ᠨᠠᠷᠢᠨᠳᠤᠬᠤᠢ ᠪᠠᠯᠭᠠᠰᠤ ᠵᠠᠬᠢᠳᠠᠯ ᠰᠣᠷᠪᠣᠯᠵᠢᠯᠠᠯᠭ᠎ᠠ ᠬᠢᠬᠦ ᠠᠷᠭ᠎ᠠ ᠵᠠᠮ ᠢ ᠳᠦᠷᠢᠮᠵᠢᠬᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-07-09
     ᠣᠯᠠᠨ ᠲᠦᠮᠡᠨ ᠤ ᠬᠠᠤᠯᠢ ᠶᠣᠰᠣᠭᠠᠷ ᠵᠠᠬᠢᠳᠠᠯ ᠰᠣᠷᠪᠤᠯᠵᠢᠯᠠᠭ᠎ᠠ ᠬᠢᠬᠦ ᠲᠠᠨᠢᠯᠲᠠ ᠶᠢ ᠦᠨᠡᠨᠬᠦ ᠴᠢᠩᠭᠠᠷᠠᠭᠤᠯᠵᠤ ᠂ ᠬᠠᠤᠯᠢ ᠶᠣᠰᠣᠨ ᠳᠤ ᠨᠡᠶᠢᠴᠡᠬᠦ ᠠᠷᠭ᠎ᠠ ᠵᠠᠮ ᠢᠶᠠᠷ ᠲᠠᠮᠵᠢᠨ ᠵᠦᠢ ᠶᠣᠰᠣᠨ ᠤ ᠬᠦᠰᠡᠯ ᠱᠠᠭᠠᠷᠳᠠᠯᠭ᠎ᠠ ᠪᠠᠨ ᠢᠯᠡᠳᠭᠡᠨ᠂ ᠡᠷᠬᠡ ᠪᠠᠨ ᠬᠠᠮᠠᠭᠠᠯᠠᠬᠤ ᠶᠢ ᠵᠠᠮᠴᠢᠯᠠᠨ ᠲᠠᠭᠠᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 2᠎ ᠤᠨ ᠡᠳᠦᠷ ᠤᠨ ᠦᠳᠡ ᠶᠢᠨ ᠡᠮᠦᠨ᠎ᠡ᠂ ᠨᠠᠷᠢᠨᠳᠣᠬᠤᠢ ᠪᠠᠯᠭᠠᠰᠤ ᠶᠢᠨ ᠶᠡᠷᠦᠩᠬᠡᠶᠢᠯᠡᠨ ᠵᠠᠰᠠᠵᠤ ᠴᠡᠭᠴᠡᠯᠡᠬᠦ ᠲᠥᠪ ᠤᠨ ᠬᠢᠨ ︽ᠴᠤᠭᠯᠠᠭ᠎ᠠ ᠮᠠᠶᠢᠮᠠᠢ ᠶᠢᠨ ᠡᠳᠦᠷ︾᠎ ᠢ ᠲᠣᠬᠢᠶᠠᠯᠳᠤᠭᠤᠯᠵᠤ᠂ ᠪᠠᠯᠭᠠᠰᠤᠨ ᠤ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠭᠠᠵᠠᠷ ᠵᠡᠷᠭᠡ ᠰᠠᠯᠠᠭ᠎ᠠ ᠮᠦᠴᠢᠷ ᠲᠠᠢ ᠬᠤᠯᠪᠣᠭᠠᠯᠠᠨ ᠪᠠᠯᠭᠠᠰᠤᠨ ᠤ ᠠᠭᠤᠳᠠᠮ ᠲᠠᠯᠠᠪᠠᠢ ᠳᠤ ᠲᠦᠪᠯᠡᠷᠡᠩᠬᠦᠢ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃ ᠠᠵᠢᠯᠯᠠᠭ᠎ᠠ ᠨᠢ ᠤᠬᠠᠭᠤᠯᠭ᠎ᠠ ᠶᠢᠨ ᠭᠠᠷ ᠠᠪᠤᠯᠭ᠎ᠠ  ᠲᠠᠷᠬᠠᠭᠠᠬᠤ ᠬᠢᠭᠡᠳ ᠲᠤᠬᠠᠢ ᠶᠢᠨ ᠲᠠᠯᠠᠪᠤᠷ ᠲᠤ ᠠᠰᠠᠭᠤᠯᠲᠠ ᠬᠠᠷᠢᠭᠤᠯᠬᠤ ᠵᠡᠷᠭᠡ ᠬᠡᠯᠪᠡᠷᠢ ᠪᠠᠷ ᠶᠠᠪᠤᠭᠳᠠᠵᠤ᠂ ᠭᠤᠣᠯᠳᠠᠭᠤ ᠵᠠᠬᠢᠳᠠᠯ ᠰᠣᠷᠪᠣᠯᠵᠢᠯᠠᠯᠭ᠎ᠠ ᠶᠢᠨ ᠢᠯᠡᠴᠢᠯᠡᠯᠲᠡ ᠶᠢᠨ ᠮᠡᠳᠡᠯᠭᠡ᠂ ᠬᠡᠷᠬᠢᠨ ᠵᠠᠬᠢᠳᠠᠯ ᠰᠣᠷᠪᠣᠯᠵᠢᠯᠠᠯᠭ᠎ᠠ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠠ ᠵᠠᠬᠢᠳᠠᠯ ᠰᠣᠷᠪᠣᠯᠵᠢᠯᠠᠯᠭ᠎ᠠ  ᠬᠢᠬᠦ ᠠᠵᠢᠯᠯᠠᠭ᠎ᠠ ᠶᠢ ᠲᠦᠷᠢᠮᠵᠢᠬᠦᠯᠬᠦ ᠲᠤᠬᠠᠢ ᠠᠭᠤᠯᠭ᠎ᠠ  ᠶᠢ ᠤᠯᠠᠨ ᠲᠦᠮᠡᠨ ᠳᠤ ᠦᠷᠭᠡᠨ ᠢᠶᠠᠷ ᠤᠬᠠᠭᠤᠯᠭ᠎ᠠ ᠬᠢᠪᠡ ᠃ ᠡᠬᠦᠨ ᠤ ᠬᠠᠮᠳᠤ ᠤᠯᠠᠨ ᠲᠦᠮᠡᠨ ᠳᠤ ︽ᠡᠵᠡᠨ ᠬᠤᠷᠤᠭ᠎ᠠ ᠵᠠᠬᠢᠳᠠᠯ ᠰᠣᠷᠪᠣᠯᠵᠢᠯᠠᠯᠭ᠎ᠠ︾᠎ ᠶᠢᠨ ᠸᠢᠴᠠᠲ ᠤᠨ ᠲᠠᠪᠴᠠᠩ ᠢ ᠬᠠᠩᠭᠠᠵᠤ᠂ ᠭᠠᠷ ᠤᠳᠠᠰᠤ ᠪᠠᠷ ᠵᠠᠬᠢᠳᠠᠯ ᠰᠤᠷᠪᠣᠯᠵᠢᠯᠠᠭ᠎ᠠ ᠬᠢᠵᠦ ᠪᠣᠯᠬᠤ ᠪᠣᠯᠭᠠᠪᠠ᠃ ᠠᠵᠢᠯᠯᠠᠭᠠᠨ ᠤ ᠬᠤᠭᠤᠴᠠᠭᠠᠨ ᠳᠤ᠂ ᠨᠡᠶᠢᠲᠡ 1500 ᠭᠠᠷᠤᠢ ᠬᠤᠪᠢ ᠤᠬᠠᠭᠤᠯᠭ᠎ᠠ ᠶᠢᠨ ᠭᠠᠷ ᠠᠪᠤᠯᠭ᠎ᠠ  ᠬᠢᠭᠡᠳ ᠬᠠᠤᠯᠢ ᠴᠠᠭᠠᠵᠠ ᠬᠠᠤᠯᠢ ᠳᠦᠷᠢᠮ ᠤᠨ ᠤᠬᠠᠭᠤᠯᠭ᠎ᠠ ᠶᠢᠨ  ᠬᠠᠭᠤᠳᠠᠰᠦ ᠶᠢ ᠲᠠᠷᠬᠠᠭᠠᠵᠤ᠂ 500 ᠭᠠᠷᠤᠢ ᠬᠦᠮᠦᠨ ᠤᠳᠠᠭ᠎ᠠ ᠶᠢᠨ ᠠᠰᠠᠭᠤᠨ ᠯᠠᠪᠯᠠᠯᠭ᠎ᠠ ᠶᠢ ᠬᠦᠯᠢᠶᠡᠨ ᠵᠣᠴᠢᠯᠡᠵᠤ᠂ ︽ᠡᠵᠡᠨ ᠬᠤᠷᠤᠭ᠎ᠠ ᠵᠠᠬᠢᠳᠠᠯ ᠰᠣᠷᠪᠣᠯᠵᠢᠯᠠᠯᠭ᠎ᠠ︾᠎ ᠶᠢᠨ ᠸᠢᠴᠠᠲ ᠤᠨ ᠲᠠᠪᠴᠠᠩ ᠢ 500 ᠭᠠᠷᠤᠢ ᠬᠦᠮᠦᠨ ᠤᠳᠠᠭ᠎ᠠ  ᠸᠢᠴᠡᠲ ᠲᠡᠭᠡᠨ ᠪᠠᠭᠤᠯᠭᠠᠭᠰᠠᠨ ᠪᠠᠶᠢᠨ᠎ᠠ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭᠠᠨ ᠢᠶᠠᠷ ᠲᠠᠮᠵᠢᠭᠠᠳ᠂ ᠤᠯᠠᠨ ᠲᠦᠮᠡᠨ ᠢ ᠬᠠᠤᠯᠢ ᠳᠤ ᠨᠡᠶᠢᠴᠡᠬᠦ ᠵᠦᠢ ᠵᠤᠬᠢᠰᠳᠡᠢ ᠬᠦᠰᠡᠯ ᠱᠠᠭᠠᠷᠳᠠᠯᠭ᠎ᠠ ᠪᠠᠨ ᠢᠯᠡᠳᠭᠡᠬᠦ ᠶᠢ ᠢᠳᠡᠪᠬᠢᠳᠡᠢ ᠵᠠᠮᠴᠢᠯᠠᠨ ᠲᠠᠭᠠᠭᠤᠯᠵᠤ᠂ ᠪᠦᠬᠦ ᠪᠠᠯᠭᠠᠰᠤᠨ ᠤ ᠰᠠᠭᠤᠭᠠᠯᠢ ᠠᠷᠠᠳ ᠲᠤ ᠬᠠᠤᠯᠢ ᠶᠤᠰᠤᠭᠠᠷ ᠵᠠᠬᠢᠳᠠᠯ ᠰᠣᠷᠪᠣᠯᠵᠢᠯᠠᠭ᠎ᠠ ᠬᠢᠬᠦ ᠴᠢᠬᠤᠯᠠ ᠴᠢᠨᠠᠷ ᠢ ᠨᠡᠩ ᠬᠦᠨᠵᠡᠭᠡᠢ  ᠣᠶᠢᠯᠠᠭᠠᠭᠤᠯᠵᠠᠢ᠃ ᠨᠢᠭᠡ ᠪᠦᠯᠦᠭ ᠵᠦᠢ ᠶᠣᠰᠣᠨ ᠤ ᠪᠣᠰᠤ ᠬᠦᠰᠡᠯ ᠱᠠᠭᠠᠷᠳᠠᠯᠭ᠎ᠠ ᠲᠤᠷᠠᠳᠤᠭᠰᠠᠨ ᠤᠯᠠᠨ ᠲᠦᠮᠡᠨ ᠢ  ᠪᠤᠳᠠᠳᠤ ᠪᠠᠶᠢᠳᠠᠯ ᠢ ᠨᠢ ᠦᠨᠳᠦᠰᠦᠯᠡᠨ ᠲᠤᠰᠪᠦᠷᠢ ᠰᠢᠢᠳᠪᠦᠷᠢᠯᠡᠯᠲᠡ ᠬᠢᠪᠡ᠃ ᠵᠦᠢ ᠶᠣᠰᠣᠨ ᠤ ᠪᠣᠰᠤ ᠬᠦᠰᠡᠯ ᠱᠠᠭᠠᠷᠳᠠᠯᠭ᠎ᠠ ᠲᠤᠷᠠᠳᠤᠭᠰᠠᠳ ᠲᠤ ᠬᠦᠮᠦᠵᠢᠯ ᠪᠠ ᠲᠠᠶᠢᠯᠪᠦᠷᠢᠯᠡᠯ ᠬᠢᠬᠦ ᠠᠷᠭ᠎ᠠ ᠶᠢ ᠬᠡᠷᠡᠭᠯᠡᠵᠦ᠂ ᠶᠣᠰᠣ ᠪᠣᠰᠤ ᠬᠦᠰᠡᠯ ᠱᠠᠭᠠᠷᠳᠠᠯᠭ᠎ᠠ ᠲᠤᠷᠠᠳᠤᠭᠰᠠᠨ ᠪᠣᠯᠪᠠᠴᠦ ᠠᠮᠢᠳᠤᠷᠠᠯ ᠦᠨᠡᠨᠬᠦ ᠬᠦᠴᠢᠷᠳᠡᠯᠳᠡᠢ ᠳᠤᠨᠢ ᠬᠦᠴᠢᠷᠳᠡᠯ ᠢ ᠨᠢ ᠰᠢᠢᠳᠪᠦᠷᠢᠯᠡᠨ ᠦᠭᠴᠦ᠂ ᠨᠢᠭᠡ ᠪᠦᠯᠦᠭ ᠶᠣᠰᠣ ᠪᠣᠰᠤ ᠰᠣᠷᠪᠣᠯᠵᠢᠯᠠᠭ᠎ᠠ ᠬᠢᠭᠰᠡᠳ ᠲᠤ ᠦᠵᠡᠯ ᠰᠠᠨᠠᠭᠠᠨ ᠤ ᠬᠦᠮᠦᠵᠢᠯ ᠪᠠ ᠬᠠᠤᠯᠢ ᠳᠦᠷᠢᠮ ᠤᠨ ᠬᠦᠮᠦᠵᠢᠯ ᠬᠢᠬᠦ ᠶᠢ ᠴᠢᠩᠭᠠᠳᠬᠠᠨ᠂ ᠬᠠᠤᠯᠢ ᠶᠣᠰᠤᠭᠠᠷ ᠵᠣᠬᠢᠰᠳᠡᠢ ᠰᠢᠢᠳᠪᠦᠷᠢᠯᠡᠪᠡ᠃ ᠵᠠᠬᠢᠳᠠᠯ ᠰᠣᠷᠪᠣᠯᠵᠢᠯᠠᠭ᠎ᠠ ᠬᠢᠬᠦ ᠠᠷᠭ᠎ᠠ ᠵᠠᠮ ᠢ ᠤᠬᠠᠭᠤᠯᠬᠤ ᠠᠵᠢᠯᠯᠠᠭ᠎ᠠ ᠪᠠᠷ ᠲᠠᠮᠵᠢᠭᠠᠳ᠂ ᠤᠯᠠᠨ ᠲᠦᠮᠡᠨ ᠤ ︽ᠬᠠᠤᠯᠢ ᠶᠣᠰᠣᠭᠠᠷ ᠵᠠᠬᠢᠳᠠᠯ ᠰᠣᠷᠪᠣᠯᠵᠢᠯᠠᠭ᠎ᠠ ᠬᠢᠬᠦ︾ ᠲᠠᠨᠢᠯᠲᠠ ᠶᠢ ᠲᠡᠭᠡᠭᠰᠢᠯᠡᠬᠦᠯᠦᠨ᠂ ᠣᠯᠠᠨ ᠲᠦᠮᠡᠨ ᠬᠠᠣᠯᠢ ᠶᠣᠰᠣᠭᠠᠷ ᠤᠴᠢᠷ ᠶᠠᠪᠤᠳᠠᠯ ᠰᠢᠢᠳᠪᠦᠷᠢᠯᠡᠬᠦ᠂ ᠵᠦᠷᠢᠴᠡᠯ ᠮᠥᠷᠬᠦᠯᠳᠦᠭᠡᠨ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠵᠠᠬᠢᠳᠠᠯ ᠰᠣᠷᠪᠣᠯᠵᠢᠯᠠᠭ᠎ᠠ ᠶᠢᠨ ᠣᠷᠴᠢᠨ ᠲᠤᠭᠤᠷᠢᠨ ᠢ ᠪᠦᠷᠢᠯᠳᠦᠬᠦᠯᠵᠦ ᠴᠢᠳᠠᠭᠰᠠᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号