ᠥᠪᠥᠷ ᠮᠣᠩᠭᠤᠯ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠦᠨᠳᠦ ᠡᠪᠡᠳᠴᠢᠨ ᠢ ᠲᠥᠪᠯᠡᠷᠡᠭᠦᠯᠦᠨ  ᠠᠪᠤᠷᠠᠨ ᠡᠮᠨᠡᠬᠦ ᠡᠪᠡᠳᠴᠢᠨ ᠤ ᠵᠦᠢᠯ ᠢ 14 ᠵᠦᠢᠯ ᠪᠣᠯᠭᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2018-07-09
     ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠦᠨᠳᠦ ᠡᠪᠡᠳᠴᠢᠨ ᠢ  ᠲᠥᠪᠯᠡᠷᠡᠭᠦᠯᠦᠨ ᠠᠪᠤᠷᠠᠨ ᠡᠮᠨᠡᠬᠦ ᠶᠢ ᠪᠡᠶᠡᠯᠡᠭᠦᠯᠬᠦ ᠪᠣᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ  ᠴᠢᠬᠤᠯᠠ ᠠᠷᠭ᠎ᠠ ᠪᠠᠷᠢᠯ ᠮᠦᠨ᠂ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠰᠢᠭ ᠢ ᠤᠯᠠᠨ  ᠲᠦᠮᠡᠨ ᠳᠤ ᠬᠦᠷᠲᠡᠭᠡᠬᠦ᠂ ᠠᠷᠠᠳ ᠤᠯᠠᠨ ᠤ ᠬᠦᠷᠲᠡᠭᠡᠮᠵᠢ ᠶᠢᠨ ᠮᠡᠳᠡᠷᠡᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ  ᠬᠡᠮᠵᠢᠶ᠎ᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠲᠤ ︽ᠲᠦᠷᠪᠡ ᠶᠢ ᠲᠣᠭᠲᠠᠭᠠᠵᠤ  ᠬᠤᠶᠠᠷ ᠢ ᠴᠢᠩᠭᠠᠳᠬᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠪᠠᠰᠤ  ᠵᠣᠬᠢᠬᠤ ᠶᠢ ᠨᠢ ᠴᠦᠮ ᠵᠠᠰᠠᠬᠤ ᠵᠠᠷᠴᠢᠮ ᠶᠣᠰᠣᠭᠠᠷ᠂ ᠨᠢᠭᠡᠨᠲᠡ ᠬᠢᠨᠠᠨ ᠬᠠᠷᠭᠤᠭᠤᠯᠵᠤ ᠵᠥᠪᠰᠢᠶᠡᠷᠡᠭᠰᠡᠨ  ᠬᠤᠳᠣᠭᠤᠳᠣᠨ ᠥᠮᠡᠨ᠂ ᠤᠯᠠᠭᠠᠨ ᠬᠤᠭᠤᠯᠠᠶ ᠶᠢᠨ ᠥᠮᠡᠨ ᠪᠠ ᠬᠡᠦᠭᠡᠳ ᠤᠨ ᠲᠥᠷᠥᠯᠬᠢ ᠵᠢᠷᠦᠬᠡᠨ ᠡᠪᠡᠳᠴᠢᠨ  ᠵᠡᠷᠭᠡ 9 ᠵᠦᠶ᠋ᠯ ᠤᠨ ᠬᠦᠨᠳᠦ ᠡᠪᠡᠳᠴᠢᠲᠡᠨ ᠢ 2018 ᠣᠨ ᠳᠤ ᠪᠦᠬᠦᠨ ᠢ ᠠᠪᠤᠷᠠᠨ ᠡᠮᠨᠡᠬᠦ ᠶᠢ ᠱᠠᠭᠠᠷᠳᠠᠪᠠ᠃  ᠦᠢᠷ᠎ᠠ ᠳᠤ᠂ ᠠᠭᠤᠰᠬᠢᠨ ᠤ ᠥᠮᠡᠨ᠂ ᠬᠦᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠨ ᠤ ᠥᠮᠡᠨ᠂  ᠬᠡᠦᠬᠡᠳ ᠤᠨ ᠬᠠᠪᠤᠳᠠᠷ ᠪᠣᠯᠤᠨ ᠠᠭᠤᠰᠬᠢ ᠲᠣᠭᠤᠰᠣᠳᠠᠯ ᠵᠡᠷᠭᠡ 5 ᠬᠦᠨᠳᠦ ᠡᠪᠡᠳᠴᠢᠨ ᠢ ᠲᠥᠪᠯᠡᠷᠡᠭᠦᠯᠦᠨ  ᠠᠪᠤᠷᠠᠨ ᠡᠮᠨᠡᠬᠦ ᠶᠢ ᠰᠢᠨ᠎ᠡ ᠪᠠᠷ ᠨᠡᠮᠡᠵᠦ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠳᠤ  ᠨᠡᠶᠢᠳᠡᠮ ᠪᠦᠷᠬᠦᠭᠦᠯᠬᠦ ᠪᠠᠷ ᠪᠣᠯᠪᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠦᠨᠳᠦ ᠡᠪᠡᠳᠴᠢᠨ ᠢ ᠠᠪᠤᠷᠠᠨ  ᠵᠠᠰᠠᠬᠤ ᠡᠪᠡᠳᠴᠢᠨ ᠤ ᠵᠦᠢᠯ 14 ᠵᠦᠢᠯ ᠳᠤ ᠬᠦᠷᠪᠡ᠃            ︽2018 ᠣᠨ ᠤ ᠪᠦᠬᠦ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠬᠦᠲᠦᠯᠪᠦᠷᠢ︾ ᠎ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠪᠦᠬᠦ ᠣᠷᠣᠨ ᠳᠤ ᠬᠦᠨᠳᠦ ᠡᠪᠡᠳᠴᠢᠨ ᠪᠠ ᠤᠵᠢᠭ ᠡᠪᠡᠳᠴᠢᠨ ᠢ  ᠲᠥᠷᠥᠯ ᠬᠤᠪᠢᠶᠠᠨ ᠠᠪᠤᠷᠠᠨ ᠡᠮᠨᠡᠬᠦ ᠶᠢ ᠬᠡᠷᠡᠭᠵᠢᠭᠦᠯᠦᠨ᠂ ᠶᠠᠳᠠᠭᠤ ᠬᠦᠴᠢᠷᠳᠡᠯ ᠲᠠᠢ ᠬᠥᠮᠦᠨ ᠡᠪᠡᠳᠴᠢᠨ ᠢᠶᠠᠨ  ᠰᠠᠶᠢᠨ ᠡᠮᠨᠡᠭᠦᠯᠵᠦ ᠴᠢᠳᠠᠬᠤ ᠪᠣᠯᠣᠨ᠎ᠠ᠃ ᠡᠭᠦᠨ ᠤ ᠵᠡᠷᠭᠡᠴᠡᠭᠡᠪᠡᠷ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ  ᠬᠦᠴᠢᠷᠳᠡᠯ ᠲᠠᠢ ᠬᠥᠮᠦᠨ ᠠᠮᠠ ᠶᠢᠨ ᠬᠤᠰᠢᠭᠤ ᠰᠢᠶᠠᠨ ᠤ ᠬᠡᠪᠴᠢᠶᠡᠨ ᠳᠡᠭᠡᠨ ᠡᠮᠨᠡᠯᠭᠡ ᠳᠤ ᠰᠠᠭᠤᠨ  ᠡᠮᠴᠢᠯᠡᠭᠦᠯᠬᠦ ᠳᠤᠨᠢ ︽ᠤᠷᠢᠳᠠᠪᠠᠷ ᠡᠮᠨᠡᠭᠦᠯᠵᠦ ᠰᠡᠭᠦᠯᠡᠷ ᠰᠦᠢᠳᠬᠡᠯ ᠲᠤᠰᠢᠶᠠᠬᠤ︾ ᠪᠠ ᠡᠯ᠎ᠡ ᠵᠦᠢᠯ ᠤᠨ ᠡᠮ  ᠡᠮᠨᠡᠯᠭᠡ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ︽ᠨᠢᠭᠡ ᠯᠡ ᠥᠷᠲᠡᠭᠡ︾᠎ ᠪᠠᠷ ᠴᠠᠭ ᠲᠤᠬᠠᠶ ᠳᠤᠨᠢ  ᠳ᠋ᠦᠩᠨᠡᠨ ᠪᠤᠳᠣᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠳᠠᠩᠰᠠ  ᠲᠠᠶᠢᠯᠬᠤ ᠮᠡᠳᠡᠭᠡ ᠵᠠᠩᠭᠢ ᠶᠢᠨ ᠰᠢᠰᠲ᠋ᠧᠮ ᠪᠣᠯᠣᠨ ᠮᠥᠩᠭᠦ ᠶᠢ ᠤᠷᠢᠳᠴᠢᠯᠠᠨ ᠰᠠᠯᠭᠠᠨ ᠥᠭᠬᠦ᠂ ᠲᠣᠭᠲᠠᠮᠠᠯ  ᠬᠤᠭᠤᠴᠠᠭ᠎ᠠ ᠲᠠᠢ ᠪᠠᠷ ᠬᠠᠮᠲᠤᠷᠠᠨ ᠬᠢᠨᠠᠬᠤ᠂ ᠨᠢᠭᠡᠳᠦᠯᠲᠡᠶ ᠳ᠋ᠦᠩᠨᠡᠨ ᠪᠤᠳᠦᠬᠤ ᠵᠡᠷᠭᠡ ᠠᠷᠭ᠎ᠠ ᠬᠡᠮᠵᠢᠶ᠎ᠡ ᠠᠪᠴᠤ᠂  ᠶᠡᠷᠦᠩᠬᠡᠶᠢᠯᠡᠭᠰᠡᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ︽ᠨᠢᠭᠡ ᠯᠡ ᠥᠷᠲᠡᠭᠡ︾᠎ ᠪᠠᠷ ᠳ᠋ᠦᠩᠨᠡᠨ ᠪᠤᠳᠤᠬᠤ ᠶᠢ  ᠪᠡᠶᠡᠯᠡᠭᠦᠯᠦᠨ᠎ᠡ᠃ ᠤᠵᠢᠭ ᠴᠢᠨᠠᠷᠲᠠᠶ ᠡᠪᠡᠳᠴᠢᠨ ᠳᠤ ᠦᠢᠯᠡᠴᠢᠯᠡᠭᠡ ᠬᠠᠮᠢᠶᠠᠷᠤᠯᠲᠠ ᠶᠢᠨ ᠭᠡᠷ᠎ᠡ ᠲᠣᠭᠲᠠᠬᠤ ᠠᠵᠢᠯ ᠢ  ᠪᠦᠬᠦ ᠲᠠᠯ᠎ᠠ ᠪᠠᠷ ᠰᠠᠶᠢᠲᠤᠷ ᠬᠢᠵᠦ᠂ ᠭᠡᠷᠡᠲᠦ ᠦᠢᠯᠡᠴᠢᠯᠡᠭᠡᠨ ᠤ ᠠᠭᠤᠯᠤᠭᠳᠠᠬᠤᠨ ᠪᠠ ᠬᠠᠮᠢᠶᠠᠷᠤᠯᠲᠠ ᠶᠢᠨ ᠪᠣᠳᠠᠲᠤ  ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯ ᠲᠠᠢ ᠤᠵᠢᠭ ᠡᠪᠡᠳᠴᠢᠲᠡᠨ ᠨᠢ ᠬᠤᠶᠠᠳᠤᠭᠠᠷ  ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠠᠷ ᠣᠨᠣᠰᠢᠯᠠᠭᠤᠯᠤᠭᠠᠳ᠂ ᠡᠭᠦᠳᠡᠨ ᠡᠮᠨᠡᠯᠭᠡ ᠳᠤ ᠡᠮᠨᠡᠭᠦᠯᠬᠦ  ᠴᠢᠬᠤᠯᠠᠲᠠᠶ ᠪᠣᠯ ᠡᠮ ᠬᠦᠷᠭᠡᠵᠦ ᠥᠭᠬᠦ ᠡᠮ ᠨᠠᠶᠢᠷᠠᠭᠤᠯᠵᠤ ᠥᠭᠬᠦ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ  ᠬᠠᠷᠠᠭᠠᠯᠵᠠᠯ ᠢ ᠬᠦᠷᠲᠡᠨ᠎ᠡ᠃ ᠶᠠᠳᠠᠭᠤ ᠬᠦᠴᠢᠷᠳᠡᠯ ᠲᠠᠢ ᠤᠵᠢᠭ ᠴᠢᠨᠠᠷᠲᠠᠢ ᠡᠪᠡᠳᠴᠢᠲᠡᠨ ᠳᠤ ︽ᠡᠮ ᠬᠦᠷᠭᠡᠵᠦ ᠡᠮ  ᠨᠠᠶᠢᠷᠠᠭᠤᠯᠵᠤ ᠥᠭᠬᠦ ᠡᠷᠡᠭᠦᠯ ᠮᠡᠨᠳᠦ ᠶᠢᠨ ᠬᠥᠮᠥᠵᠢᠯ ᠬᠢᠬᠦ︾ ᠠᠵᠢᠯ ᠢ ᠤᠯᠠᠮ ᠵᠢᠷᠤᠮᠵᠢᠭᠤᠯᠤᠨ  ᠨᠠᠶᠢᠳᠠᠪᠤᠷᠢᠵᠢᠭᠤᠯᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠡᠷ ᠪᠦᠯᠢ ᠶᠢᠨ  ᠡᠮᠴᠢ ᠯᠦᠭᠡ ᠶᠢᠨ ᠭᠡᠷᠡᠲᠦ ᠦᠢᠯᠡᠴᠢᠯᠡᠭᠡᠨ ᠤ ᠲᠦᠷᠤ ᠶᠢᠨ ᠪᠤᠳᠤᠯᠭ᠎ᠠ ᠶᠢ ᠨᠡᠶᠢᠳᠡᠮ ᠬᠡᠷᠡᠭᠵᠢᠭᠦᠯᠵᠦ᠂ ᠭᠡᠷ᠎ᠡ  ᠲᠣᠭᠲᠠᠭᠰᠠᠨ ᠤ ᠳᠠᠷᠠᠭᠠᠬᠢ ᠦᠢᠯᠡᠴᠢᠯᠡᠭᠡᠨ ᠤ ᠭᠦᠢᠴᠡᠳᠬᠡᠬᠦ ᠨᠤᠷᠮ᠎ᠠ ᠶᠢ 100%᠎ ᠳᠤ ᠬᠦᠷᠦᠭᠦᠯᠦᠨ᠎ᠡ᠃      ᠣᠶᠢᠯᠠᠭᠠᠭᠰᠠᠨ ᠢᠶᠠᠷ᠂ ᠬᠢᠨᠠᠨ ᠬᠠᠷᠭᠤᠭᠤᠯᠤᠨ ᠵᠥᠪᠰᠢᠶᠡᠷᠡᠭᠰᠡᠨ ᠬᠥᠳᠡᠭᠡ ᠲᠣᠰᠬᠤᠨ ᠤ ᠶᠠᠳᠠᠭᠤ  ᠬᠦᠴᠢᠷᠳᠡᠯ ᠲᠠᠢ ᠬᠥᠮᠦᠨ ᠠᠮᠠ ᠶᠢᠨ ᠲᠣᠲᠤᠷᠠᠬᠢ 2018 ᠣᠨ ᠳᠤ ᠠᠪᠤᠷᠠᠨ ᠡᠮᠨᠡᠬᠦ ᠶᠢ ᠪᠡᠶᠡᠯᠡᠭᠦᠯᠬᠦ 9 ᠵᠦᠢᠯ ᠤᠨ  ᠡᠪᠡᠳᠴᠢᠨ ᠡᠮᠭᠡᠭ ᠲᠤ᠄ ᠬᠡᠦᠬᠡᠳ ᠤᠨ ᠲᠥᠷᠥᠯᠬᠢ ᠵᠢᠷᠦᠬᠡᠨ ᠲᠣᠰᠬᠤᠭᠤᠷ ᠤᠨ ᠲᠠᠰᠤᠯᠤᠪᠴᠢ ᠲᠤᠲᠠᠭᠤᠳᠠᠯ᠂  ᠬᠡᠦᠬᠡᠳ ᠤᠨ ᠲᠥᠷᠥᠯᠬᠢ ᠵᠢᠷᠦᠬᠡᠨ ᠬᠤᠪᠳᠤᠯ ᠤᠨ ᠲᠠᠰᠤᠯᠤᠪᠴᠢ ᠲᠤᠲᠠᠭᠤᠳᠠᠯ᠂ ᠬᠡᠦᠬᠡᠳ ᠤᠨ ᠲᠦᠷᠭᠡᠨ ᠴᠢᠨᠠᠷᠲᠤ  ᠯᠢᠮᠪᠠ ᠡᠰᠲᠦ ᠴᠢᠰᠤ ᠴᠠᠶᠢᠬᠤ ᠡᠪᠡᠳᠴᠢᠨ᠂ ᠬᠡᠦᠬᠡᠳ ᠤᠨ ᠲᠦᠷᠭᠡᠨ ᠴᠢᠨᠠᠷᠲᠤ ᠠᠩᠬᠠᠨ ᠤ ᠪᠠᠯᠴᠢᠷ ᠮᠥᠬᠦᠯᠢᠭ  ᠡᠰᠲᠦ ᠴᠢᠰᠤ ᠴᠠᠶᠢᠬᠤ ᠡᠪᠡᠳᠴᠢᠨ᠂ ᠤᠯᠠᠭᠠᠨ ᠬᠤᠭᠤᠯᠠᠶ ᠶᠢᠨ ᠥᠮᠡᠨ᠂ ᠬᠤᠳᠣᠭᠤᠳᠣᠨ ᠥᠮᠡᠨ᠂ ᠬᠤᠲᠣᠷᠢᠩᠬᠠᠶ  ᠭᠡᠳᠡᠰᠦᠨ ᠤ ᠥᠮᠡᠨ᠂ ᠬᠤᠰᠬᠢᠨᠠᠭ ᠤᠨ ᠥᠮᠡᠨ᠂ ᠰᠡᠭᠦᠯᠴᠢ ᠬᠤᠭᠤᠴᠠᠭᠠᠨ ᠤ ᠪᠥᠭᠡᠷᠡᠨ ᠡᠪᠡᠳᠴᠢᠨ ᠵᠡᠷᠭᠡ  ᠪᠠᠭᠲᠠᠨ᠎ᠠ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号