ᠡᠨᠡ ᠵᠢᠯ ᠨᠠᠰᠤᠵᠢᠯ ᠤᠨ ᠰᠠᠭᠤᠷᠢ ᠮᠥᠩᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢᠨ ᠨᠡᠮᠡᠭᠳᠡᠯ ᠎ ᠢ 25%᠎ ᠠᠴᠠ ᠳᠠᠪᠠᠭᠤᠯᠤᠨ᠎ᠠ
ᠨᠡᠶᠢᠲᠡᠯᠡᠭᠰᠡᠨ ᠴᠠᠭ᠄
2018-07-04
     ᠰᠤᠷᠪᠤᠯᠵᠢᠯᠠᠭᠴᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ   ᠶᠠᠮᠤᠨ ᠠᠴᠠ ᠣᠶᠢᠯᠠᠭᠠᠭᠰᠠᠨ ᠨᠢ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠶᠠᠮᠤᠨ   ᠬᠢᠭᠡᠳ ᠡᠳ᠋ ‍ᠦᠨ‌ᠵᠠᠰᠠᠭ ᠤᠨ ᠶᠠᠮᠤᠨ ᠣᠶᠢᠷ᠎ᠠ ᠶᠢᠨ ᠡᠳᠦᠷ ︽2018 ᠣᠨ ᠤ ᠪᠦᠬᠦ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠰᠤᠵᠢᠯ ᠤᠨ ᠰᠠᠭᠤᠷᠢ  ᠮᠦᠩᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾  ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠪᠦᠬᠦ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ  ᠰᠠᠭᠤᠷᠢ ᠮᠥᠩᠭᠦ ᠶᠢ ᠨᠢᠭᠡᠲᠦᠯᠲᠡᠢ ᠳᠡᠭᠡᠭᠰᠢᠯᠡᠭᠦᠯᠬᠦ ᠠᠵᠢᠯ ᠢ ᠡᠬᠢᠯᠡᠭᠦᠯᠵᠡᠢ᠃ ᠨᠠᠰᠤᠵᠢᠯ ᠤᠨ  ᠰᠠᠭᠤᠷᠢ ᠮᠦᠩᠭᠦ  ᠶᠢᠨ ᠨᠠᠭᠠᠳᠤ ᠵᠠᠬ᠎ᠠ ᠵᠢᠨ‌‍ᠪᠠᠷᠢᠮᠵᠢᠶ᠎ᠠ ᠶᠢ ᠬᠦᠮᠦᠨ ᠪᠦᠷᠢ ᠰᠠᠷ᠎ᠠ ᠶᠢᠨ 70 ᠲᠦᠭᠦᠷᠢᠭ ᠪᠠᠶᠢᠭᠰᠠᠨ ᠠᠴᠠ ᠳᠡᠭᠡᠭᠰᠢᠯᠡᠭᠦᠯᠵᠦ᠂ ᠬᠦᠮᠦᠨ ᠪᠦᠷᠢ ᠰᠠᠷ᠎ᠠ ᠶᠢᠨ 88 ᠲᠦᠭᠦᠷᠢᠭ ᠪᠣᠯᠭᠠᠵᠤ᠂ ᠨᠡᠮᠡᠭᠳᠡᠯ ᠤᠨ ᠬᠡᠮᠵᠢᠶ᠎ᠡ ᠨᠢ 25%᠎ ᠶᠢ ᠳᠠᠪᠠᠵᠠᠢ᠃              ᠣᠶᠢᠯᠠᠭᠠᠭᠰᠠᠨ ᠢᠶᠠᠷ᠂ ᠡᠨᠡ ᠪᠣᠯ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ  ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠢ ᠲᠣᠭᠲᠠᠭᠠᠬᠤ ᠪᠠ ᠨᠠᠰᠤᠵᠢᠯ ᠤᠨ ᠰᠠᠭᠤᠷᠢ ᠮᠦᠩᠭᠦ ᠶᠢᠨ ᠬᠡᠪ ᠤᠨ ᠲᠤᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠵᠢᠯᠣᠭᠤᠳᠬᠤ ᠰᠠᠨᠠᠯ︾᠎ ᠢ ᠳᠠᠷᠤᠮᠠᠯᠯᠠᠨ  ᠲᠠᠷᠬᠠᠭᠠᠭᠰᠠᠨ ᠤ  ᠳᠠᠷᠠᠭ᠎ᠠ ᠠᠩᠬ᠎ᠠ ᠤᠳᠠᠭ᠎ᠠ ᠳᠡᠭᠡᠭᠰᠢᠯᠡᠭᠦᠯᠬᠦ ᠬᠠᠷᠠᠯᠲᠠ ᠭᠠᠷᠭᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠶᠢᠨ ᠬᠡᠪ ᠤᠨ  ᠲᠣᠬᠢᠷᠠᠭᠤᠯᠬᠤ ᠲᠣᠭᠲᠠᠴᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠣᠶᠢᠷ᠎ᠠ ᠶᠢᠨ ᠵᠢᠯ ᠤᠨ ᠬᠤᠲᠠ ᠬᠥᠳᠡᠭᠡ ᠶᠢᠨ ᠰᠠᠭᠤᠭᠠᠯᠢ ᠶᠢᠨ ᠣᠷᠣᠯᠭ᠎ᠠ ᠶᠢᠨ ᠨᠡᠮᠡᠭᠳᠡᠯ᠂ ᠪᠠᠷᠠᠭᠠᠨ ᠤ  ᠬᠠᠩᠰᠢ ᠵᠢᠨ‌ᠬᠤᠪᠢᠷᠠᠯᠲᠠ ᠪᠠ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠲᠣᠬᠢᠷᠠᠭᠤᠯᠬᠤ ᠪᠠᠶᠢᠳᠠᠯ ᠢ ᠨᠢᠭᠡᠲᠦᠯᠲᠡᠢ ᠲᠥᠯᠥᠪᠯᠡᠨ ᠪᠣᠳᠣᠯᠬᠢᠯᠠᠵᠤ᠂ 2018 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠪᠦᠬᠦ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠰᠤᠵᠢᠯ ᠤᠨ ᠰᠠᠭᠤᠷᠢ ᠮᠦᠩᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠮᠦᠨ ᠪᠦᠷᠢ ᠳᠤ ᠰᠠᠷ᠎ᠠ ᠪᠣᠯᠭᠠᠨ 88 ᠲᠦᠭᠦᠷᠢᠭ ᠪᠤᠯᠭᠠᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠦᠩᠭᠦ ᠶᠢᠨ ᠲᠠᠯ᠎ᠠ ᠪᠠᠷ᠂ ᠲᠥᠪ ᠤᠨ ᠡᠳ᠋ ᠤᠨ ᠵᠠᠰᠠᠭ ᠠᠴᠠ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠨᠦᠬᠦᠪᠦᠷᠢ ᠶᠢ ᠵᠠᠭᠤᠨ ᠤ ᠵᠠᠭᠤ ᠪᠠᠷ ᠣᠯᠭᠤᠵᠤ᠂ᠵᠡᠭᠦᠨ ᠬᠡᠰᠡᠭ ᠤᠨ ᠭᠠᠵᠠᠷ ᠣᠷᠣᠨ ᠳᠤ 50%᠎ ᠶᠢᠨ ᠨᠦᠬᠦᠪᠦᠷᠢ ᠣᠯᠭᠤᠨ᠎ᠠ ᠭᠡᠵᠦ ︽ᠮᠡᠳᠡᠭᠳᠡᠯ︾᠎ ᠳᠤ ᠲᠣᠳᠣᠷᠬᠠᠶᠢᠯᠠᠪᠠ᠃      ᠳᠤᠷᠠᠳᠤᠭᠤᠰᠢᠲᠠᠢ ᠨᠢ᠂ ︽ᠮᠡᠳᠡᠭᠳᠡᠯ︾᠎ ᠳᠤ ᠪᠠᠰᠠ ᠡᠯ᠎ᠡ ᠭᠠᠵᠠᠷ ᠤᠨ ᠬᠢᠨ ᠲᠤᠬᠠᠢ ᠶᠢᠨ  ᠭᠠᠵᠠᠷ ᠤᠨ ᠳᠡᠭᠡᠭᠰᠢᠯᠡᠭᠦᠯᠦᠭᠰᠡᠨ ᠨᠠᠰᠤᠵᠢᠯ ᠤᠨ ᠰᠠᠭᠤᠷᠢ ᠮᠦᠩᠭᠦ ᠶᠢᠨ ᠪᠠᠷᠢᠮᠵᠢᠶ᠎ᠠ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠶᠢ ᠤᠷᠮᠠᠰᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠬᠤ ᠰᠠᠭᠤᠭᠠᠯᠢ ᠠᠷᠠᠳ ᠤᠨ ᠨᠡᠩ ᠦᠨᠳᠦᠷ ᠳᠡᠰ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠢᠳᠡᠪᠬᠢᠲᠡᠢ ᠬᠦᠲᠦᠯᠦᠨ᠂ ᠬᠤᠪᠢ ᠬᠦᠮᠦᠨ ᠤ ᠳᠠᠩᠰᠠᠨ ᠡᠷᠦᠬᠡ ᠶᠢᠨ ᠬᠤᠷᠠᠮᠳᠤᠭᠤᠯᠤᠯ ᠢ ᠨᠡᠮᠡᠭᠳᠡᠭᠦᠯᠵᠦ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠳᠥᠷᠢᠮ ᠤᠨ ᠦᠷᠭᠦᠯᠵᠢᠯᠡᠨ ᠬᠦᠭᠵᠢᠬᠦ ᠶᠢ ᠠᠬᠢᠭᠤᠯᠤᠨ᠎ᠠ ᠭᠡᠵᠦ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号