| ᠤᠢᠢᠷ᠎ᠠ ᠳᠤ᠂ ᠤᠷᠳᠤᠰ ᠬᠤᠳᠠ ᠶᠢᠨ ᠴᠢᠩᠬᠢᠰ ᠬᠠᠭᠠᠨ ᠤ ᠤᠡᠭᠭᠤᠨ ᠢ ᠲᠦᠷᠦ ᠶᠢᠨ ᠶᠠᠪᠤᠳᠠᠯ ᠤᠨ | ᠬᠤᠷᠢᠶᠠᠨ ᠤ ᠲᠠᠶᠢᠸᠠᠨ ᠤ ᠶᠠᠪᠤᠳᠠᠯ ᠤᠨ ᠠᠯᠪᠠᠨ ᠭᠡᠷ ᠠᠴᠠ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ | ᠰᠤᠯᠢᠯᠴᠠᠭ᠎ᠠ ᠶᠢᠨ ᠰᠠᠭᠤᠷᠢᠨ ᠪᠤᠯᠭᠠᠬᠤ ᠪᠠᠷ ᠵᠦᠪᠰᠢᠶᠡᠷᠡᠪᠡ᠃ ᠡᠨᠡ ᠪᠤᠯ ᠮᠠᠨ ᠤ ᠤᠷᠤᠨ ᠳᠠᠬᠢ ᠠᠩᠬᠠᠳᠠᠭᠴᠢ | ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭ᠎ᠠ ᠶᠢᠨ ᠰᠠᠭᠤᠷᠢᠨ ᠪᠤᠯᠤᠨ᠎ᠠ᠃ | ᠤᠢᠢᠯᠠᠭᠠᠭᠰᠠᠨ ᠢᠶᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠶᠢᠸᠠᠨ ᠤ ᠶᠠᠪᠤᠳᠠᠯ ᠤᠨ ᠠᠯᠪᠠᠨ | ᠭᠡᠷ ᠠᠴᠠ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭ᠎ᠠ ᠶᠢᠨ ᠰᠠᠭᠤᠷᠢᠨ ᠢ ᠰᠢᠨ᠎ᠠ ᠪᠠᠷ 6 | ᠨᠡᠮᠡᠬᠦ ᠶᠢ ᠵᠦᠪᠰᠢᠶᠡᠷᠡᠵᠠᠢ᠂ ᠪᠤᠰᠤᠳ 5 ᠨᠢ ᠲᠤᠰᠪᠤᠷᠢ᠄ ᠡᠾᠧᠨᠠᠨ ᠤ ᠠᠨᠶᠠᠩ ᠬᠤᠳᠠ ᠶᠢᠨ ᠶᠢᠤ ᠯᠢ ᠴᠸᠡᠭ᠂ | ᠹᠦᠵᠢᠶᠡᠨ ᠮᠤᠵᠢ ᠶᠢᠨ ᠨᠠᠨ ᠠᠨ ᠬᠤᠳᠠ ︵ᠵᠸᠡᠭ ᠴᠸᠡᠭ ᠬᠦᠡᠭ ᠤᠨ ᠲᠦᠷᠦᠭᠰᠡᠨ ᠨᠤᠳᠤᠭ︶᠂ ᠹᠦᠵᠢᠶᠡᠨ | ᠮᠤᠵᠢ ᠶᠢᠨ ᠹᠦᠵᠸᠤ ᠬᠤᠳᠠ ᠶᠢᠨ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠵᠠᠯᠠᠭᠤᠴᠤᠳ ᠤᠨ | ᠰᠤᠯᠢᠯᠴᠠᠭᠠᠨ ᠤ ᠰᠠᠭᠤᠷᠢᠨ᠂ ᠴᠦᠡᠭᠴᠢᠩ ᠬᠤᠳᠠ ᠶᠢᠨ ᠤᠤᠢ ᠶᠢᠤ ᠵᠢᠤ ᠯᠢ ᠴᠸᠡᠭ᠂ ᠶᠦᠨᠨᠠᠨ ᠮᠤᠵᠢ ᠶᠢᠨ ᠪᠤᠤᠱᠠᠨ | ᠬᠤᠳᠠ ᠶᠢᠨ ᠯᠦᠡᠭ ᠯᠢᠩ ᠰᠢᠶᠡᠨ ᠤ ᠰᠦᠡᠭᠱᠠᠨ ᠶᠠᠫᠤᠨ ᠢ ᠡᠰᠡᠷᠬᠦᠴᠡᠬᠦ ᠲᠠᠶᠢᠯᠠᠯᠳᠤᠭᠠᠨ ᠤ ᠪᠠᠭᠤᠷᠢ ᠪᠤᠯᠤᠨ᠎ᠠ᠃ | ᠤᠳᠤᠬᠠᠨ ᠳᠤ᠂ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭ᠎ᠠ ᠶᠢᠨ ᠰᠠᠭᠤᠷᠢᠨ ᠨᠡᠶᠢᠳᠡ 66 | ᠪᠤᠢ᠃ | 6 ᠰᠠᠷ᠎ᠠ ᠶᠢᠨ 27 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠶᠢᠸᠠᠨ ᠤ ᠶᠠᠪᠤᠳᠠᠯ ᠤᠨ ᠠᠯᠪᠠᠨ | ᠭᠡᠷ ᠵᠤᠷᠰᠢᠯᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ᠂ ᠰᠤᠨᠢᠨ ᠮᠡᠳᠡᠭᠡ ᠶᠢᠨ ᠦᠭᠦᠯᠡᠭᠴᠢ ᠰᠢᠨ᠎ᠠ ᠪᠠᠷ | ᠨᠡᠮᠡᠭᠰᠡᠨ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭᠠᠨ ᠤ ᠰᠠᠭᠤᠷᠢᠨ ᠤ ᠬᠠᠮᠢᠶ᠎ᠠ ᠪᠦᠬᠦᠢ | ᠪᠠᠶᠢᠳᠠᠯ ᠤᠨ ᠲᠤᠬᠠᠢ ᠲᠠᠨᠢᠯᠴᠠᠭᠤᠯᠤᠭᠰᠠᠨ ᠪᠠᠶᠢᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠲᠠᠶᠢᠸᠠᠨ ᠤ ᠶᠠᠪᠤᠳᠠᠯ ᠤᠨ ᠠᠯᠪᠠᠨ ᠭᠡᠷ ᠤᠨ ᠦᠬᠦᠯᠡᠭᠴᠢ ᠮᠠ | ᠰᠢᠶᠤᠤ ᠭᠤᠸᠠᠩ ᠤᠨ ᠲᠠᠨᠢᠯᠴᠠᠭᠤᠯᠤᠭᠰᠠᠨ ᠢᠶᠠᠷ᠂ 2009 ᠤᠨ ᠠᠴᠠ ᠨᠠᠰᠢ᠂ ᠮᠠᠨ ᠤ ᠠᠯᠪᠠᠨ ᠭᠡᠷ ᠤᠨ ᠬᠢᠨ | ᠤᠷᠢᠳ ᠬᠤᠵᠢᠳ ᠱᠠᠨᠳᠦ᠋ᠡᠭ᠂ ᠬᠤᠪᠸᠢ᠂ ᠹᠦᠵᠢᠶᠡᠨ ᠵᠡᠷᠭᠡ 21 ᠮᠤᠵᠢ ︵ᠦᠪᠡᠷᠳᠡᠭᠡᠨ ᠵᠠᠰᠠᠬᠤ ᠤᠷᠤᠨ᠂ | ᠬᠤᠳᠠ︶ ᠳᠤ ᠵᠦᠪᠰᠢᠶᠡᠷᠡᠯ ᠢᠶᠠᠷ᠂ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡᠨ ᠤ ᠰᠤᠯᠢᠯᠴᠠᠭ᠎ᠠ ᠶᠢᠨ | ᠰᠠᠭᠤᠷᠢᠨ ᠢ 60 ᠪᠠᠶᠢᠭᠤᠯᠵᠤ᠂ ᠤᠢᠢᠷ᠎ᠠ ᠳᠤ ᠰᠢᠨ᠎ᠠ ᠪᠠᠷ 6 ᠶᠢ ᠨᠡᠮᠡᠵᠠᠢ᠃ ᠡᠳᠡᠭᠡᠷ ᠰᠤᠯᠢᠯᠴᠠᠭ᠎ᠠ ᠶᠢᠨ | ᠰᠠᠭᠤᠷᠢᠨ ᠢ ᠲᠤᠬᠢᠷᠠᠭᠤᠯᠤᠭᠰᠠᠨ ᠨᠢ᠂ ᠲᠤᠬᠠᠢ ᠶᠢᠨ ᠭᠠᠵᠠᠷ ᠤᠨ ᠰᠤᠶᠤᠯ ᠤᠨ ᠡᠬᠢ ᠪᠠᠶᠠᠯᠢᠭ ᠤᠨ ᠤᠨᠴᠠᠯᠢᠭ ᠪᠠ | ᠲᠠᠶᠢᠸᠠᠨ ᠯᠤᠭ᠎ᠠ ᠶᠢᠨ ᠰᠤᠯᠢᠯᠴᠠᠭᠠᠨ ᠤ ᠪᠠᠶᠢᠳᠠᠯ ᠢ ᠶᠡᠷᠦᠩᠭᠡᠢ ᠳᠤᠨᠢ ᠪᠤᠳᠤᠯᠬᠢᠯᠠᠵᠤ᠂ ᠲᠠᠯᠠᠢ ᠶᠢᠨ ᠬᠤᠭᠤᠯᠠᠢ ᠶᠢᠨ | ᠬᠤᠶᠠᠷ ᠬᠦᠪᠡᠭᠡ ᠶᠢᠨ ᠠᠬ᠎ᠠ ᠲᠡᠬᠦᠤ ᠨᠠᠷ ᠤᠨ ᠲᠡᠤᠭᠡ ᠪᠠᠨ ᠡᠷᠬᠢᠴᠡᠬᠦᠯᠬᠦ᠂ ᠰᠤᠶᠤᠯ ᠢᠶᠠᠨ ᠰᠤᠯᠢᠯᠴᠠᠬᠤ᠂ ᠰᠠᠳᠤᠨ | ᠲᠦᠷᠦᠯ ᠢᠶᠠᠷ ᠢᠶᠠᠨ ᠰᠡᠳᠬᠢᠯ ᠢᠶᠠᠨ ᠠᠭᠤᠵᠢᠷᠠᠳᠠᠯ᠎ᠠ ᠶᠠᠷᠢᠯᠴᠠᠬᠤ᠂ ᠬᠠᠮᠳᠤ ᠪᠠᠷ ᠬᠦᠭᠵᠢᠬᠦ ᠶᠢ ᠬᠦᠭᠡᠭᠡᠴᠡᠯᠳᠦᠬᠦ ᠳᠤ | ᠲᠠᠪᠴᠠᠩ ᠬᠠᠨᠭ᠍ᠭᠠᠨ ᠦᠭᠴᠤ᠂ ᠲᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠠᠬ᠎ᠠ ᠲᠡᠬᠦᠤ ᠨᠠᠷ ᠤᠨ ᠴᠢᠰᠤ | ᠮᠢᠬᠠᠨ ᠤ ᠬᠤᠯᠪᠤᠭ᠎ᠠ ᠲᠠᠢ ᠰᠠᠳᠤᠨ ᠲᠦᠷᠦᠯ ᠪᠤᠯᠬᠤ ᠶᠢ ᠬᠦᠢᠴᠡᠳ ᠢᠯᠡᠷᠡᠬᠦᠯᠵᠠᠢ᠃ ᠤᠳᠤᠬᠠᠨ ᠳᠤ᠂ ᠲᠠᠯᠠᠢ ᠶᠢᠨ | ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭ᠎ᠠ ᠶᠢᠨ ᠰᠠᠭᠤᠷᠢᠨ ᠨᠢᠭᠡᠨᠳᠡ 66 ᠪᠤᠯᠵᠤ᠂ ᠲᠠᠶᠢᠸᠠᠨ ᠤ ᠠᠬ᠎ᠠ | ᠲᠡᠬᠦᠤ ᠨᠠᠷ᠂ ᠡᠯ᠎ᠠ ᠡᠳᠡᠭᠡᠳ ᠤᠨ ᠬᠦᠮᠦᠰ ᠤᠨ ᠡᠳᠡᠭᠡᠷ ᠰᠤᠯᠢᠯᠴᠠᠭ᠎ᠠ ᠶᠢᠨ ᠰᠠᠭᠤᠷᠢᠨ ᠢᠶᠠᠷ ᠲᠤᠭᠤᠷᠢᠨ | ᠪᠠᠶᠢᠴᠠᠭᠠᠯᠳᠠ ᠬᠢᠵᠤ᠂ ᠰᠤᠯᠢᠯᠴᠠᠭ᠎ᠠ ᠬᠠᠮᠳᠤᠷᠠᠯᠴᠠᠭ᠎ᠠ ᠬᠢᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠳᠤᠵᠤ | ᠪᠠᠶᠢᠨ᠎ᠠ ᠭᠡᠰᠡᠨ ᠪᠠᠶᠢᠯ᠎ᠠ᠃ | | | | | | |