ᠨᠠᠷᠢᠨᠳᠣᠬᠤᠢ ᠪᠠᠯᠭᠠᠰᠤ ᠶᠢᠨ ᠨᠠᠮ ᠤᠨ ᠬᠤᠷᠢᠶ᠎ᠠ ᠭᠠᠴᠠᠭ᠎ᠠ ᠲᠤᠰᠬᠤᠨ᠂ ᠨᠡᠶᠢᠬᠡᠮ ᠲᠣᠭᠤᠷᠢᠭ ᠤᠨ | ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠲᠣᠬᠢᠷᠠᠭᠤᠯᠤᠯᠲᠠ ᠵᠢᠴᠢ ᠱᠠᠭᠠᠷᠳᠠᠯᠭ᠎ᠠ ᠶᠢ ᠦᠨᠳᠦᠰᠦᠯᠡᠨ᠂ | ᠪᠦᠷᠢᠳᠤ ᠶᠢᠨ ᠲᠣᠬᠤᠢ ᠲᠤᠰᠬᠤᠨ ᠤ ᠨᠠᠮ ᠤᠨ ᠡᠭᠦᠷ ᠤᠨ ᠬᠢᠨ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ | ᠴᠢᠩᠭᠠᠳᠬᠠᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ᠂ ᠪᠡᠯᠡᠳᠭᠡᠯ ᠠᠵᠢᠯ ᠢ ᠨᠠᠷᠢᠨ ᠬᠢᠨᠠᠮᠠᠭᠠᠢ | ᠬᠢᠬᠦ᠂ ᠰᠤᠩᠭᠠᠭᠤᠯᠢ ᠶᠢᠨ ᠶᠠᠪᠤᠴᠠ ᠶᠢ ᠲᠦᠷᠢᠮᠵᠢᠬᠦᠯᠬᠦ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ | ᠲᠡᠬᠦᠯᠳᠡᠷᠵᠢᠬᠦᠯᠬᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠳᠦ ᠶᠢ ᠴᠢᠩᠭ᠎ᠠ ᠰᠠᠬᠢᠬᠤ ᠵᠡᠷᠭᠡ ᠠᠷᠭ᠎ᠠ ᠬᠡᠮᠵᠢᠶ᠎ᠡ ᠶᠢ | ᠠᠪᠬᠤ ᠪᠠᠷ ᠲᠠᠮᠵᠢᠨ᠂ 6 ᠳ᠋ᠤᠭᠠᠷ ᠰᠠᠷ᠎ᠠ ᠶᠢᠨ 20 ᠤ ᠡᠳᠦᠷ ᠨᠠᠮ ᠤᠨ ᠡᠭᠦᠷ ᠤᠨ ᠬᠤᠭᠤᠴᠠᠭ᠎ᠠ ᠰᠣᠯᠢᠬᠤ | ᠰᠤᠩᠭᠤᠭᠤᠯᠢ ᠶᠢᠨ ᠬᠤᠷᠠᠯ ᠢ ᠬᠤᠷᠠᠯᠳᠤᠵᠤ᠂ ᠬᠤᠷᠠᠯ ᠤᠨ ᠶᠠᠪᠤᠴᠠ ᠪᠦᠬᠦᠨ ᠢ ᠳᠦᠷᠢᠮ ᠲᠤᠭᠳᠠᠭᠠᠯ ᠶᠣᠰᠤᠭᠠᠷ | ᠶᠠᠪᠤᠭᠳᠠᠭᠤᠯᠵᠤ᠂ ᠵᠤᠬᠢᠶᠠᠨ ᠪᠠᠶᠢᠭᠤᠯᠤᠯᠲᠠ᠂ ᠨᠠᠮ ᠤᠨ ᠬᠡᠰᠢᠬᠦᠨ ᠪᠠ ᠤᠯᠠᠨ ᠲᠦᠮᠡᠨ ᠤ ᠰᠡᠳᠬᠢᠯ ᠳᠤ | ᠬᠠᠩᠭᠠᠮᠵᠢᠳᠠᠢ ᠬᠢᠵᠦ ᠴᠢᠳᠠᠭᠰᠠᠨ ᠪᠠᠶᠢᠨ᠎ᠠ᠃ | ᠲᠤᠰ ᠤᠳᠠᠭᠠᠨ ᠤ ᠬᠤᠭᠤᠴᠠᠭ᠎ᠠ ᠰᠣᠯᠢᠬᠤ ᠰᠤᠩᠭᠤᠭᠤᠯᠢ ᠳᠤ᠂ 3 ᠨᠡᠷ᠎ᠡ ᠨᠠᠮ ᠤᠨ ᠡᠭᠦᠷ ᠤᠨ ᠬᠡᠰᠢᠬᠦᠨ᠂ | 1 ᠨᠡᠷ᠎ᠡ ᠱᠦᠵᠢ ᠶᠢ ᠰᠤᠩᠭᠤᠨ ᠭᠠᠷᠭᠠᠵᠦ᠂ ᠰᠤᠩᠭᠤᠭᠤᠯᠢ ᠶᠢᠨ ᠦᠷ᠎ᠡ ᠳ᠋ᠦᠡᠭ ᠨᠢ ᠦᠷᠭᠡᠨ ᠤᠯᠠᠨ ᠨᠠᠮ ᠤᠨ | ᠬᠡᠰᠢᠬᠦᠨ᠂ ᠲᠦᠯᠦᠭᠡᠯᠡᠭᠴᠢ ᠬᠢᠭᠡᠳ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠬᠠᠷᠠᠭᠤᠯᠵᠠᠢ᠃ | | | | |