ᠰᠤᠷᠭᠠᠨ ᠬᠦᠮᠦᠵᠢᠯ ᠤᠨ ᠶᠠᠮᠤᠨ᠄ ᠡᠨᠡ ᠵᠢᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠣᠨᠴᠠ ᠠᠪᠢᠶᠠᠰᠯᠢᠭ ᠰᠤᠷᠤᠭᠴᠢ᠂ ᠲᠣᠭᠠᠨ ᠤ ᠤᠯᠢᠮᠫᠢᠺ ᠤᠨ ᠤᠷᠤᠯᠳᠤᠭᠠᠨ ᠵᠡᠷᠭᠡ ᠬᠤᠪᠢ ᠨᠡᠮᠡᠬᠦ ᠵᠦᠢᠯ ᠢ ᠬᠦᠴᠦᠨ ᠦᠭᠡᠢ ᠪᠣᠯᠭᠠᠨ᠎ᠠ
ᠨᠡᠶᠢᠲᠡᠯᠡᠭᠰᠡᠨ ᠴᠠᠭ᠄
2018-07-09
     ᠠᠷᠠᠳ ᠤᠨ ᠰᠦᠯᠵᠢᠶ᠎ᠡ ᠶᠢᠨ ᠪᠡᠭᠡᠵᠢᠩ ᠤᠨ ᠴᠠᠬᠢᠯᠭᠠᠨ ᠮᠡᠳᠡᠭᠡ ︵ᠰᠦᠨ ᠵᠢᠩ︶ ᠣᠶᠢᠷ᠎ᠠ ᠶᠢᠨ ᠡᠳᠦᠷ᠂ ᠰᠤᠷᠭᠠᠨ ᠬᠦᠮᠦᠵᠢᠯ ᠤᠨ ᠶᠠᠮᠤᠨ ︽2018  ᠣᠨ ᠤ  ᠡᠩ ᠤᠨ  ᠶᠡᠭᠡ  ᠳᠡᠭᠡᠳᠦ ᠰᠤᠷᠭᠠᠭᠤᠯᠢ ᠵᠢᠨ‌‍ᠰᠤᠷᠤᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠶᠢ ᠳᠠᠷᠤᠮᠠᠯᠯᠠᠨ ᠨᠡᠶᠢᠲᠡᠯᠡᠵᠦ᠂ ᠡᠨᠡ ᠵᠢᠯ ᠤᠨ ᠡᠩ ᠤᠨ  ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃  ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠪᠡᠶ᠎ᠡ ᠶᠢᠨ ᠲᠠᠮᠢᠷ ᠤᠨ ᠣᠨᠴᠠ ᠠᠪᠢᠶᠠᠰᠯᠢᠭ ᠰᠤᠷᠤᠭᠴᠢ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠲᠦᠷᠦᠯ ᠤᠨ ᠣᠯᠢᠮᠫᠢᠺ ᠤᠨ ᠤᠷᠤᠯᠳᠤᠭᠠᠨ᠂ ᠰᠢᠨᠵᠢᠯᠡᠬᠦ  ᠤᠬᠠᠭᠠᠨ ᠮᠡᠷᠭᠡᠵᠢᠯ ᠤᠨ ᠲᠦᠷᠦᠯ ‍ᠦᠨ‌ᠤᠷᠤᠯᠳᠤᠭᠠᠨ᠂ ᠮᠤᠵᠢ ᠶᠢᠨ ᠳᠡᠰ ᠤᠨ ᠰᠢᠯᠢᠳᠡᠭ ᠰᠤᠷᠤᠭᠴᠢ᠂ ᠦᠵᠡᠯ ᠰᠠᠨᠠᠭ᠎ᠠ ᠤᠯᠤᠰ ᠲᠥᠷᠥ ᠮᠤᠷᠠᠯ ᠰᠤᠷᠲᠠᠯ ᠤᠨ  ᠳᠤᠪᠤᠶᠢᠮ᠎ᠠ ᠦᠢᠯᠡ ᠠᠵᠢᠯᠯᠠᠭ᠎ᠠ ᠲᠠᠢ ᠵᠡᠷᠭᠡ ᠪᠦᠬᠦ ᠤᠯᠤᠰ ᠤᠨ ᠴᠢᠨᠠᠷᠲᠠᠢ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠬᠤᠪᠢ ᠨᠡᠮᠡᠬᠦ ᠵᠦᠢᠯ ᠢ ᠪᠦᠬᠦᠨ ᠢ ᠬᠦᠴᠦᠨ ᠦᠭᠡᠢ  ᠪᠣᠯᠭᠠᠨ᠎ᠠ᠃                    ︽ᠮᠡᠳᠡᠭᠳᠡᠯ︾᠎ ᠳᠤ ᠵᠢᠭᠠᠵᠤ ᠭᠠᠷᠭᠠᠭᠰᠠᠨ ᠨᠢ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠵᠢᠨ‌ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠱᠠᠩᠬᠠᠢ ᠬᠤᠲᠠ᠂ ᠵᠧᠵᠢᠶᠠᠩ ᠮᠤᠵᠢ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ  ᠲᠡᠭᠦᠯᠳᠡᠷᠵᠢᠭᠦᠯᠬᠦ  ᠲᠤᠷᠰᠢᠯᠲᠠ ᠵᠢᠨ‌‍ᠴᠢᠭ ᠤᠨ ᠲᠤᠷᠰᠢᠯᠭ᠎ᠠ ᠪᠠᠨ ᠭᠦᠨᠵᠡᠭᠡᠢ ᠳ᠋ᠦᠩᠨᠡᠵᠦ᠂ ᠥᠭᠡᠷᠡᠴᠢᠯᠡᠯᠲᠡ ᠶᠢᠨ ᠶᠠᠪᠤᠴᠠ ᠳᠤ  ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ‌ᠠᠰᠠᠭᠤᠳᠠᠯ ᠢ ᠲᠠᠰᠤᠷᠠᠯᠲᠠ ᠦᠭᠡᠢ ᠰᠣᠳᠣᠯᠣᠨ ᠰᠢᠢᠳᠪᠦᠷᠢᠯᠡᠬᠦ ᠬᠡᠷᠡᠭᠲᠡᠢ᠃ ᠪᠡᠭᠡᠵᠢᠩ ᠬᠤᠲᠠ᠂ ᠲᠢᠶᠠᠨᠵᠢᠨ ᠬᠤᠲᠠ᠂ᠱᠠᠨᠳᠦ᠋ᠩ ᠮᠤᠵᠢ᠂ ᠬᠠᠶᠢᠨᠠᠨ ᠮᠤᠵᠢ ᠨᠢ ᠲᠤᠷᠰᠢᠯᠲᠠ ᠶᠢᠨ ᠴᠢᠭ ᠤᠨ ᠲᠤᠷᠰᠢᠯᠭ᠎ᠠ ᠶᠢ ᠢᠳᠡᠪᠬᠢᠲᠡᠢ ᠪᠠᠷ ᠯᠠᠪᠯᠠᠯᠲᠠ ᠪᠣᠯᠭᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂  ᠥᠭᠡᠷᠡᠴᠢᠯᠡᠯᠲᠡ ᠵᠢᠨ‌‍ᠲ᠋ᠤᠷᠰᠢᠯᠲᠠ ᠶᠢᠨ ᠴᠢᠭ ᠤᠨ ᠠᠵᠢᠯ ᠢ ᠲᠣᠭᠲᠠᠭᠤᠨ ᠪᠦᠭᠡᠳ ᠰᠠᠶᠢᠲᠤᠷ ᠶᠠᠪᠤᠭᠳᠠᠭᠤᠯᠬᠤ ᠬᠡᠷᠡᠭᠲᠡᠢ᠃                  ︽ᠮᠡᠳᠡᠭᠳᠡᠯ︾᠎ ᠳᠤ ᠲᠣᠳᠣᠷᠬᠠᠶᠢᠯᠠᠭᠰᠠᠨ ᠨᠢ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠦᠯᠦᠭ ᠤᠳᠠᠭ᠎ᠠ ᠶᠢ ᠴᠦᠭᠡᠳᠭᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠵᠢᠨ‌‍ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠦᠨᠳᠦᠰᠦᠨ ᠠᠩᠭᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠡᠶᠢᠳᠭᠡᠬᠦ ᠶᠢ ᠬᠡᠷᠡᠭᠵᠢᠭᠦᠯᠦᠭᠰᠡᠨ ᠮᠤᠵᠢ᠂ ᠣᠨᠴᠠᠭᠠᠢ ᠲᠦᠷᠦᠯ ᠢᠶᠠᠷ ᠰᠤᠷᠤᠭᠴᠢ ᠡᠯᠰᠡᠬᠦ ᠰᠣᠶᠣᠯ ᠤᠨ ᠬᠢᠴᠢᠶᠡᠯ ᠤᠨ ᠬᠤᠪᠢ ᠶᠢᠨ ᠱᠤᠭᠤᠮ ᠢ ᠵᠦᠢ ᠵᠣᠬᠢᠰᠲᠠᠢ ᠵᠠᠭᠠᠭᠯᠠᠨ ᠲᠤᠭᠲᠠᠭᠠᠬᠤ ᠬᠡᠷᠡᠭᠲᠡᠢ᠂ ᠤᠳᠠᠭ᠎ᠠ ᠪᠦᠯᠦᠭ ᠢ ᠨᠡᠶᠢᠳᠭᠡᠬᠦ ᠠᠴᠠ ᠡᠮᠦᠨᠡᠬᠢ ᠱᠠᠭᠠᠷᠳᠠᠯᠭ᠎ᠠ ᠡᠴᠠ‌‍ᠲ᠋ᠣᠣᠷ᠎ᠠ ᠪᠠᠶᠢᠯᠭᠠᠵᠦ ᠪᠣᠯᠬᠤ ᠦᠭᠡᠢ᠃                ︽ᠮᠡᠳᠡᠭᠳᠡᠯ︾᠎ ᠳᠤ ᠪᠠᠰᠠ ︽ᠬᠤᠲᠠ ᠬᠦᠳᠡᠭᠡ ᠶᠢᠨ ᠣᠷᠣᠨ ᠲᠤᠭᠲᠤᠷᠢᠭ ᠤᠨ ᠰᠤᠷᠭᠠᠭᠤᠯᠢ ᠳᠤ ᠣᠷᠣᠬᠤ  ᠲᠣᠬᠢᠶᠠᠯ ᠢ ᠡᠷᠬᠡ ᠲᠡᠭᠰᠢ ᠪᠠᠶᠢᠯᠭᠠᠬᠤ ᠶᠢ ᠤᠯᠠᠮ ᠴᠢᠨᠠᠭᠰᠢᠲᠠ ᠠᠬᠢᠭᠤᠯᠬᠤ︾᠎ ᠎ ᠳᠤ ᠪᠤᠳᠠᠲᠠᠢ ᠱᠠᠭᠠᠷᠳᠠᠯᠭ᠎ᠠ  ᠳᠤᠷᠠᠳᠴᠠᠢ᠃ ︽ᠤᠯᠤᠰ ᠡᠴᠠ‌‍ᠲ᠋ᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠰᠤᠷᠤᠭᠴᠢ ᠡᠯᠰᠡᠬᠦ ᠲᠥᠯᠥᠪᠯᠡᠭᠡ ᠶᠢ ᠳᠡᠮᠵᠢᠬᠦ︾᠎ ᠶᠢ ᠦᠷᠭᠦᠯᠵᠢᠯᠡᠨ‌‍ᠬᠡᠷᠡᠭᠵᠢᠭᠦᠯᠵᠦ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠵᠢᠴᠢ ᠬᠦᠮᠦᠨ ᠠᠮᠠ ᠣᠯᠠᠨᠲᠠᠢ ᠮᠤᠵᠢ ᠶᠢᠨ ᠳᠡᠭᠡᠳᠦ ᠰᠤᠷᠭᠠᠭᠤᠯᠢ ᠳᠤ ᠡᠯᠰᠡᠨ ᠠᠪᠬᠤ ᠨᠣᠷᠮ᠎ᠠ ᠶᠢ ᠤᠯᠠᠮ ᠨᠢᠭᠡ  ᠠᠯᠬᠤᠮ ᠳᠡᠭᠡᠭᠰᠢᠯᠡᠭᠦᠯᠦᠨ᠎ᠡ᠃ ᠲᠥᠪ ᠤᠨ ᠰᠠᠯᠠᠭ᠎ᠠ ᠮᠦᠴᠢᠷ ᠤᠨ ᠬᠠᠷᠢᠶ᠎ᠠ ᠶᠡᠭᠡ ᠳᠡᠭᠡᠳᠦ  ᠰᠤᠷᠭᠠᠭᠤᠯᠢ ᠬᠠᠷᠢᠶ᠎ᠠ  ᠣᠷᠣᠨ ᠤ ᠰᠤᠷᠤᠭᠴᠢ ᠡᠯᠰᠡᠬᠦ ᠲᠥᠯᠥᠪᠯᠡᠭᠡ ᠶᠢᠨ ᠬᠠᠷᠢᠴᠠᠯ ᠢ ᠴᠢᠩᠭ᠎ᠠ ᠬᠢᠵᠠᠭᠠᠷᠯᠠᠵᠤ᠂ ᠮᠤᠵᠢ ᠬᠤᠪᠢᠶᠠᠨ ᠰᠤᠷᠤᠭᠴᠢ ᠡᠯᠰᠡᠬᠦ ᠲᠥᠯᠥᠪᠯᠡᠭᠡ ᠶᠢ ᠵᠦᠢ ᠵᠣᠬᠢᠰᠲᠡᠢ ᠲᠣᠭᠲᠠᠭᠠᠨ᠂ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠡᠯᠰᠡᠨ ᠠᠪᠬᠤ ᠬᠠᠷᠢᠴᠠᠯ ᠬᠠᠷᠢᠴᠠᠩᠭᠤᠢ ᠳᠣᠣᠷ᠎ᠠ ᠪᠠᠶᠢᠳᠠᠭ ᠮᠤᠵᠢ ᠣᠷᠣᠨ ᠲᠡᠰᠢ ᠬᠡᠯᠪᠡᠶᠢᠯᠭᠡᠨ᠎ᠡ᠃ ᠡᠯ᠎ᠡ ᠭᠠᠵᠠᠷ ᠣᠷᠣᠨ ᠪᠠ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠨᠤᠭᠤᠳ᠂  ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠬᠦᠳᠡᠭᠡ ᠲᠤᠰᠬᠤᠨ ᠪᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠤᠷᠤᠭᠴᠢᠳ ᠢ  ᠡᠯᠰᠡᠬᠦ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ  ᠲᠡᠭᠦᠯᠳᠡᠷᠵᠢᠭᠦᠯᠵᠦ᠂ ᠤᠯᠤᠰ᠂ ᠣᠷᠣᠨ ᠨᠤᠲᠤᠭ ᠪᠠ ᠶᠡᠭᠡ ᠳᠡᠭᠡᠳᠦ ᠰᠤᠷᠭᠠᠭᠤᠯᠢ ᠶᠢᠨ ᠭᠤᠷᠪᠠᠨ ᠲᠤᠰᠬᠠᠢ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ      ᠡᠭᠦᠨ ᠤ ᠬᠠᠮᠲᠤ᠂ ᠬᠤᠲᠠ ᠣᠷᠤᠵᠤ ᠠᠵᠢᠯ ᠬᠢᠵᠦ ᠪᠠᠶᠢᠭ᠎ᠠ ᠠᠵᠢᠯᠴᠢᠨ ᠬᠢᠭᠡᠳ ᠪᠣᠰᠣᠳ ᠡᠷᠦᠬᠡ  ᠠᠮᠠ ᠵᠢᠨ‌ᠬᠠᠷᠢᠶ᠎ᠠ ᠪᠤᠰᠤ ᠬᠦᠮᠦᠰ ᠤᠨ ᠳᠠᠭᠠᠵᠤ ᠨᠡᠭᠦᠭᠰᠡᠨ ᠦᠷ᠎ᠡ ᠬᠡᠥᠬᠡᠳ ᠤᠨ ᠨᠡᠭᠦᠵᠦ ᠣᠷᠣᠭᠰᠠᠨ ᠭᠠᠵᠠᠷ ᠲᠤ ᠎ ᠨᠢ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠨᠦᠬᠦᠴᠡᠯ ᠳᠤ ᠨᠡᠶᠢᠴᠡᠬᠦ ᠳᠠᠭᠠᠵᠤ ᠨᠡᠭᠦᠭᠰᠡᠨ ᠦᠷ᠎ᠡ ᠬᠡᠥᠬᠡᠳ ᠴᠦᠮ ᠨᠡᠭᠦᠵᠦ ᠣᠷᠣᠭᠰᠠᠨ ᠭᠠᠵᠠᠷ ᠲᠤ ᠪᠠᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ ᠶᠢ ᠪᠠᠲᠤᠯᠠᠨ᠎ᠠ᠃ ︽ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠳ︾᠎ ᠢ ᠶᠡᠷᠦᠩᠬᠡᠶᠢᠯᠡᠨ ᠬᠠᠮᠢᠶᠠᠷᠬᠤ ᠪᠠᠨ ᠴᠢᠩᠭᠠᠳᠬᠠᠵᠤ᠂ ᠬᠠᠥᠯᠢ ᠲᠣᠭᠲᠠᠭᠠᠯ ᠠᠴᠠ ᠵᠦᠷᠢᠴᠡᠨ ᠮᠤᠵᠢ ︵ᠣᠷᠣᠨ᠂ ᠬᠤᠲᠠ︶ ᠠᠯᠤᠰᠯᠠᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠣᠯᠬᠤ ᠦᠢᠯᠡ‌ᠠᠵᠢᠯᠯᠠᠭ᠎ᠠ ᠶᠢ ᠬᠠᠥᠯᠢ ᠶᠣᠰᠣᠭᠠᠷ ᠰᠡᠷᠭᠡᠶᠢᠯᠡᠨ ᠴᠣᠬᠢᠯᠲᠠ ᠥᠭᠭᠦᠨ᠎ᠡ᠃                    ︽ᠮᠡᠳᠡᠭᠳᠡᠯ︾᠎ ᠳᠤ ᠴᠢᠬᠤᠯᠠᠴᠢᠯᠠᠭᠰᠠᠨ ᠨᠢ᠂ ᠰᠤᠷᠤᠭᠴᠢ ᠡᠯᠰᠡᠬᠦ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠰᠤᠷᠤᠭᠴᠢ ᠡᠯᠰᠡᠬᠦ ᠳᠤᠮᠳᠠ ᠬᠤᠳᠠᠯ ᠢᠶᠠᠷ ᠵᠣᠬᠢᠶᠠᠨ‌ᠬᠠᠭᠤᠷᠮᠠᠭ ᠢᠶᠠᠷ ᠦᠢᠯᠡᠳᠦᠭᠰᠡᠨ ᠰᠢᠯᠭᠠᠭᠤᠯᠤᠭᠴᠢ ᠶᠢᠨ ᠲᠤᠬᠠᠢ ᠶᠢᠨ ᠵᠢᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ᠂ ᠰᠢᠯᠭᠠᠭᠤᠯᠬᠤ ᠬᠢᠭᠡᠳ ᠡᠯᠰᠡᠭᠳᠡᠬᠦ ᠬᠢᠷᠢ ᠬᠡᠮ ᠢ ᠬᠦᠴᠦᠨ ᠦᠭᠡᠢ ᠪᠣᠯᠭᠠᠨ᠎ᠠ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号