| 19 ᠤ ᠡᠳᠦᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠤ ᠠᠩᠬ᠎ᠠ ᠤᠳᠠᠭ᠎ᠠ ᠬᠢᠨᠡᠨ ᠵᠦᠪᠯᠡᠭᠦᠯᠦᠭᠰᠡᠨ ᠬᠤᠪᠢ ᠬᠦᠮᠦᠨ ᠤ ᠤᠯᠵᠠᠪᠤᠷᠢ ᠶᠢᠨ | ᠭᠠᠶᠢᠯᠢ ᠶᠢᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠲᠤ᠄ ᠬᠡᠰᠡᠭ ᠬᠦᠳᠡᠯᠮᠦᠷᠢ | ᠦᠢᠯᠡᠴᠢᠯᠡᠭᠡᠨ ᠤ ᠴᠢᠨᠠᠷᠳᠠᠢ ᠤᠷᠤᠯᠭ᠎ᠠ ᠳᠤ ᠶᠡᠷᠦᠩᠬᠡᠶᠢᠯᠡᠭᠰᠡᠨ ᠭᠠᠶᠢᠯᠢ ᠲᠠᠳᠠᠪᠤᠷᠢᠯᠠᠬᠤ ᠠᠷᠭ᠎ᠠ ᠶᠢ ᠬᠡᠷᠡᠭᠵᠢᠭᠦᠯᠦᠨ᠎ᠠ︔ | ᠭᠠᠶᠢᠯᠢ ᠶᠢᠨ ᠨᠤᠷᠮ᠎ᠠ ᠶᠢᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠤᠨ᠎ᠠ︔ ᠶᠡᠷᠦᠩᠬᠡᠶᠢᠯᠡᠭᠰᠡᠨ | ᠤᠯᠵᠠᠪᠤᠷᠢ ᠶᠢᠨ ᠭᠠᠶᠢᠯᠢ ᠠᠴᠠ ᠬᠡᠯᠳᠦᠷᠢᠭᠦᠯᠬᠦ ᠪᠠᠷᠢᠮᠵᠢᠶ᠎ᠠ᠂ ᠳᠠᠷᠤᠢ ᠶᠡᠷᠦᠳᠡ ᠶᠢᠨ ᠬᠡᠯᠡᠳᠡᠭ ᠭᠠᠶᠢᠯᠢ ᠲᠠᠳᠠᠪᠤᠷᠢᠯᠠᠬᠤ | ᠡᠬᠢᠯᠡᠯᠳᠡ ᠶᠢᠨ ᠱᠤᠭᠤᠮ ᠢ 5000 ᠲᠦᠭᠦᠷᠢᠭ / ᠰᠠᠷ᠎ᠠ ︵6 ᠲᠦᠮᠡᠨ ᠲᠦᠭᠦᠷᠢᠭ / ᠵᠢᠯ︶ ᠪᠤᠯᠭᠠᠨ | ᠳᠡᠭᠡᠭᠰᠢᠯᠡᠭᠦᠯᠤᠨ᠎ᠠ︔ ᠠᠩᠬ᠎ᠠ ᠤᠳᠠᠭ᠎ᠠ ᠲᠤᠰᠬᠠᠢ ᠲᠦᠷᠦᠯ ᠤᠨ ᠰᠠᠭᠤᠳᠬᠠᠯ ᠢ ᠨᠡᠮᠡᠵᠦ ᠲᠤᠬᠢᠷᠠᠭᠤᠯᠪᠠ ᠁ | ᠭᠡᠵᠤ ᠳᠤᠳᠤᠷᠬᠠᠢ ᠲᠤᠭᠳᠠᠭᠠᠪᠠ᠂ ᠡᠨᠡ ᠨᠢ ᠮᠠᠨ ᠤ ᠤᠯᠤᠰ ᠤᠨ ᠶᠡᠷᠦᠩᠬᠡᠶᠢᠯᠡᠭᠰᠡᠨ ᠪᠠ ᠲᠦᠷᠦᠯ ᠬᠤᠪᠢᠶᠠᠬᠤ ᠶᠢ | ᠤᠶᠠᠯᠳᠤᠭᠤᠯᠤᠭᠰᠠᠨ ᠬᠤᠪᠢ ᠬᠦᠮᠦᠨ ᠤ ᠤᠯᠵᠠᠪᠤᠷᠢ ᠶᠢᠨ ᠭᠠᠶᠢᠯᠢ ᠶᠢᠨ ᠳᠦᠷᠢᠮ ᠢ ᠪᠠᠶᠢᠭᠤᠯᠬᠤ ᠦᠭᠡᠷᠡᠴᠢᠯᠡᠯᠳᠡ | ᠪᠤᠳᠠᠳᠤ ᠴᠢᠨᠠᠷᠳᠠᠢ ᠠᠬᠢᠴᠠ ᠲᠠᠢ ᠪᠤᠯᠤᠭᠰᠠᠨ ᠢ ᠬᠠᠷᠠᠭᠤᠯᠵᠤ ᠪᠠᠶᠢᠨ᠎ᠠ᠃ | ᠡᠳ᠋ ᠤᠨ ᠵᠠᠰᠠᠭ ᠤᠨ ᠶᠠᠮᠤᠨ ᠤ ᠰᠠᠶᠢᠳ ᠯᠢᠦ ᠺᠦᠨ ᠡᠬᠡ ᠨᠤᠤᠷᠠᠭ ᠤᠨ ᠲᠤᠬᠠᠢ ᠳᠤᠳᠤᠷᠬᠠᠢᠢᠯᠠᠯᠳᠠ | ᠬᠢᠬᠦ ᠳᠡᠭᠡᠨ᠂ ᠡᠬᠡ ᠨᠤᠤᠷᠠᠭ ᠲᠤ ᠶᠡᠷᠦᠩᠬᠡᠶᠢᠯᠡᠭᠰᠡᠨ ᠤᠯᠵᠠᠪᠤᠷᠢ ᠶᠢᠨ ᠭᠠᠶᠢᠯᠢ ᠠᠴᠠ ᠬᠡᠯᠳᠦᠷᠢᠭᠦᠯᠬᠦ ᠪᠠᠷᠢᠮᠵᠢᠶ᠎ᠠ ᠶᠢ | ᠳᠡᠭᠡᠭᠰᠢᠯᠡᠭᠦᠯᠦᠭᠡᠳ 5000 ᠲᠦᠭᠦᠷᠢᠭ / ᠰᠠᠷ᠎ᠠ ︵6 ᠲᠦᠮᠡᠨ ᠲᠦᠭᠦᠷᠢᠭ / ᠵᠢᠯ︶ ᠪᠤᠯᠭᠠᠭᠰᠠᠨ ᠨᠢ ᠠᠷᠠᠳ | ᠤᠯᠠᠨ ᠤ ᠬᠡᠷᠡᠭᠯᠡᠭᠡ ᠵᠠᠷᠤᠯᠭ᠎ᠠ ᠶᠢᠨ ᠲᠦᠪᠰᠢᠨ ᠳᠡᠭᠡᠭᠰᠢᠯᠡᠭᠰᠡᠨ ᠵᠡᠷᠭᠡ ᠡᠯ᠎ᠠ ᠲᠠᠯ᠎ᠠ ᠶᠢᠨ ᠡᠯᠧᠮᠧᠨ᠋ᠲ ᠢ ᠶᠡᠷᠦᠩᠬᠡᠶᠢᠯᠡᠨ | ᠪᠤᠳᠤᠯᠬᠢᠯᠠᠭᠰᠠᠨ ᠪᠦᠭᠡᠳ ᠵᠤᠬᠢᠬᠤ ᠤᠷᠢᠳᠠᠴᠢ ᠴᠢᠨᠠᠷ ᠢ ᠢᠯᠡᠷᠡᠭᠦᠯᠵᠠᠢ ᠭᠡᠵᠤ ᠢᠯᠡᠳᠭᠡᠪᠡ᠃ | ︽ᠲᠤᠰ ᠪᠠᠷᠢᠮᠵᠢᠶ᠎ᠠ ᠪᠠᠷ ᠭᠠᠶᠢᠯᠢ ᠶᠢᠨ ᠨᠤᠷᠮ᠎ᠠ ᠶᠢᠨ ᠪᠦᠲᠦᠴᠡ ᠳᠤ ᠬᠢᠬᠦ ᠲᠤᠬᠢᠷᠠᠭᠤᠯᠤᠯᠳᠠ ᠲᠠᠢ | ᠤᠶᠠᠯᠳᠤᠭᠤᠯᠤᠨ ᠪᠤᠳᠤᠪᠠᠯ᠂ ᠴᠠᠯᠢᠩ᠂ ᠬᠦᠯᠦᠰᠤ ᠤᠯᠭᠤᠮᠵᠢ ᠵᠡᠷᠭᠡ ᠶᠡᠷᠦᠩᠬᠡᠶᠢᠯᠡᠭᠰᠡᠨ ᠤᠯᠵᠠᠪᠤᠷᠢ ᠲᠠᠢ ᠭᠠᠶᠢᠯᠢ | ᠲᠤᠰᠢᠶᠠᠭᠴᠢᠳ ᠤᠨ ᠭᠠᠶᠢᠯᠢ ᠶᠢᠨ ᠳᠠᠷᠤᠭᠠᠰᠤ ᠶᠡᠷᠦᠩᠬᠡᠢ ᠳᠡᠭᠡᠨ ᠪᠦᠷ ᠠᠳᠠᠯᠢ ᠪᠤᠰᠤ ᠬᠡᠮᠵᠢᠶ᠎ᠠ ᠪᠠᠷ ᠬᠦᠩᠭᠡᠷᠡᠵᠤ᠂ | ᠤᠨᠴᠠᠭᠠᠢᠢᠯᠠᠨ ᠳᠤᠮᠳᠠ ᠳᠡᠰ ᠠᠴᠠ ᠳᠤᠷᠤᠭᠰᠢᠬᠢ ᠤᠷᠤᠯᠭ᠎ᠠ ᠲᠠᠢ ᠤᠯᠠᠨ ᠲᠦᠮᠡᠨ ᠤ ᠭᠠᠶᠢᠯᠢ ᠶᠢᠨ ᠳᠠᠷᠤᠭᠠᠰᠤ | ᠢᠯᠡᠳᠳᠡ ᠬᠦᠩᠭᠡᠷᠡᠵᠤ᠂ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠵᠤ᠂ ᠬᠡᠷᠡᠭᠯᠡᠭᠡ ᠶᠢᠨ ᠴᠢᠳᠠᠪᠤᠷᠢ ᠶᠢ ᠨᠢ | ᠳᠡᠭᠡᠭᠰᠢᠯᠡᠭᠦᠯᠬᠦ ᠳᠤ ᠠᠰᠢᠭᠳᠠᠢ︾ ᠭᠡᠵᠤ ᠯᠢᠤ ᠺᠦᠨ ᠬᠡᠯᠡᠵᠡᠢ᠃ | ᠡᠬᠡ ᠨᠤᠤᠷᠠᠭ ᠲᠤ᠂ ᠴᠠᠯᠢᠩ ᠮᠦᠩᠬᠦ᠂ ᠬᠦᠳᠡᠯᠮᠦᠷᠢ ᠦᠢᠯᠡᠴᠢᠯᠡᠭᠡᠨ ᠤ ᠤᠯᠭᠤᠮᠵᠢ᠂ ᠡᠬᠡ ᠪᠢᠴᠢᠭ ᠤᠨ | ᠬᠠᠷᠠᠮᠵᠢ᠂ ᠤᠨᠴᠠ ᠵᠦᠪᠰᠢᠶᠡᠷᠡᠯ ᠤᠨ ᠡᠷᠬᠡ ᠶᠢᠨ ᠬᠡᠷᠡᠭᠯᠡᠭᠡᠨ ᠤ ᠰᠦᠢᠳᠭᠡᠯ ᠵᠡᠷᠭᠡ 4 ᠵᠦᠢᠯ ᠤᠨ ᠬᠦᠳᠡᠯᠮᠦᠷᠢ ᠶᠢᠨ | ᠴᠢᠨᠠᠷᠳᠠᠢ ᠤᠷᠤᠯᠭ᠎ᠠ ᠶᠢ ᠶᠡᠷᠦᠩᠬᠡᠶᠢᠯᠡᠨ ᠭᠠᠶᠢᠯᠢ ᠳᠠᠳᠠᠪᠤᠷᠢᠯᠠᠬᠤ ᠬᠡᠪᠴᠢᠶᠠᠨ ᠳᠤ ᠤᠷᠤᠭᠤᠯᠵᠤ᠂ ᠨᠢᠭᠡᠳᠦᠯᠳᠠᠢ | ᠵᠤᠬᠢᠬᠤ ᠬᠡᠮᠵᠢᠶᠠᠨ ᠠᠴᠠ ᠬᠡᠳᠦᠷᠡᠪᠡᠯ ᠭᠠᠶᠢᠯᠢ ᠶᠢᠨ ᠨᠤᠷᠮ᠎ᠠ ᠶᠢ ᠦᠰᠭᠡᠨ ᠪᠤᠳᠤᠨ᠎ᠠ᠃ ᠡᠵᠡᠩᠨᠡᠯᠳᠡ ᠬᠢᠭᠰᠡᠨ | ᠤᠯᠵᠠᠪᠤᠷᠢ᠂ ᠬᠦᠦ ᠮᠦᠩᠭᠦ᠂ ᠰᠲ᠋ᠤᠺ ᠤᠨ ᠬᠦᠦ ᠮᠦᠩᠭᠦ᠂ ᠴᠡᠪᠡᠷ ᠠᠰᠢᠭ᠂ ᠡᠳ᠋ ᠬᠦᠷᠦᠩᠭᠡ ᠪᠠᠨ ᠭᠠᠳᠠᠭᠰᠢ | ᠲᠦᠷᠢᠶᠡᠰᠦᠯᠡᠭᠦᠯᠦᠭᠰᠡᠨ ᠤᠯᠵᠠᠪᠤᠷᠢ᠂ ᠡᠳ᠋ ᠬᠦᠷᠦᠩᠭᠡ ᠪᠠᠨ ᠰᠢᠯᠵᠢᠭᠦᠯᠦᠨ ᠦᠭᠭᠦᠭᠰᠡᠨ ᠤᠯᠵᠠᠪᠤᠷᠢ᠂ | ᠭᠡᠨᠡᠳᠳᠡ ᠶᠢᠨ ᠤᠯᠵᠠᠪᠤᠷᠢ ᠵᠢᠴᠢ ᠪᠤᠰᠤᠳ ᠤᠯᠵᠠᠪᠤᠷᠢ ᠳᠤ ᠮᠦᠨ ᠬᠦ ᠲᠦᠷᠦᠯ ᠬᠤᠪᠢᠶᠠᠨ ᠭᠠᠶᠢᠯᠢ ᠳᠠᠳᠠᠪᠤᠷᠢᠯᠠᠬᠤ | ᠠᠷᠭ᠎ᠠ ᠶᠢ ᠬᠡᠷᠡᠭᠵᠢᠭᠦᠯᠤᠨ᠎ᠠ ᠭᠡᠪᠡ᠃ | | | | | | | | |