ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠲᠡᠭᠷᠢᠯᠢᠭ︾ ᠪᠤᠳᠠᠰ ᠤᠨ ᠪᠤᠰᠤ ᠰᠤᠶᠤᠯ ᠤᠨ ᠥᠪ ᠤᠨ ᠨᠠᠶᠢᠷ ᠡᠬᠢᠯᠡᠯ᠎ᠡ
ᠨᠡᠶᠢᠲᠡᠯᠡᠭᠰᠡᠨ ᠴᠠᠭ᠄
2018-07-09
     ᠤᠢᠢᠷ᠎ᠠ ᠶᠢᠨ ᠡᠳᠤᠷ᠂ ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠲᠡᠭᠷᠢᠯᠢᠭ︾ ᠪᠤᠳᠠᠰ ᠤᠨ ᠪᠤᠰᠤ ᠰᠤᠶᠤᠯ ᠤᠨ ᠥᠪ ᠤᠨ ᠨᠠᠶᠢᠷ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠳᠤ ᠡᠬᠢᠯᠡᠯ ᠎ᠡ᠃ ᠠᠵᠢᠯᠯᠠᠭ᠎ᠠ ᠨᠢ 7 ᠰᠠᠷ᠎ᠠ ᠶᠢᠨ 5᠎ ᠤ ᠡᠳᠤᠷ ᠠᠴᠠ 25᠎ ᠤ ᠡᠳᠤᠷ ᠬᠥᠷᠳᠡᠯ᠎ᠡ᠂ ᠰᠤᠪᠤᠷᠭ᠎ᠠ ᠪᠠᠯᠭᠠᠰᠤ᠂ ᠡᠵᠡᠨ ᠬᠤᠷᠤᠭ᠎ᠠ ᠪᠠᠯᠭᠠᠰᠤ ᠪᠠ ᠡᠵᠡᠨ ᠬᠤᠷᠤᠭ᠎ᠠ ᠬᠤᠰᠢᠭᠤᠨ ᠤ ᠰᠤᠶᠤᠯ ᠤᠨ ᠤᠷᠳᠤᠨ ᠵᠡᠷᠬᠡ ᠭᠤᠷᠪᠠᠨ ᠲᠠᠯᠠᠪᠤᠷ ᠬᠤᠪᠢᠶᠠᠭᠳᠠᠵᠦ ᠶᠠᠪᠤᠭᠳᠠᠭᠤᠯᠬᠤ ᠪᠤᠯᠤᠨ᠎ᠠ᠃      ᠲᠤᠰ ᠤᠳᠠᠭᠠᠨ ᠤ ᠪᠤᠳᠠᠰ ᠤᠨ ᠪᠤᠰᠤ ᠰᠤᠶᠤᠯ ᠤᠨ ᠥᠪ ᠤᠨ ᠨᠠᠶᠢᠷ ᠨᠢ 25 ᠲᠥᠷᠥᠯ ᠤᠨ ᠪᠤᠳᠠᠰ ᠤᠨ ᠪᠤᠰᠤ ᠰᠤᠶᠤᠯ ᠤᠨ ᠥᠪ ᠢ ᠲᠡᠯᠬᠡᠨ ᠥᠵᠡᠬᠦᠯᠵᠦ᠂ ᠬᠤᠰᠢᠭᠤ ᠲᠡᠰ ᠠᠴᠠ ᠬᠥᠮᠤᠨ ᠲᠥᠷᠥᠯᠬᠢᠳᠡᠨ ᠤ ᠪᠤᠳᠠᠰ ᠤᠨ ᠪᠤᠰᠤ ᠰᠤᠶᠤᠯ ᠤᠨ ᠥᠪ ᠬᠥᠷᠳᠡᠯᠡᠬᠢ ᠲᠠᠪᠤᠨ ᠲᠡᠰ ᠢ ᠪᠥᠬᠦᠨ ᠢ ᠬᠠᠷᠠᠭᠤᠯᠤᠭᠰᠠᠨ ᠪᠠᠶᠢᠨ᠎ᠠ᠃ ᠡᠬᠦᠨ ᠳᠤ ᠬᠥᠮᠤᠨ ᠲᠥᠷᠥᠯᠬᠢᠳᠡᠨ ᠤ ᠪᠤᠳᠠᠰ ᠤᠨ ᠪᠤᠰᠤ ᠰᠤᠶᠤᠯ ᠤᠨ ᠥᠪ 1 ᠲᠥᠷᠥᠯ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ 2 ᠲᠥᠷᠥᠯ᠂ ᠥᠪᠡᠷᠳᠡᠬᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ 8 ᠲᠥᠷᠥᠯ᠂ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠥᠪ 13 ᠲᠥᠷᠥᠯ᠂ ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠥᠪ 1 ᠲᠥᠷᠥᠯ ᠪᠤᠢ᠃ ᠥᠵᠡᠰᠬᠦᠯᠡᠩ ᠳᠤ 25 ᠲᠥᠷᠥᠯ ᠵᠦᠢᠯ ᠤᠨ ᠪᠤᠳᠠᠰ ᠤᠨ ᠪᠤᠰᠤ ᠰᠤᠶᠤᠯ ᠤᠨ ᠥᠪ ᠢ 32 ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠠᠴᠠ ᠲᠡᠯᠬᠡᠨ ᠥᠵᠡᠬᠦᠯᠵᠠᠢ᠃      ᠲᠤᠰ ᠤᠳᠠᠭᠠᠨ ᠤ ᠲᠡᠯᠬᠡᠨ ᠥᠵᠡᠬᠦᠯᠦᠯᠬᠡ ᠶᠢᠨ ᠲᠥᠷᠥᠯ ᠵᠦᠢᠯ ᠬᠡᠯᠪᠡᠷᠢ ᠶᠠᠩᠵᠦ ᠤᠯᠠᠨ᠂ ᠰᠢᠨ᠎ᠠ ᠶᠢ ᠡᠬᠦᠳᠬᠦ ᠴᠢᠨᠠᠷ ᠢᠶᠠᠷ ᠴᠢᠩᠭ᠎ᠠ᠂ ᠠᠵᠤ ᠤᠢᠢᠯᠡᠰ ᠲᠠᠢ ᠨᠢᠭᠳᠠ ᠤᠶᠠᠯᠳᠤᠨ᠂ ︽ᠤᠯᠠᠮᠵᠢᠯᠠᠬᠤ᠂ ᠵᠠᠯᠭᠠᠮᠵᠢᠯᠠᠬᠤ᠂ ᠲᠠᠮᠵᠢᠭᠤᠯᠬᠤ︾᠎ ᠪᠠᠷ ᠭᠤᠤᠯ ᠵᠤᠷᠢᠯᠭ᠎ᠠ ᠪᠠᠨ ᠪᠤᠯᠭᠠᠵᠦ᠂ ᠰᠤᠶᠤᠯ ᠤᠷᠠᠯᠢᠭ ᠤᠨ ᠪᠥᠳᠥᠬᠡᠭᠳᠡᠬᠦᠨ ᠤ ᠲᠡᠰ ᠥᠨᠳᠤᠷ᠂ ᠲᠥᠯᠥᠬᠡᠯᠡᠬᠦ ᠴᠢᠨᠠᠷ ᠥᠷᠬᠡᠨ᠂ ᠬᠥᠳᠡᠯᠤᠯᠴᠡᠬᠦ ᠪᠡᠶᠡᠴᠢᠯᠡᠨ ᠤᠢᠢᠯᠠᠭᠠᠬᠤ ᠴᠢᠨᠠᠷ ᠰᠠᠶᠢᠨ᠂ ᠠᠵᠤ ᠤᠢᠢᠯᠡᠰᠵᠢᠯᠳᠡ ᠶᠢᠨ ᠴᠢᠳᠠᠪᠤᠷᠢ ᠴᠢᠩᠭ᠎ᠠ ᠵᠡᠷᠬᠡ ᠤᠨᠴᠠᠯᠢᠭ ᠢ ᠬᠠᠷᠠᠭᠤᠯᠤᠭᠰᠠᠨ ᠪᠠᠶᠢᠨ᠎ᠠ᠃ ᠷᠢᠨᠴᠢᠨᠳᠤᠷᠵᠢ ᠪᠤᠯ ᠬᠤᠳᠠ ᠶᠢᠨ ᠲᠡᠰ ᠤᠨ ᠮᠤᠷᠢᠨ ᠬᠤᠭᠤᠷ ᠤᠢᠢᠯᠡᠳᠬᠦ ᠤᠷ᠎ᠠ ᠮᠡᠷᠬᠡᠵᠢᠯ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠪᠤᠯᠤᠨ᠎ᠠ᠃ ᠲᠡᠷᠡ ᠬᠥᠭᠵᠢᠮ ᠤᠨ ᠵᠦᠢᠯᠡᠰ ᠢ ᠬᠢᠬᠡᠳ ᠲᠥᠴᠢᠨ ᠬᠡᠳᠤᠨ ᠵᠢᠯ ᠤᠨ ᠨᠢᠭᠤᠷ ᠥᠵᠡᠵᠥ ᠪᠠᠶᠢᠨ᠎ᠠ᠃ ᠲᠡᠬᠦᠨ ᠤ ᠪᠠᠶᠢᠭᠤᠯᠤᠭᠰᠠᠨ ᠮᠤᠷᠢᠨ ᠬᠤᠭᠤᠷ ᠤᠨ ᠤᠢᠢᠯᠡᠳᠪᠤᠷᠢ ᠪᠤᠯ ᠤᠳᠤᠬᠠᠨ ᠤ ᠪᠥᠬᠦ ᠬᠤᠳᠠ ᠶᠢᠨ ᠬᠠᠮᠤᠭ ᠤᠨ ᠶᠡᠭᠡ ᠮᠤᠷᠢᠨ ᠬᠤᠭᠤᠷ ᠤᠢᠢᠯᠡᠳᠪᠤᠷᠢᠯᠡᠬᠦ ᠤᠢᠢᠯᠡᠳᠪᠤᠷᠢ ᠪᠤᠯᠤᠨ᠎ᠠ᠃ ᠷᠢᠨᠴᠢᠨᠳᠤᠷᠵᠢ ᠡᠨᠡ ᠤᠳᠠᠭᠠᠨ ᠤ ᠥᠵᠡᠰᠬᠦᠯᠡᠩ ᠳᠤ ᠤᠷᠤᠯᠴᠠᠭᠠᠳ ᠲᠤᠩ ᠪᠠᠶᠠᠷᠳᠠᠶᠢᠬᠠᠨ ᠪᠠᠶᠢᠯ᠎ᠠ᠃ ᠲᠡᠷᠡ ᠶᠠᠷᠢᠬᠤ ᠳᠤ ᠪᠠᠨ᠄ ︽ᠡᠨᠡ ᠤᠳᠠᠭᠠᠨ ᠤ ᠨᠠᠶᠢᠷ ᠢᠶᠠᠷ ᠲᠠᠮᠵᠢᠨ ᠪᠢᠳᠠ ᠡᠨᠡ ᠬᠦ ᠤᠷ᠎ᠠ ᠮᠡᠷᠬᠡᠵᠢᠯ ᠢᠶᠠᠨ ᠥᠷᠬᠡᠨ ᠲᠡᠯᠬᠡᠷᠡᠩᠬᠦᠢ ᠪᠠᠷ ᠤᠯᠠᠮᠵᠢᠯᠠᠬᠤ ᠶᠢᠨ ᠲᠠᠭᠠᠤ ᠪᠠᠰᠠ ᠪᠥᠳᠥᠬᠡᠭᠳᠡᠬᠦᠨ ᠢᠶᠠᠨ ᠪᠤᠷᠤᠯᠠᠭᠤᠯᠵᠦ ᠲᠡᠶᠢᠯᠤᠨ᠎ᠠ᠃ ᠡᠬᠦᠨ ᠤ ᠬᠠᠮᠳᠤ ᠪᠠᠰᠠ ᠤᠯᠠᠨ ᠬᠥᠮᠥᠰ ᠲᠠᠢ ᠥᠵᠡᠯ ᠪᠤᠳᠤᠯ ᠢᠶᠠᠨ ᠰᠤᠯᠢᠯᠴᠠᠵᠦ ᠡᠬᠦᠳᠤᠨ ᠪᠥᠳᠥᠬᠡᠯᠳᠡ ᠬᠢᠬᠦ᠂ ᠤᠯᠠᠮᠵᠢᠯᠠᠵᠦ ᠵᠠᠯᠭᠠᠮᠵᠢᠯᠠᠬᠤ ᠱᠠᠪᠢ ᠡᠯᠰᠡᠬᠦ ᠵᠡᠷᠬᠡ ᠲᠠᠯ᠎ᠠ ᠪᠠᠷ ᠰᠠᠶᠢᠨ ᠲᠠᠪᠴᠠᠩ ᠢ ᠬᠠᠨᠭ᠍ᠭᠠᠭᠰᠠᠨ ᠪᠠᠶᠢᠨ᠎ᠠ︾ ᠬᠡᠯ᠎ᠠ᠃      ᠤᠢᠢᠷ᠎ᠡ ᠶᠢᠨ ᠵᠢᠯ ᠠᠴᠠ ᠨᠠᠭᠠᠰᠢ ᠡᠵᠡᠨ ᠬᠤᠷᠤᠭ᠎ᠠ ᠬᠤᠰᠢᠭᠤ ᠨᠢ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠶᠢ ᠬᠥᠮᠥᠵᠢᠬᠦᠯᠬᠦ ᠶᠢ ᠴᠢᠬᠤᠯᠠᠴᠢᠯᠠᠵᠦ᠂ ᠱᠠᠩᠨᠠᠨ ᠬᠥᠬᠢᠬᠦᠯᠬᠦ᠂ ᠲᠡᠳᠬᠦᠨ ᠲᠡᠮᠵᠢᠬᠦ ᠵᠡᠷᠬᠡ ᠬᠡᠯᠪᠡᠷᠢ ᠪᠠᠷ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠪᠠ ᠲᠠᠷᠬᠠᠳ ᠢ ᠬᠥᠮᠥᠵᠢᠬᠦᠯᠤᠨ ᠭᠠᠷᠭᠠᠵᠦ᠂ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠡ ᠪᠠ ᠨᠡᠬᠡᠬᠡᠯᠳᠡ ᠶᠢᠨ ᠥᠷᠬᠦᠯᠵᠢᠯᠡᠬᠦ᠋ᠢᠴᠡ ᠬᠥᠭᠵᠢᠯᠳᠡ ᠶᠢᠨ ᠵᠠᠷᠴᠢᠮ ᠢ ᠪᠠᠷᠢᠮᠳᠠᠯᠠᠨ᠂ ᠤᠯᠠᠨ ᠡᠰᠢᠵᠢᠭᠰᠡᠨ ᠪᠤᠳᠠᠰ ᠤᠨ ᠪᠤᠰᠤ ᠰᠤᠶᠤᠯ ᠤᠨ ᠥᠪ ᠤᠨ ᠨᠡᠬᠡᠬᠡᠯᠳᠡ ᠶᠢᠨ ᠮᠠᠶ᠋ᠢᠭ ᠢ ᠠᠪᠴᠤ᠂ ᠵᠠᠩ ᠤᠢᠢᠯᠡ᠂ ᠠᠷᠠᠳ ᠤᠨ ᠲᠤᠮᠳᠠᠬᠢ ᠤᠷᠠᠨ ᠵᠤᠬᠢᠶᠠᠯ᠂ ᠤᠯᠠᠮᠵᠢᠯᠠᠯᠳᠤ ᠲᠠᠭᠤᠤ ᠪᠦᠵᠢᠭ᠂ ᠤᠷ᠎ᠠ ᠮᠡᠷᠬᠡᠵᠢᠯ᠂ ᠡᠮ ᠡᠮᠨᠡᠯᠬᠡ ᠪᠠ ᠵᠤᠭ᠎ᠠ ᠴᠠᠩᠬᠡᠯ ᠵᠡᠷᠬᠡ ᠭᠤᠤᠯᠳᠠᠯᠭᠠᠳᠤ ᠲᠠᠯ᠎ᠠ ᠠᠴᠠ ᠭᠠᠷᠳᠠᠨ᠂ ᠨᠡᠶᠢᠳᠡᠮ ᠪᠠᠶᠢᠴᠠᠭᠠᠯᠳᠡ ᠪᠠᠨ ᠬᠥᠨᠵᠡᠬᠡᠶᠢᠷᠡᠬᠦᠯᠵᠦ᠂ ᠨᠠᠷᠢᠯᠢᠭ ᠡᠷᠢᠯᠬᠢᠯᠡᠨ᠂ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠯ ᠢ ᠵᠤᠵᠠᠭᠠᠳᠬᠠᠵᠦ᠂ ᠤᠯᠠᠨ ᠵᠦᠢᠯ ᠤᠨ ᠪᠤᠳᠠᠰ ᠤᠨ ᠪᠤᠰᠤ ᠰᠤᠶᠤᠯ ᠤᠨ ᠥᠪ ᠤᠨ ᠥᠯᠡᠳᠡᠭᠳᠡᠯ ᠪᠥᠳᠥᠬᠡᠭᠳᠡᠬᠦᠨ ᠢ ᠨᠡᠬᠡᠬᠡᠨ᠂ ᠪᠤᠳᠠᠰ ᠤᠨ ᠪᠤᠰᠤ ᠰᠤᠶᠤᠯ ᠤᠨ ᠥᠪ ᠤᠨ ᠤᠤᠯ ᠴᠢᠨᠠᠷ ᠢᠶᠠᠨ ᠠᠯᠳᠠᠬᠤ ᠥᠬᠡᠢ᠂ ᠰᠤᠶᠤᠯ ᠤᠨ ᠬᠥᠭ ᠠᠶᠠᠰ ᠢ ᠥᠬᠡᠷᠡᠳᠤᠬᠦᠯᠬᠦ ᠥᠬᠡᠢ ᠶᠢ ᠪᠠᠳᠤᠯᠠᠵᠦ᠂ ᠪᠤᠳᠠᠰ ᠤᠨ ᠪᠤᠰᠤ ᠰᠤᠶᠤᠯ ᠤᠨ ᠥᠪ ᠤᠨ ᠨᠡᠯᠢᠶᠡᠳ ᠥᠷᠬᠡᠨ ᠬᠡᠪᠴᠢᠶᠡᠨ ᠤ ᠬᠠᠮᠠᠭᠠᠯᠠᠯᠳᠡ ᠪᠠ ᠤᠯᠠᠮᠵᠢᠯᠠᠬᠤ ᠶᠢ ᠠᠬᠢᠭᠤᠯᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号