ᠬᠤᠪᠢ ᠬᠦᠮᠦᠨ ᠤ ᠤᠯᠵᠠᠪᠤᠷᠢ ᠶᠢᠨ ᠭᠠᠶᠢᠯᠢ ᠲᠠᠳᠠᠪᠤᠷᠢᠯᠠᠬᠤ ᠡᠬᠢᠯᠡᠯᠳᠡ ᠶᠢᠨ ᠱᠤᠭᠤᠮ ᠢ ᠵᠢᠯ ᠤᠨ 6  ᠲᠦᠮᠡᠨ ᠲᠦᠭᠦᠷᠢᠭ ᠪᠤᠯᠭᠠᠨ ᠳᠤᠬᠢᠷᠠᠭᠤᠯᠬᠤ ᠪᠠᠷ ᠪᠤᠢ
ᠨᠡᠶᠢᠲᠡᠯᠡᠭᠰᠡᠨ ᠴᠠᠭ᠄
2018-07-09
     19᠎ ᠤ ᠡᠳᠦᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠤ ᠠᠩᠬ᠎ᠠ ᠤᠳᠠᠭ᠎ᠠ ᠬᠢᠨᠡᠨ ᠵᠦᠪᠯᠡᠭᠦᠯᠦᠭᠰᠡᠨ ᠬᠤᠪᠢ ᠬᠦᠮᠦᠨ ᠤ ᠤᠯᠵᠠᠪᠤᠷᠢ ᠶᠢᠨ  ᠭᠠᠶᠢᠯᠢ ᠶᠢᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠲᠤ᠄ ᠬᠡᠰᠡᠭ ᠬᠦᠳᠡᠯᠮᠦᠷᠢ  ᠦᠢᠯᠡᠴᠢᠯᠡᠭᠡᠨ ᠤ ᠴᠢᠨᠠᠷᠳᠠᠢ ᠤᠷᠤᠯᠭ᠎ᠠ ᠳᠤ ᠶᠡᠷᠦᠩᠬᠡᠶᠢᠯᠡᠭᠰᠡᠨ ᠭᠠᠶᠢᠯᠢ ᠲᠠᠳᠠᠪᠤᠷᠢᠯᠠᠬᠤ ᠠᠷᠭ᠎ᠠ ᠶᠢ ᠬᠡᠷᠡᠭᠵᠢᠭᠦᠯᠦᠨ᠎ᠠ︔ ᠭᠠᠶᠢᠯᠢ ᠶᠢᠨ ᠨᠤᠷᠮ᠎ᠠ ᠶᠢᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠤᠨ᠎ᠠ︔ ᠶᠡᠷᠦᠩᠬᠡᠶᠢᠯᠡᠭᠰᠡᠨ  ᠤᠯᠵᠠᠪᠤᠷᠢ ᠶᠢᠨ ᠭᠠᠶᠢᠯᠢ ᠠᠴᠠ ᠬᠡᠯᠳᠦᠷᠢᠭᠦᠯᠬᠦ ᠪᠠᠷᠢᠮᠵᠢᠶ᠎ᠠ᠂ ᠳᠠᠷᠤᠢ ᠶᠡᠷᠦᠳᠡ ᠶᠢᠨ ᠬᠡᠯᠡᠳᠡᠭ ᠭᠠᠶᠢᠯᠢ ᠲᠠᠳᠠᠪᠤᠷᠢᠯᠠᠬᠤ  ᠡᠬᠢᠯᠡᠯᠳᠡ ᠶᠢᠨ ᠱᠤᠭᠤᠮ ᠢ 5000 ᠲᠦᠭᠦᠷᠢᠭ / ᠰᠠᠷ᠎ᠠ ︵6 ᠲᠦᠮᠡᠨ ᠲᠦᠭᠦᠷᠢᠭ / ᠵᠢᠯ︶ ᠪᠤᠯᠭᠠᠨ  ᠳᠡᠭᠡᠭᠰᠢᠯᠡᠭᠦᠯᠤᠨ᠎ᠠ︔ ᠠᠩᠬ᠎ᠠ ᠤᠳᠠᠭ᠎ᠠ ᠲᠤᠰᠬᠠᠢ ᠲᠦᠷᠦᠯ ᠤᠨ ᠰᠠᠭᠤᠳᠬᠠᠯ ᠢ ᠨᠡᠮᠡᠵᠦ ᠲᠤᠬᠢᠷᠠᠭᠤᠯᠪᠠ ᠭᠡᠵᠤ ᠳᠤᠳᠤᠷᠬᠠᠢ ᠲᠤᠭᠳᠠᠭᠠᠪᠠ᠂ ᠡᠨᠡ ᠨᠢ ᠮᠠᠨ ᠤ ᠤᠯᠤᠰ ᠤᠨ ᠶᠡᠷᠦᠩᠬᠡᠶᠢᠯᠡᠭᠰᠡᠨ ᠪᠠ ᠲᠦᠷᠦᠯ ᠬᠤᠪᠢᠶᠠᠬᠤ ᠶᠢ  ᠤᠶᠠᠯᠳᠤᠭᠤᠯᠤᠭᠰᠠᠨ ᠬᠤᠪᠢ ᠬᠦᠮᠦᠨ ᠤ ᠤᠯᠵᠠᠪᠤᠷᠢ ᠶᠢᠨ ᠭᠠᠶᠢᠯᠢ ᠶᠢᠨ ᠳᠦᠷᠢᠮ ᠢ ᠪᠠᠶᠢᠭᠤᠯᠬᠤ ᠦᠭᠡᠷᠡᠴᠢᠯᠡᠯᠳᠡ  ᠪᠤᠳᠠᠳᠤ ᠴᠢᠨᠠᠷᠳᠠᠢ ᠠᠬᠢᠴᠠ ᠲᠠᠢ ᠪᠤᠯᠤᠭᠰᠠᠨ ᠢ ᠬᠠᠷᠠᠭᠤᠯᠵᠤ ᠪᠠᠶᠢᠨ᠎ᠠ᠃            ᠡᠳ᠋ ᠤᠨ ᠵᠠᠰᠠᠭ ᠤᠨ ᠶᠠᠮᠤᠨ ᠤ ᠰᠠᠶᠢᠳ ᠯᠢᠦ ᠺᠦᠨ ᠡᠬᠡ ᠨᠤᠤᠷᠠᠭ ᠤᠨ ᠲᠤᠬᠠᠢ ᠳᠤᠳᠤᠷᠬᠠᠢᠢᠯᠠᠯᠳᠠ  ᠬᠢᠬᠦ ᠳᠡᠭᠡᠨ᠂ ᠡᠬᠡ ᠨᠤᠤᠷᠠᠭ ᠲᠤ ᠶᠡᠷᠦᠩᠬᠡᠶᠢᠯᠡᠭᠰᠡᠨ ᠤᠯᠵᠠᠪᠤᠷᠢ ᠶᠢᠨ ᠭᠠᠶᠢᠯᠢ ᠠᠴᠠ ᠬᠡᠯᠳᠦᠷᠢᠭᠦᠯᠬᠦ ᠪᠠᠷᠢᠮᠵᠢᠶ᠎ᠠ ᠶᠢ  ᠳᠡᠭᠡᠭᠰᠢᠯᠡᠭᠦᠯᠦᠭᠡᠳ 5000 ᠲᠦᠭᠦᠷᠢᠭ / ᠰᠠᠷ᠎ᠠ ︵6 ᠲᠦᠮᠡᠨ ᠲᠦᠭᠦᠷᠢᠭ / ᠵᠢᠯ︶ ᠪᠤᠯᠭᠠᠭᠰᠠᠨ ᠨᠢ ᠠᠷᠠᠳ  ᠤᠯᠠᠨ ᠤ ᠬᠡᠷᠡᠭᠯᠡᠭᠡ ᠵᠠᠷᠤᠯᠭ᠎ᠠ ᠶᠢᠨ ᠲᠦᠪᠰᠢᠨ ᠳᠡᠭᠡᠭᠰᠢᠯᠡᠭᠰᠡᠨ ᠵᠡᠷᠭᠡ ᠡᠯ᠎ᠠ ᠲᠠᠯ᠎ᠠ ᠶᠢᠨ ᠡᠯᠧᠮᠧᠨ᠋ᠲ ᠢ ᠶᠡᠷᠦᠩᠬᠡᠶᠢᠯᠡᠨ  ᠪᠤᠳᠤᠯᠬᠢᠯᠠᠭᠰᠠᠨ ᠪᠦᠭᠡᠳ ᠵᠤᠬᠢᠬᠤ ᠤᠷᠢᠳᠠᠴᠢ ᠴᠢᠨᠠᠷ ᠢ ᠢᠯᠡᠷᠡᠭᠦᠯᠵᠠᠢ ᠭᠡᠵᠤ ᠢᠯᠡᠳᠭᠡᠪᠡ᠃            ︽ᠲᠤᠰ ᠪᠠᠷᠢᠮᠵᠢᠶ᠎ᠠ ᠪᠠᠷ ᠭᠠᠶᠢᠯᠢ ᠶᠢᠨ ᠨᠤᠷᠮ᠎ᠠ ᠶᠢᠨ ᠪᠦᠲᠦᠴᠡ ᠳᠤ ᠬᠢᠬᠦ ᠲᠤᠬᠢᠷᠠᠭᠤᠯᠤᠯᠳᠠ ᠲᠠᠢ  ᠤᠶᠠᠯᠳᠤᠭᠤᠯᠤᠨ ᠪᠤᠳᠤᠪᠠᠯ᠂ ᠴᠠᠯᠢᠩ᠂ ᠬᠦᠯᠦᠰᠤ ᠤᠯᠭᠤᠮᠵᠢ ᠵᠡᠷᠭᠡ ᠶᠡᠷᠦᠩᠬᠡᠶᠢᠯᠡᠭᠰᠡᠨ ᠤᠯᠵᠠᠪᠤᠷᠢ ᠲᠠᠢ ᠭᠠᠶᠢᠯᠢ  ᠲᠤᠰᠢᠶᠠᠭᠴᠢᠳ ᠤᠨ ᠭᠠᠶᠢᠯᠢ ᠶᠢᠨ ᠳᠠᠷᠤᠭᠠᠰᠤ ᠶᠡᠷᠦᠩᠬᠡᠢ ᠳᠡᠭᠡᠨ ᠪᠦᠷ ᠠᠳᠠᠯᠢ ᠪᠤᠰᠤ ᠬᠡᠮᠵᠢᠶ᠎ᠠ ᠪᠠᠷ ᠬᠦᠩᠭᠡᠷᠡᠵᠤ᠂  ᠤᠨᠴᠠᠭᠠᠢᠢᠯᠠᠨ ᠳᠤᠮᠳᠠ ᠳᠡᠰ ᠠᠴᠠ ᠳᠤᠷᠤᠭᠰᠢᠬᠢ ᠤᠷᠤᠯᠭ᠎ᠠ ᠲᠠᠢ ᠤᠯᠠᠨ ᠲᠦᠮᠡᠨ ᠤ ᠭᠠᠶᠢᠯᠢ ᠶᠢᠨ ᠳᠠᠷᠤᠭᠠᠰᠤ  ᠢᠯᠡᠳᠳᠡ ᠬᠦᠩᠭᠡᠷᠡᠵᠤ᠂ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠵᠤ᠂ ᠬᠡᠷᠡᠭᠯᠡᠭᠡ ᠶᠢᠨ ᠴᠢᠳᠠᠪᠤᠷᠢ ᠶᠢ ᠨᠢ  ᠳᠡᠭᠡᠭᠰᠢᠯᠡᠭᠦᠯᠬᠦ ᠳᠤ ᠠᠰᠢᠭᠳᠠᠢ︾ ᠭᠡᠵᠤ ᠯᠢᠤ ᠺᠦᠨ ᠬᠡᠯᠡᠵᠡᠢ᠃      ᠡᠬᠡ ᠨᠤᠤᠷᠠᠭ ᠲᠤ᠂ ᠴᠠᠯᠢᠩ ᠮᠦᠩᠬᠦ᠂ ᠬᠦᠳᠡᠯᠮᠦᠷᠢ ᠦᠢᠯᠡᠴᠢᠯᠡᠭᠡᠨ ᠤ ᠤᠯᠭᠤᠮᠵᠢ᠂ ᠡᠬᠡ ᠪᠢᠴᠢᠭ ᠤᠨ  ᠬᠠᠷᠠᠮᠵᠢ᠂ ᠤᠨᠴᠠ ᠵᠦᠪᠰᠢᠶᠡᠷᠡᠯ ᠤᠨ ᠡᠷᠬᠡ ᠶᠢᠨ ᠬᠡᠷᠡᠭᠯᠡᠭᠡᠨ ᠤ ᠰᠦᠢᠳᠭᠡᠯ ᠵᠡᠷᠭᠡ 4 ᠵᠦᠢᠯ ᠤᠨ ᠬᠦᠳᠡᠯᠮᠦᠷᠢ ᠶᠢᠨ  ᠴᠢᠨᠠᠷᠳᠠᠢ ᠤᠷᠤᠯᠭ᠎ᠠ ᠶᠢ ᠶᠡᠷᠦᠩᠬᠡᠶᠢᠯᠡᠨ ᠭᠠᠶᠢᠯᠢ ᠳᠠᠳᠠᠪᠤᠷᠢᠯᠠᠬᠤ ᠬᠡᠪᠴᠢᠶᠠᠨ ᠳᠤ ᠤᠷᠤᠭᠤᠯᠵᠤ᠂ ᠨᠢᠭᠡᠳᠦᠯᠳᠠᠢ  ᠵᠤᠬᠢᠬᠤ ᠬᠡᠮᠵᠢᠶᠠᠨ ᠠᠴᠠ ᠬᠡᠳᠦᠷᠡᠪᠡᠯ ᠭᠠᠶᠢᠯᠢ ᠶᠢᠨ ᠨᠤᠷᠮ᠎ᠠ ᠶᠢ ᠦᠰᠭᠡᠨ ᠪᠤᠳᠤᠨ᠎ᠠ᠃ ᠡᠵᠡᠩᠨᠡᠯᠳᠡ ᠬᠢᠭᠰᠡᠨ  ᠤᠯᠵᠠᠪᠤᠷᠢ᠂ ᠬᠦᠦ ᠮᠦᠩᠭᠦ᠂ ᠰᠲ᠋ᠤᠺ ᠤᠨ ᠬᠦᠦ ᠮᠦᠩᠭᠦ᠂ ᠴᠡᠪᠡᠷ ᠠᠰᠢᠭ᠂ ᠡᠳ᠋ ᠬᠦᠷᠦᠩᠭᠡ ᠪᠠᠨ ᠭᠠᠳᠠᠭᠰᠢ  ᠲᠦᠷᠢᠶᠡᠰᠦᠯᠡᠭᠦᠯᠦᠭᠰᠡᠨ ᠤᠯᠵᠠᠪᠤᠷᠢ᠂ ᠡᠳ᠋ ᠬᠦᠷᠦᠩᠭᠡ ᠪᠠᠨ ᠰᠢᠯᠵᠢᠭᠦᠯᠦᠨ ᠦᠭᠭᠦᠭᠰᠡᠨ ᠤᠯᠵᠠᠪᠤᠷᠢ᠂  ᠭᠡᠨᠡᠳᠳᠡ ᠶᠢᠨ ᠤᠯᠵᠠᠪᠤᠷᠢ ᠵᠢᠴᠢ ᠪᠤᠰᠤᠳ ᠤᠯᠵᠠᠪᠤᠷᠢ ᠳᠤ ᠮᠦᠨ ᠬᠦ ᠲᠦᠷᠦᠯ ᠬᠤᠪᠢᠶᠠᠨ ᠭᠠᠶᠢᠯᠢ ᠳᠠᠳᠠᠪᠤᠷᠢᠯᠠᠬᠤ  ᠠᠷᠭ᠎ᠠ ᠶᠢ ᠬᠡᠷᠡᠭᠵᠢᠭᠦᠯᠤᠨ᠎ᠠ ᠭᠡᠪᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号