| 6 ᠳ᠋ᠤᠭᠠᠷ ᠰᠠᠷ᠎ᠠ ᠶᠢᠨ 23 ᠠᠴᠠ 24 ᠤ ᠡᠳᠦᠷ ᠪᠣᠯᠳᠠᠯ᠎ᠠ᠂ ᠬᠤᠨᠢᠴᠢᠨᠭᠤᠤᠯ ᠪᠠᠯᠭᠠᠰᠤᠨ ᠳᠤ ᠡᠵᠡᠨ | ᠬᠤᠷᠤᠭ᠎ᠠ ᠬᠤᠰᠢᠭᠤᠨ ᠤ ᠶᠢᠰᠦᠳᠦᠭᠡᠷ ᠬᠤᠭᠤᠴᠠᠭᠠᠨ ᠤ ᠪᠠᠯᠭᠠᠰᠤᠨ ᠤ ᠳᠡᠰ ᠡᠬᠦᠳᠡᠨ ᠪᠦᠮᠪᠦᠭᠡ ᠶᠢᠨ | ᠤᠷᠢᠯᠭ᠎ᠠ ᠶᠢᠨ ᠤᠷᠤᠯᠳᠤᠭᠠᠨ ᠶᠠᠪᠤᠭᠳᠠᠭᠰᠠᠨ ᠪᠠᠶᠢᠨ᠎ᠠ᠃ | ᠲᠤᠰ ᠤᠳᠠᠭᠠᠨ ᠤ ᠡᠭᠦᠳᠡᠨ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠡᠵᠡᠨ ᠬᠤᠷᠤᠭ᠎ᠠ | ᠬᠤᠰᠢᠭᠤᠨ ᠤ ᠨᠠᠰᠤᠳᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠬᠡᠮᠯᠢᠭ ᠪᠣᠯᠣᠨ ᠬᠤᠨᠢᠴᠢᠨᠨᠭᠤᠤᠯ ᠪᠠᠯᠭᠠᠰᠤ ᠶᠢᠨ | ᠠᠷᠠᠳ ᠤᠨ ᠵᠠᠰᠠᠭ ᠤᠨ ᠣᠷᠳᠤᠨ ᠭᠤᠤᠯᠯᠠᠨ ᠡᠷᠬᠢᠯᠡᠵᠦ᠂ ᠬᠤᠰᠢᠭᠤᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ | ᠬᠤᠨᠢᠴᠢᠨᠨᠭᠤᠤᠯ ᠪᠠᠯᠭᠠᠰᠤ ᠶᠢᠨ ᠨᠠᠰᠤᠳᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠬᠡᠮᠯᠢᠭ᠂ ᠬᠤᠰᠢᠭᠤᠨ ᠤ ᠡᠭᠦᠳᠡᠨ | ᠪᠦᠮᠪᠦᠭᠡ ᠶᠢᠨ ᠨᠡᠶᠢᠬᠡᠮᠯᠢᠭ ᠲᠠᠭᠠᠭᠠᠴᠢᠯᠠᠨ ᠡᠷᠬᠢᠯᠡᠵᠡᠢ᠃ ᠵᠠᠰᠠᠭ ᠪᠠᠯᠭᠠᠰᠤ ᠶᠢᠨ ᠬᠤᠶᠠᠷ ᠡᠭᠦᠳᠡᠨ ᠪᠦᠮᠪᠦᠭᠡ ᠶᠢᠨ | ᠲᠦᠯᠦᠭᠡᠯᠡᠬᠦ ᠠᠩᠭᠢ ᠶᠢᠨ 12 ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠬᠤᠷᠴᠠ ᠰᠢᠷᠦᠬᠦᠨ ᠲᠡᠮᠡᠴᠡᠯᠳᠦᠭᠡᠨ | ᠢᠶᠠᠷ ᠲᠠᠮᠵᠢᠭᠠᠳ᠂ ᠪᠦᠬᠦ ᠲᠠᠮᠢᠷᠴᠢᠳ ᠤᠷᠤᠯᠳᠤᠭᠠᠨ ᠳᠤ ᠰᠢᠯᠢᠳᠡᠭ ᠬᠢᠷᠢ ᠪᠦᠳᠦᠮᠵᠢ ᠤᠯᠤᠭᠰᠠᠨ ᠪᠠᠶᠢᠨ᠎ᠠ᠃ | ᠵᠠᠰᠠᠭ ᠪᠠᠯᠭᠠᠰᠤ ᠶᠢᠨ ᠡᠭᠦᠳᠡᠨ ᠪᠦᠮᠪᠦᠭᠡ ᠶᠢᠨ ᠬᠤᠶᠠᠳᠤᠭᠠᠷ ᠲᠦᠯᠦᠭᠡᠯᠡᠬᠦ ᠠᠩᠭᠢ ᠲᠤᠰ ᠤᠳᠠᠭᠠᠨ ᠤ | ᠡᠭᠦᠳᠡᠨ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠲᠡᠷᠢᠬᠦᠨ ᠱᠠᠩᠨᠠᠯ ᠢ ᠬᠦᠷᠳᠡᠵᠡᠢ᠃ | ᠬᠠᠮᠤᠭ ᠰᠡᠬᠦᠯ ᠳᠤ᠂ ᠬᠤᠰᠢᠭᠤᠨ ᠤ ᠨᠡᠰᠤᠳᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠬᠡᠮᠯᠢᠭ ᠤᠨ | ᠲᠡᠷᠢᠬᠦᠯᠡᠭᠴᠢ ᠯᠢᠨ ᠲᠣᠣ ᠨᠦᠬᠦᠷ ᠤᠷᠤᠯᠳᠤᠭᠠᠨ ᠢ ᠳ᠋ᠦᠩᠨᠡᠬᠦ ᠳᠡᠭᠡᠨ᠂ ᠲᠤᠰ ᠤᠳᠠᠭᠠᠨ ᠤ ᠤᠷᠤᠯᠳᠤᠭᠠᠨ ᠳᠤ | ᠦᠨᠳᠦᠷ ᠦᠨᠡᠯᠡᠯᠲᠡ ᠦᠭᠴᠦ᠂ ᠪᠦᠬᠦ ᠬᠤᠰᠢᠭᠤᠨ ᠤ ᠡᠭᠦᠳᠡᠨ ᠪᠦᠮᠪᠦᠭᠡ ᠶᠢᠨ ᠬᠦᠭᠵᠢᠯᠲᠡ ᠳᠤ ᠰᠢᠨ᠎ᠡ ᠡᠷᠡᠮᠡᠯᠵᠡᠯ | ᠲᠠᠢ ᠲᠤᠷᠠᠳᠴᠦ᠂ ᠲᠤᠰ ᠤᠳᠠᠭᠠᠨ ᠤ ᠤᠷᠤᠯᠳᠤᠭᠠᠨ ᠢᠶᠠᠷ ᠬᠦᠳᠡᠯᠭᠡᠭᠴᠢ ᠬᠦᠴᠦᠨ ᠪᠣᠯᠭᠠᠵᠦ᠂ ᠤᠯᠠᠮ ᠨᠢᠭᠡ | ᠠᠯᠬᠤᠮ ᠡᠩᠨᠡᠭᠡ ᠪᠠᠨ ᠪᠤᠵᠠᠭᠠᠶᠢᠷᠠᠭᠤᠯᠵᠦ᠂ ᠮᠡᠷᠭᠡᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ ᠪᠦᠬᠦ | ᠬᠤᠰᠢᠭᠤᠨ ᠤ ᠡᠭᠦᠳᠡᠨ ᠪᠦᠮᠪᠦᠭᠡ ᠶᠢᠨ ᠲᠠᠮᠢᠷ ᠤᠨ ᠬᠦᠳᠡᠯᠭᠡᠭᠡᠨ ᠢ ᠰᠢᠨ᠎ᠡ ᠲᠡᠭᠲᠡᠷ ᠲᠤ ᠭᠠᠷᠭᠠᠬᠤ ᠪᠠᠷ ᠴᠢᠷᠮᠠᠶᠢᠬᠤ | ᠬᠡᠷᠡᠭᠳᠡᠢ ᠭᠡᠪᠡ᠃ |