7 ᠰᠠᠷ᠎ᠠ ᠶᠢᠨ1᠎ ᠠᠴᠠ ᠡᠬᠢᠯᠡᠨ ᠮᠠᠨ ᠤ ᠤᠷᠤᠨ ᠤ ᠬᠦᠳᠡᠯᠭᠡᠭᠦ ᠬᠦᠴᠦᠨ ᠤ ᠴᠤᠪᠤᠭ᠎ᠠ ᠭᠠᠯᠳᠤ ᠳᠡᠷᠭᠡ  ᠡᠳᠦᠷ ᠲᠤ 38ᠤᠳᠠᠭ᠎ᠠ ᠨᠡᠪᠳᠡᠷᠡᠭᠦ ᠪᠤᠯᠤᠨ᠎ᠡ
ᠨᠡᠶᠢᠲᠡᠯᠡᠭᠰᠡᠨ ᠴᠠᠭ᠄
2018-07-09
       ᠬᠦᠭᠡᠬᠤᠳᠠ ᠶᠢᠨ ᠳᠡᠮᠦᠷ ᠵᠠᠮ ᠤᠨ ᠳᠤᠪᠴᠢᠶ᠎ᠠ ᠠᠴᠠ ᠤᠢᠢᠯᠠᠭᠠᠭᠰᠠᠨ ᠢᠶᠠᠷ᠂ ᠳᠤᠮᠳᠠᠳᠤ ᠤᠯᠤᠰ ᠤᠨ ᠳᠡᠮᠦᠷ  ᠵᠠᠮ ᠤᠨ ᠶᠡᠷᠦᠩᠬᠡᠢ ᠺᠤᠮᠫᠠᠨᠢ ᠶᠢᠨ ᠳᠤᠬᠢᠷᠠᠭᠤᠯᠤᠯᠳᠠ ᠶᠤᠰᠤᠭᠠᠷ᠂ ᠳᠡᠮᠦᠷ ᠵᠠᠮ ᠤᠨ ᠰᠠᠯᠠᠭ᠎ᠠ ᠮᠦᠴᠢᠷ 7 ᠰᠠᠷ᠎ᠠ ᠶᠢᠨ  1᠎ ᠤ ᠳᠡᠭ ᠴᠠᠭ ᠠᠴᠠ ᠡᠬᠢᠯᠡᠨ ᠭᠠᠯᠳᠤ ᠳᠡᠷᠭᠡᠨ ᠤ ᠰᠢᠨ᠎ᠠ ᠠᠶᠠᠯᠠᠯ ᠤᠨ ᠴᠠᠭ ᠢ ᠬᠡᠷᠡᠭᠵᠢᠭᠦᠯᠵᠤ᠂ ᠬᠦᠬᠡᠬᠤᠳᠠ ᠶᠢᠨ  ᠳᠡᠮᠦᠷ ᠵᠠᠮ ᠤᠨ ᠳᠤᠪᠴᠢᠶ᠎ᠠ ᠤᠨᠴᠠ ᠲᠦᠷᠭᠡᠨ ᠭᠠᠯᠳᠤ ᠳᠡᠷᠭᠡ ᠶᠢ 1 ᠬᠤᠤᠰ ᠰᠢᠨ᠎ᠠ ᠪᠠᠷ ᠠᠶᠠᠯᠠᠯ ᠨᠡᠪᠳᠡᠷᠡᠭᠦᠯᠵᠤ᠂  ᠬᠠᠷᠢᠶ᠎ᠠ ᠬᠠᠮᠢᠶᠠᠷᠤᠯᠳᠠ ᠶᠢᠨ ᠳᠤᠳᠤᠷᠠᠬᠢ ᠬᠦᠳᠡᠯᠭᠡᠭᠦ ᠬᠦᠴᠦᠨ ᠤ ᠴᠤᠪᠤᠭ᠎ᠠ ᠭᠠᠯᠳᠤ ᠳᠡᠷᠭᠡ ᠶᠢ ᠡᠳᠦᠷ ᠪᠦᠷᠢ 38  ᠤᠳᠠᠭ᠎ᠠ ᠨᠡᠪᠳᠡᠷᠡᠭᠦᠯᠵᠤ᠂ ᠬᠦᠬᠡᠬᠤᠳᠠ ᠪᠤᠭᠤᠳᠤ ᠤᠷᠳᠤᠰ ᠦᠬᠠᠢ ᠵᠡᠷᠭᠡ ᠭᠠᠵᠠᠷ ᠤᠷᠤᠨ ᠤ ᠤᠯᠠᠨ ᠲᠦᠮᠡᠨ ᠤ  ᠶᠠᠪᠤᠵᠤ ᠰᠠᠭᠤᠬᠤ ᠳᠤ ᠨᠠᠩ ᠲᠦᠭᠦᠮ ᠦᠵᠡᠭᠦᠯᠭᠦ ᠪᠤᠯᠤᠨ᠎ᠠ᠃            ᠤᠢᠢᠯᠠᠭᠠᠭᠰᠠᠨ ᠢᠶᠠᠷ᠂ ᠳᠤᠰ ᠤᠳᠠᠭᠠᠨ ᠤ ᠳᠤᠬᠢᠷᠠᠭᠤᠯᠤᠯᠳᠠ ᠳᠤ᠂ ᠬᠦᠬᠡᠬᠤᠳᠠ ᠵᠡᠭᠦᠨ ᠦᠷᠳᠡᠭᠡ ᠠᠴᠠ  ᠪᠤᠭᠤᠳᠤ ᠬᠦᠷᠭᠦ ᠬᠦᠳᠡᠯᠭᠡᠭᠦ ᠬᠦᠴᠦᠨ ᠤ ᠴᠤᠪᠤᠭ᠎ᠠ ᠭᠠᠯᠳᠤ ᠳᠡᠷᠭᠡ ᠶᠢ ᠡᠳᠦᠷ ᠪᠦᠷᠢ 18 ᠤᠳᠠᠭ᠎ᠠ ᠨᠡᠪᠳᠡᠷᠡᠭᠦᠯᠵᠤ  ᠂ ᠬᠦᠬᠡᠬᠤᠳᠠ ᠵᠡᠭᠦᠨ ᠦᠷᠳᠡᠭᠡ ᠠᠴᠠ ᠤᠯᠠᠭᠠᠨᠴᠠᠪ ᠬᠦᠷᠭᠦ ᠶᠢ 6 ᠤᠳᠠᠭ᠎ᠠ ᠨᠡᠪᠳᠡᠷᠡᠭᠦᠯᠵᠤ᠂ ᠬᠦᠬᠡᠬᠤᠳᠠ ᠵᠡᠭᠦᠨ  ᠦᠷᠳᠡᠭᠡ ᠠᠴᠠ ᠤᠷᠳᠤᠰ ᠬᠦᠷᠭᠦ ᠶᠢ 4 ᠤᠳᠠᠭ᠎ᠠ ᠨᠡᠪᠳᠡᠷᠡᠭᠦᠯᠵᠤ᠂ ᠪᠤᠭᠤᠳᠤ ᠠᠴᠠ ᠤᠯᠠᠭᠠᠨᠴᠠᠪ ᠬᠦᠷᠭᠦ ᠶᠢ 8  ᠤᠳᠠᠭ᠎ᠠ ᠨᠡᠪᠳᠡᠷᠡᠭᠦᠯᠵᠤ᠂ ᠤᠯᠠᠭᠠᠨᠴᠠᠪ ᠠᠴᠠ ᠤᠷᠳᠤᠰ ᠬᠦᠷᠭᠦ ᠶᠢ 2 ᠤᠳᠠᠭ᠎ᠠ ᠨᠡᠪᠳᠡᠷᠡᠭᠦᠯᠵᠤ᠂ ᠬᠦᠳᠡᠯᠭᠡᠭᠦ  ᠬᠦᠴᠦᠨ ᠤ ᠭᠠᠯᠳᠤ ᠳᠡᠷᠭᠡᠨ ᠤ ᠠᠶᠠᠯᠠᠯ ᠤᠨ ᠴᠠᠭ ᠤᠨ ᠵᠠᠢ ᠶᠢ ᠴᠢᠨᠠᠭᠰᠢᠳᠠ ᠰᠢᠯᠢᠳᠡᠭᠵᠢᠭᠦᠯᠤᠨ᠎ᠡ᠃ ᠰᠢᠨ᠎ᠠ ᠪᠠᠷ  ᠠᠶᠠᠯᠠᠯ ᠨᠡᠮᠡᠭᠳᠡᠭᠦᠯᠭᠦ ᠪᠠᠷ ᠪᠠᠶᠢᠭ᠎ᠠ ᠬᠦᠬᠡᠬᠤᠳᠠ ᠠᠴᠠ ᠰᠢᠨᠢᠩ ᠬᠦᠷᠭᠦ Z311/2 ᠤᠳᠠᠭ᠎ᠠ ᠶᠢᠨ ᠰᠢᠭᠤᠳ  ᠨᠡᠪᠳᠡᠷᠡᠭᠦ ᠤᠨᠴᠠ ᠲᠦᠷᠭᠡᠨ ᠠᠶᠠᠨᠴᠢᠨ ᠤ ᠴᠤᠪᠤᠭ᠎ᠠ ᠭᠠᠯᠳᠤ ᠳᠡᠷᠭᠡ ᠶᠢ 1 ᠬᠤᠤᠰ ᠨᠡᠪᠳᠡᠷᠡᠭᠦᠯᠵᠤ᠂  ᠳᠠᠩᠱᠠᠨ ᠠᠴᠠ ᠬᠦᠬᠡᠬᠤᠳᠠ ᠬᠦᠷᠭᠦ᠂ ᠪᠡᠭᠡᠵᠢᠩ ᠠᠴᠠ ᠪᠤᠭᠤᠳᠤ ᠬᠦᠷᠭᠦ᠂ ᠪᠤᠭᠤᠳᠤ ᠠᠴᠠ ᠯᠠᠨᠵᠧᠦ ᠬᠦᠷᠭᠦ᠂  ᠯᠠᠨᠵᠧᠦ ᠠᠴᠠ ᠬᠦᠬᠡᠨᠠᠭᠤᠷ ᠤᠨ ᠰᠢᠨᠢᠩ ᠬᠦᠷᠭᠦ ᠱᠤᠭᠤᠮ ᠢᠶᠠᠷ ᠠᠶᠠᠯᠠᠨ ᠦᠩᠭᠡᠷᠡᠭᠦ ᠪᠤᠯᠤᠨ᠎ᠠ᠃ ᠡᠭᠦᠨ ᠠᠴᠠ  ᠭᠠᠳᠠᠨ᠎ᠠ᠂ ᠨᠠᠨᠨᠢᠩ ᠠᠴᠠ ᠪᠤᠭᠤᠳᠤ ᠬᠦᠷᠭᠦ Z336/7 ᠤᠳᠠᠭ᠎ᠠ ᠵᠡᠷᠭᠡ 11 ᠴᠤᠪᠤᠭ᠎ᠠ ᠭᠠᠯᠳᠤ ᠳᠡᠷᠭᠡᠨ ᠤ  ᠵᠤᠭᠰᠤᠬᠤ ᠦᠷᠳᠡᠭᠡ ᠳᠤ ᠳᠤᠬᠢᠷᠠᠭᠤᠯᠤᠯᠳᠠ ᠬᠢᠭᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号