ᠬᠤᠨᠢᠴᠢᠨᠭᠤᠤᠯ ᠪᠠᠯᠭᠠᠰᠤ ᠶᠢᠨ ᠭᠠᠵᠠᠷ ᠰᠢᠷᠤᠢ᠂ ᠪᠡᠯᠴᠢᠭᠡᠷ ᠨᠤᠲᠤᠭ ᠤᠨ ᠦᠮᠴᠢᠯᠡᠬᠦ ᠡᠷᠬᠡ ᠶᠢ ᠪᠠᠳᠤᠯᠠᠬᠤ ᠠᠵᠢᠯ ᠤᠷᠤᠭᠰᠢᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2018-07-09
    ᠬᠤᠨᠢᠴᠢᠨᠨᠭᠤᠤᠯ ᠪᠠᠯᠭᠠᠰᠤ ᠵᠢᠨ‌ᠭᠠᠵᠠᠷ ᠰᠢᠷᠤᠢ᠂ ᠪᠡᠯᠴᠢᠭᠡᠷ ᠨᠤᠲᠤᠭ ᠤᠨ ᠦᠮᠴᠢᠯᠡᠬᠦ ᠡᠷᠬᠡ ᠶᠢ ᠪᠠᠳᠤᠯᠠᠬᠤ ᠠᠵᠢᠯ ᠶᠠᠭ ᠢᠳᠡᠳᠡᠢ ᠶᠠᠪᠤᠭᠳᠠᠵᠤ᠂ ᠪᠠᠯᠭᠠᠰᠤᠨ ᠤ ᠪᠦᠬᠦ ᠺᠠᠳ᠋ᠷ ᠠᠵᠢᠯᠲᠠᠨ ᠭᠠᠵᠠᠷ ᠰᠢᠷᠤᠢ᠂ ᠨᠤᠲᠤᠭ ᠪᠡᠯᠴᠢᠭᠡᠷ ᠤᠨ ᠦᠮᠴᠢᠯᠡᠬᠦ ᠡᠷᠬᠡ ᠶᠢ ᠪᠠᠳᠤᠯᠠᠬᠤ ᠠᠵᠢᠯ ᠤᠨ ᠠᠬᠢᠴᠠ ᠶᠢ ᠠᠬᠢᠭᠤᠯᠵᠤ᠂ ᠦᠮᠴᠢᠯᠡᠬᠦ ᠡᠷᠬᠡ ᠶᠢ ᠪᠠᠳᠤᠯᠠᠬᠤ ᠠᠵᠢᠯ ᠢᠶᠠᠨ ᠴᠢᠨᠠᠷ ᠴᠢᠨᠰᠠᠭ᠎ᠠ ᠲᠠᠢ ᠪᠡᠶᠡᠯᠡᠬᠦᠯᠬᠦ ᠶᠢᠨ ᠲᠦᠯᠦᠭᠡ᠂ ᠪᠦᠯᠬᠦᠮᠳᠡᠨ ᠨᠢᠭᠳᠠᠷᠠᠵᠤ᠂ ᠦᠪᠡᠷ ᠦᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠤ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠲᠡᠰ ᠲᠠᠷᠠᠭ᠎ᠠ ᠶᠢ ᠴᠢᠩᠭ᠎ᠠ ᠠᠩᠬᠠᠷᠤᠨ ᠠᠵᠢᠯ ᠢᠶᠠᠨ ᠡᠷᠴᠢᠮᠳᠠᠢ ᠶᠠᠪᠤᠭᠳᠠᠭᠤᠯᠵᠤ ᠪᠠᠶᠢᠨ᠎ᠠ᠃      ᠡᠯ᠎ᠡ ᠲᠤᠰᠬᠤᠨ᠂ ᠬᠤᠷᠰᠢᠶ᠎ᠠ ᠦᠪᠡᠷ ᠤᠨ ᠪᠤᠳᠠᠳᠤ ᠪᠠᠶᠢᠳᠠᠯ ᠢᠶᠠᠨ ᠦᠨᠳᠦᠰᠦᠯᠡᠵᠦ᠂ ᠪᠤᠳᠠᠳᠤ ᠠᠰᠠᠭᠤᠳᠠᠯ ᠢ  ᠪᠤᠳᠠᠳᠠᠢ ᠪᠠᠷ ᠰᠢᠢᠳᠪᠦᠷᠢᠯᠡᠵᠦ᠂ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠷᠰᠢᠶᠠᠨ ᠤ ᠬᠡᠰᠢᠬᠦᠳ ᠤᠨ ᠬᠤᠷᠠᠯ ᠤᠨ ᠶᠠᠷᠢᠯᠴᠠᠬᠤ ᠪᠠᠷ ᠲᠠᠮᠵᠢᠨ᠂ ᠠᠵᠢᠯ ᠤᠨ ᠲᠦᠰᠦᠯ ᠢ ᠲᠤᠭᠳᠠᠭᠠᠪᠠ᠃ ᠣᠳᠣᠬᠠᠨ ᠳᠤ᠂  ᠮᠠᠨ ᠤ ᠪᠠᠯᠭᠠᠰᠤ ᠨᠢᠭᠡᠨᠲᠡ ᠲᠤᠰᠬᠤᠨ᠂ ᠬᠤᠷᠰᠢᠶᠠᠨ ᠤ ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠪᠠᠳᠤᠯᠠᠵᠤ ᠲᠠᠩᠰᠠᠯᠠᠨ ᠦᠨᠡᠮᠯᠡᠯ ᠲᠠᠷᠬᠠᠭᠠᠬᠤ ᠲᠦᠰᠦᠯ ᠢ ᠲᠤᠭᠳᠠᠭᠠᠬᠤ ᠪᠠ ᠭᠠᠵᠠᠷ ᠰᠢᠷᠤᠢ᠂ ᠨᠣᠳᠤᠭ ᠪᠡᠯᠴᠢᠭᠡᠷ ᠤᠨ ᠡᠷᠬᠡ ᠶᠢ  ᠪᠠᠳᠤᠯᠠᠬᠤ ᠠᠩᠬ᠎ᠠ ᠠᠯᠬᠤᠮ ᠤᠨ ᠢᠯᠡ ᠨᠡᠶᠢᠳᠡᠯᠡᠯ ᠢ ᠪᠡᠶᠡᠯᠡᠬᠦᠯᠦᠭᠰᠡᠨ ᠪᠠᠶᠢᠨ᠎ᠠ᠃ ᠭᠠᠵᠠᠷ ᠰᠢᠷᠤᠢ᠂ ᠨᠣᠳᠤᠭ ᠪᠡᠯᠴᠢᠭᠡᠷ ᠤᠨ ᠡᠷᠬᠡ ᠶᠢ ᠪᠠᠳᠤᠯᠠᠬᠤ ᠠᠩᠬ᠎ᠠ ᠠᠯᠬᠤᠮ ᠤᠨ ᠢᠯᠡ ᠨᠡᠶᠢᠳᠡᠯᠡᠯ ᠳᠤ᠂ ᠢᠯᠡ ᠨᠡᠶᠢᠳᠡᠯᠡᠯ ᠢ ᠲᠤᠰᠬᠤᠨ᠂ ᠡᠷᠦᠬᠡ ᠳᠤ ᠬᠦᠷᠭᠡᠵᠦ᠂ ᠮᠠᠯᠴᠢᠨ ᠲᠠᠷᠢᠶᠠᠴᠢᠨ ᠳᠤ ᠭᠠᠵᠠᠷ ᠰᠢᠷᠤᠢ᠂ ᠨᠤᠲᠤᠭ ᠪᠡᠯᠴᠢᠭᠡᠷ ᠤᠨ ᠡᠷᠬᠡ ᠶᠢ ᠪᠠᠳᠤᠯᠠᠬᠤ ᠪᠠᠶᠢᠳᠠᠯ ᠢ ᠦᠨᠡᠨᠬᠦ ᠣᠶᠢᠯᠠᠭᠠᠭᠤᠯᠵᠤ᠂ ᠦᠪᠡᠷ ᠤᠨ ᠭᠡᠷ ᠤᠨ ᠭᠠᠵᠠᠷ ᠰᠢᠷᠤᠢ᠂ ᠨᠣᠳᠤᠭ ᠪᠡᠯᠴᠢᠭᠡᠷ ᠤᠨ ᠪᠠᠶᠢᠳᠠᠯ ᠢ  ᠣᠶᠢᠯᠠᠭᠠᠵᠤ ᠮᠡᠳᠡᠬᠦ ᠶᠢᠨ ᠬᠠᠮᠲᠦ ᠬᠠᠷᠭᠤᠭᠤᠯᠤᠨ ᠦᠵᠡᠵᠤ ᠪᠣᠯᠣᠨ᠎ᠠ᠃ ᠲᠤᠰᠬᠤᠨ ᠤ ᠠᠷᠠᠳ ᠬᠠᠷᠭᠤᠭᠤᠯᠤᠨ ᠦᠵᠡᠭᠡᠳ ᠵᠦᠪ ᠪᠣᠯ ᠲᠤᠬᠠᠢ ᠶᠢᠨ ᠲᠠᠯᠠᠪᠠᠢ ᠳᠤ ᠭᠠᠷ ᠤᠨ ᠦᠰᠦᠭ ᠵᠢᠷᠤᠵᠤ᠂ ᠪᠤᠷᠤᠭᠤᠳᠠᠭᠰᠠᠨ ᠢ ᠲᠡᠮᠳᠡᠭᠯᠡᠨ ᠠᠪᠴᠦ᠂ ᠲᠠᠬᠢᠨ  ᠬᠡᠮᠵᠢᠯᠲᠡ ᠬᠢᠵᠦ᠂ ᠴᠠᠭ ᠲᠠᠷᠤᠢ ᠳᠤᠨᠢ ᠵᠠᠯᠠᠷᠠᠭᠤᠯᠤᠯᠲᠠ ᠬᠢᠨ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠦᠨᠡᠨᠬᠦ  ᠪᠠᠳᠤᠯᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号