ᠲᠤᠬᠳᠠᠮᠠᠯ ᠡᠮᠴᠢ ᠪᠠᠷ ᠡᠮᠴᠢᠯᠡᠬᠦᠯᠪᠠᠯ ᠦᠬᠦᠯᠳᠡ ᠶᠢᠨ ᠨᠤᠷᠮ᠎ᠠ ᠶᠢ ᠪᠠᠭᠤᠷᠠᠭᠤᠯᠵᠤ ᠪᠤᠯᠤᠨ᠎ᠠ
ᠨᠡᠶᠢᠲᠡᠯᠡᠭᠰᠡᠨ ᠴᠠᠭ᠄
2018-07-31
     ᠲᠤᠬᠳᠠᠮᠠᠯ ᠡᠮᠴᠢ ᠪᠠᠷ ᠡᠮᠴᠢᠯᠡᠬᠦᠯᠦᠭᠰᠡᠨ ᠡᠪᠡᠳᠴᠢᠳᠡᠨ ᠤ ᠦᠬᠦᠯᠳᠡ ᠶᠢᠨ ᠨᠤᠷᠮ᠎ᠠ ᠨᠢ ᠨᠡᠯᠢᠶᠡᠳ ᠲᠤᠤᠷ᠎ᠡ ᠬᠡᠳᠡᠭ ᠢ ᠠᠩᠭ᠍ᠯᠢ ᠶᠢᠨ ᠰᠢᠨᠵᠢᠯᠡᠬᠦ ᠤᠬᠠᠭᠠᠨᠳᠠᠨ ᠤ ᠨᠢᠭᠡᠨ ᠰᠢᠨ᠎ᠠ ᠰᠤᠳᠤᠯᠭᠠᠨ ᠳᠤ ᠢᠯᠡᠷᠡᠬᠦᠯᠵᠠᠢ᠃      ᠠᠩᠭ᠍ᠯᠢ ᠶᠢᠨ ᠡᠸ᠋ᠷᠰᠧᠲ᠋ᠧᠷ ᠶᠡᠭᠡ ᠰᠤᠷᠭᠠᠭᠤᠯᠢ ᠶᠢᠨ ᠰᠤᠳᠤᠯᠭᠠᠨ ᠤ ᠠᠵᠢᠯᠳᠠᠨ ᠠᠳᠠᠯᠢ ᠪᠤᠰᠤ ᠡᠮᠴᠢᠯᠡᠭᠡᠨ ᠤ ᠰᠢᠰᠲ᠋ᠧᠮ ᠲᠤᠤᠷᠡᠬᠢ 9 ᠤᠯᠤᠰ ᠪᠠ ᠭᠠᠵᠠᠷ ᠤᠷᠤᠨ ᠤ 22 ᠵᠦᠢᠯ ᠤᠨ ᠰᠤᠳᠤᠯᠭᠠᠨ ᠤ ᠲᠤᠭ᠎ᠠ ᠪᠠᠷᠢᠮᠳᠠ ᠳᠤ ᠵᠠᠳᠠᠯᠤᠯᠳᠡ ᠬᠢᠵᠤ᠂ ᠲᠡᠭᠡᠷᠡᠬᠢ ᠳ᠋ᠦᠩᠨᠡᠯᠳᠡ ᠶᠢ ᠠᠩᠬ᠎ᠠ ᠠᠯᠬᠤᠮ ᠤᠯᠤᠭᠰᠠᠨ ᠪᠠᠶᠢᠨ᠎ᠠ᠃ ᠡᠬᠦᠨ ᠳᠤ᠂ ᠦᠢᠷ᠎ᠠ ᠳᠤ ᠲᠤᠮᠳᠠᠳᠤ ᠤᠯᠤᠰ ᠤᠨ ᠲᠠᠶᠢᠸᠠᠨ ᠳᠤ ᠬᠢᠭᠰᠡᠨ 40 ᠲᠦᠮᠡᠨ ᠰᠢᠬᠢᠷ ᠰᠢᠵᠢᠩ ᠡᠪᠡᠳᠴᠢᠳᠠᠨ ᠢ ᠬᠠᠮᠤᠷᠤᠭᠰᠠᠨ ᠨᠢᠭᠡᠨ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠦᠷᠬᠦᠯᠵᠢ ᠡᠮᠴᠢ ᠰᠤᠯᠢᠵᠤ ᠡᠮᠴᠢᠯᠡᠬᠦᠯᠳᠡᠭ ᠡᠪᠡᠳᠴᠢᠳᠠᠨ ᠲᠠᠢ ᠬᠠᠷᠢᠴᠠᠭᠤᠯᠪᠠᠯ ᠤᠷᠳᠤ ᠬᠤᠭᠤᠴᠠᠭ᠎ᠠ ᠪᠠᠷ ᠠᠳᠠᠯᠢ ᠨᠢᠭᠡ ᠡᠮᠴᠢ ᠪᠠᠷ ᠡᠮᠴᠢᠯᠡᠬᠦᠯᠳᠡᠭ ᠡᠪᠡᠳᠴᠢᠳᠡᠨ ᠤ ᠦᠬᠦᠯᠳᠡ ᠎ ᠶᠢᠨ ᠨᠤᠷᠮ᠎ᠠ ᠨᠢ 50% ᠤᠷᠴᠢᠮ ᠪᠠᠭᠤᠷᠠᠳᠠᠭ ᠶᠤᠮ᠃ ᠠᠳᠡ ᠭᠡᠯᠡᠵᠤ ᠪᠠᠶᠢᠭ᠎ᠠ ᠲᠤᠬᠳᠠᠮᠠᠯ ᠡᠮᠴᠢ ᠶᠢᠨ ᠦᠷᠬᠦᠯᠵᠢᠯᠡᠬᠦ ᠴᠢᠨᠠᠷᠳᠠᠢ ᠡᠮᠴᠢᠯᠡᠭᠡ ᠨᠢ ᠭᠡᠷ ᠪᠦᠯᠢ ᠶᠢᠨ ᠡᠮᠴᠢ᠂ ᠶᠡᠷᠤᠩᠭᠡᠢ ᠰᠠᠯᠠᠭᠠᠨ ᠤ ᠡᠮᠴᠢ ᠳᠤ ᠬᠤᠯᠪᠤᠬᠳᠠᠨ᠂ ᠲᠤᠰᠬᠠᠢ ᠮᠡᠷᠭᠡᠵᠢᠯ ᠤᠨ ᠡᠪᠡᠳᠴᠢᠨ ᠡᠮᠭᠡᠭ᠂ ᠤᠶᠤᠨ ᠮᠡᠳᠡᠷᠡᠯ ‍ᠤᠨ‌ᠡᠪᠡᠳᠴᠢᠨ ᠪᠤᠯᠤᠨ ᠭᠠᠳᠠᠷ ᠡᠮᠨᠡᠯᠭᠡ ᠵᠡᠷᠭᠡ ᠬᠥᠷᠢᠶ᠎ᠡ ᠪᠠᠭᠳᠠᠨ᠎ᠠ᠃      ᠰᠤᠳᠤᠯᠭᠠᠨ ᠤ ᠠᠵᠢᠯᠳᠠᠨ ᠵᠢᠭᠠᠵᠤ ᠭᠠᠷᠭᠠᠭᠰᠠᠨ ᠨᠢ᠂ ᠠᠳᠠᠯᠢ ᠨᠢᠭᠡ ᠡᠮᠴᠢ ᠪᠠᠷ ᠡᠮᠴᠢᠯᠡᠬᠦᠯᠬᠦ ᠡᠪᠡᠳᠴᠢᠳᠠᠨ ᠎ ᠨᠢ ᠡᠮᠴᠢ ᠶᠢᠨ ᠵᠠᠬᠢᠶ᠎ᠠ ᠶᠢ ᠨᠡᠩ ᠴᠢᠩᠭ᠎ᠠ ᠵᠢᠷᠤᠮᠯᠠᠵᠤ᠂ ᠡᠭᠡᠯᠢᠯᠡᠭᠡ ᠵᠡᠷᠭᠡ ᠰᠡᠷᠭᠡᠶᠢᠯᠡᠬᠦ ᠴᠢᠨᠠᠷᠳᠠᠢ ᠡᠮᠴᠢᠯᠡᠭᠡ ᠶᠢᠨ ᠠᠷᠭ᠎ᠠ ᠬᠡᠮᠵᠢᠶ᠎ᠡ ᠶᠢ ᠨᠡᠩ ᠢᠳᠡᠪᠬᠢᠳᠠᠢ ᠬᠥᠯᠢᠶᠡᠵᠤ ᠲᠠᠶᠢᠯᠬᠦ ᠪᠦᠭᠡᠳ ᠡᠮᠨᠡᠬᠦᠯᠦᠭᠰᠡᠨ ᠦᠷ᠎ᠡ ᠳ᠋ᠦᠩ ᠳᠤ ᠨᠡᠩ ᠬᠠᠨᠤᠮᠵᠢᠳᠠᠢ ᠪᠤᠯᠬᠤ ᠶᠢᠨ ᠤᠯᠠᠮ ᠠᠴᠠ ᠬᠡᠷᠡᠭ ᠦᠭᠡᠢ ᠪᠠᠷ ᠡᠮᠨᠡᠯᠭᠡ ᠳᠤ ᠰᠠᠭᠤᠬᠤ ᠲᠤᠬᠢᠶᠠᠯᠳᠤᠮᠵᠢ ᠶᠢ ᠴᠦ ᠶᠡᠭᠡ ᠎ ᠪᠠᠷ ᠪᠠᠭᠤᠷᠠᠭᠤᠯᠵᠤ ᠪᠤᠯᠤᠨ᠎ᠠ᠃ ᠡᠪᠡᠳᠴᠢᠳᠠᠨ ᠦᠪᠡᠷ ᠤᠨ ᠰᠠᠶᠢᠨ ᠮᠡᠳᠡᠳᠡᠭ ᠪᠦᠭᠡᠳ ᠰᠠᠶᠢᠨ ᠬᠠᠷᠢᠴᠠᠭ᠎ᠠ ᠲᠠᠢ ᠡᠮᠴᠢ ᠪᠠᠷ ᠡᠮᠴᠢᠯᠡᠬᠦᠯᠪᠠᠯ ᠬᠤᠭᠤᠷᠤᠨᠳᠤ ᠪᠠᠨ ᠨᠡᠩ ᠰᠠᠶᠢᠨ ᠨᠡᠪᠳᠡᠷᠡᠯᠴᠡᠵᠤ᠂ ᠡᠮᠴᠢ ᠴᠦ ᠤᠯᠠᠨ ᠠᠷᠪᠢᠨ ᠮᠡᠳᠡᠭᠡ ᠵᠠᠩᠬᠢ ᠶᠢ ᠤᠯᠵᠤ ᠪᠤᠯᠤᠨ᠎ᠠ᠂ ᠴᠢᠨᠠᠭᠰᠢᠯᠠᠪᠠᠯ ᠵᠠᠷᠢᠮ ᠦᠶ᠎ᠡ ᠳᠤ ᠡᠪᠡᠳᠴᠢᠳᠠᠨ ᠤ ᠨᠡᠩ ᠨᠢᠭᠤᠴᠠ ᠪᠡᠶ᠎ᠡ ᠶᠢᠨ ᠪᠠᠶᠢᠳᠠᠯ ᠢ ᠦᠢᠯᠠᠭᠠᠵᠤ ᠮᠡᠳᠡᠬᠦ ᠶᠢᠨ ᠤᠯᠠᠮ ᠠᠴᠠ ᠡᠮᠴᠢ ᠶᠢᠨ ᠵᠠᠬᠢᠶ᠎ᠠ ᠶᠢ ᠨᠡᠩ ᠰᠠᠶᠢᠨ ᠬᠠᠩᠭᠠᠵᠤ᠂ ᠡᠪᠡᠳᠴᠢᠳᠠᠨ ᠎ ᠤ ᠪᠤᠳᠠᠳᠠᠢ ᠬᠡᠷᠡᠭᠴᠡᠭᠡ ᠳᠤ ᠶᠠᠪ ᠴᠠᠪ ᠨᠡᠶᠢᠴᠡᠭᠰᠡᠨ ᠡᠮᠨᠡᠬᠦ ᠲᠦᠰᠤᠯ ᠭᠠᠷᠭᠠᠵᠤ ᠴᠢᠳᠠᠨ᠎ᠠ᠃      ᠠᠩᠭ᠍ᠯᠢ ᠳᠤ᠂ ᠲᠤᠬᠳᠠᠮᠠᠯ ᠡᠮᠴᠢ ᠪᠠᠷ ᠡᠮᠴᠢᠯᠡᠬᠦᠯᠬᠦ ᠡᠪᠡᠳᠴᠢᠳᠠᠨ ᠤ ᠲᠤᠭ᠎ᠠ ᠨᠢ ᠦᠢᠷ᠎ᠠ ᠶᠢᠨ ᠵᠢᠯ ᠤᠳ ᠲᠤ ᠪᠠᠭᠤᠷᠠᠬᠤ ᠬᠠᠨᠳᠤᠰᠢ ᠲᠠᠢ ᠪᠤᠯᠵᠤ ᠪᠠᠶᠢᠨ᠎ᠠ᠃ ᠶᠡᠷᠤᠩᠭᠡᠢ ᠰᠠᠯᠠᠭᠠᠨ ᠤ ᠡᠮᠴᠢ ᠶᠢᠨ ᠬᠥᠷᠢᠶᠡᠨ ᠳᠤ᠂ ᠲᠤᠰ ᠬᠠᠷᠢᠴᠠᠯ ᠎ ᠨᠢ 5 ᠵᠢᠯ ᠤᠨ ᠲᠤᠳᠤᠷ᠎ᠠ 27%᠎ ᠪᠠᠷ ᠪᠠᠭᠤᠷᠠᠭᠰᠠᠨ ᠪᠠᠶᠢᠨ᠎ᠠ᠃ ᠲᠤᠰᠬᠠᠢ ᠮᠡᠷᠭᠡᠵᠢᠯᠳᠡᠨ ᠰᠠᠨᠠᠭᠤᠯᠤᠭᠰᠠᠨ ᠨᠢ᠂ ᠲᠤᠬᠳᠠᠮᠠᠯ ᠡᠮᠴᠢ ᠪᠠᠷ ᠡᠮᠴᠢᠯᠡᠬᠦᠯᠬᠦ ᠶᠢᠨ ᠰᠠᠶᠢᠨᠳᠠᠢ ᠲᠠᠯ᠎ᠠ ᠶᠢ ᠤᠷᠳᠤ ᠬᠤᠭᠤᠴᠠᠭ᠎ᠠ ᠪᠠᠷ ᠤᠮᠳᠤᠭᠠᠶᠢᠯᠠᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号