᠴᠠᠭ᠎ᠠ ᠲᠤᠰᠬᠤᠨ ᠪᠤᠯᠭᠠᠨ ᠳᠤ ᠰᠤᠶᠤᠯ ᠤᠨ ᠦᠷᠦᠭᠡ ᠪᠠᠶᠢᠭᠤᠯᠤᠭᠰᠠᠨ ᠪᠤᠯᠪᠠᠴᠤ ᠤᠴᠢᠬᠤ ᠬᠦᠮᠦᠨ ᠴᠦᠭᠡᠨ ᠪᠠᠶᠢᠬᠤ ᠦᠵᠡᠭᠳᠡᠯ ᠨᠡᠶᠢᠳᠡᠮ ᠢᠯᠡᠷᠡᠵᠥ ᠪᠤᠢ᠃      ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠪᠦᠬᠦ ᠲᠠᠯ ᠎ᠠ ᠳᠤ ᠬᠤᠯᠪᠤᠭᠳᠠᠭᠰᠠᠨ ᠨᠠᠷᠢᠨ ᠪᠤᠳᠤᠯᠢᠶᠠᠨᠳᠠᠢ ᠰᠢᠰᠲ᠋ᠧᠮᠳᠦ ᠢᠨᠵᠧᠨᠧᠷᠢᠩ᠂ ᠤᠷᠳᠤ ᠬᠤᠭᠤᠴᠠᠭᠠᠨ ᠤ ᠬᠠᠳᠠᠭᠤᠵᠢᠯᠳᠠᠢ ᠡᠬᠦᠷᠭᠡ ᠮᠦᠨ ᠃ ᠲᠦᠷᠦ ᠶᠢᠨ ᠪᠤᠳᠤᠯᠭ᠎ᠠ ᠪᠠᠷ ᠲᠦᠰᠢᠭ ᠪᠤᠯᠭᠠᠵᠤ᠂ ᠵᠤᠬᠢᠶᠠᠨ ᠪᠠᠶᠢᠭᠤᠯᠤᠯᠳᠠ ᠪᠠᠷ ᠪᠠᠳᠤᠯᠠᠭ᠎ᠠ ᠪᠤᠯᠭᠠᠵᠤ᠂ ᠮᠠᠯᠴᠢᠨ ᠲᠠᠷᠢᠶᠠᠴᠢᠨ ᠤ ᠢᠲᠡᠪᠬᠢᠵᠢᠯ ᠢ ᠲᠠᠶᠢᠴᠢᠯᠠᠪᠠᠯ ᠤᠳᠤᠬᠢᠴᠢᠯᠠᠭᠰᠠᠨ᠂ ᠪᠠᠶᠠᠨ ᠴᠢᠨᠡᠭᠡᠯᠢᠭ᠂ ᠦᠵᠡᠰᠬᠦᠯᠡᠩᠳᠦ ᠰᠠᠶᠢᠬᠠᠨ ᠮᠠᠯᠵᠢᠬᠤ ᠲᠠᠷᠢᠶᠠᠯᠠᠬᠤ ᠤᠷᠤᠨ ᠤ ᠵᠢᠷᠤᠭᠯᠠᠯ ᠦᠨᠡᠨ ᠪᠤᠳᠠᠳᠤ ᠠᠬᠤᠢ ᠪᠤᠯᠬᠤ ᠨᠢ ᠲᠠᠮᠵᠢᠭ ᠦᠭᠡᠢ᠃
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ