ᠡᠵᠡᠨ ᠬᠤᠷᠤᠭ᠎ᠠ ᠬᠤᠰᠢᠭᠤᠨ ᠤ ᠬᠢᠯᠢ ᠪᠠᠷ ᠤᠷᠤᠵᠤ ᠭᠠᠷᠬᠤ ᠶᠢ ᠬᠠᠮᠢᠶᠠᠷᠬᠤ ᠶᠡᠭᠡ ᠠᠩᠬᠢ ᠶᠢᠨ ᠭᠡᠷᠡᠴᠢ ᠲᠡᠮᠳᠡᠭ ᠬᠦᠢᠴᠡᠤᠡᠭᠡᠬᠦ ᠶᠡᠭᠡ ᠲᠢᠩᠬᠢᠮ ︽ᠪᠦᠬᠦ ᠬᠤᠳᠡ ᠶᠢᠨ ᠪᠤᠯᠪᠠᠰᠤᠨ ᠦᠢᠯᠡᠴᠢᠯᠡᠭᠡᠨ ᠤ ᠵᠢᠱᠢᠶ᠎ᠡ ᠦᠵᠡᠬᠦᠯᠬᠦ ᠴᠤᠩᠬᠤᠪᠴᠢ︾᠎ ᠶᠢᠨ ᠢᠷᠠᠭᠤ ᠠᠯᠳᠡᠷ ᠢ ᠬᠦᠷᠳᠡᠪᠡ
ᠨᠡᠶᠢᠲᠡᠯᠡᠭᠰᠡᠨ ᠴᠠᠭ᠄
2018-07-09
     ᠠᠯᠳᠠᠠᠰᠢᠷᠡᠭᠡᠳᠤ ᠶᠢᠨ ᠮᠡᠳᠡᠭᠡ ᠦᠢᠷ᠎ᠡ ᠳᠤ᠂ ᠤᠷᠳᠤᠰ ᠬᠤᠳᠡ ᠶᠢᠨ ᠤᠶᠤᠨ ᠤ ᠪᠤᠯᠪᠠᠰᠤᠨ ᠤ ᠪᠠᠶᠢᠭᠤᠯᠤᠯᠳᠡ ᠶᠢᠨ ᠵᠦᠪᠯᠠᠯ ᠠᠴᠠ ᠮᠡᠳᠡᠭᠳᠡᠯ ᠪᠠᠭᠤᠯᠭᠠᠵᠤ᠂ ᠡᠵᠡᠨ ᠬᠤᠷᠤᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠡ ᠶᠢᠨ ᠬᠢᠯᠢ ᠪᠠᠷ ᠤᠷᠤᠵᠤ ᠭᠠᠷᠬᠤ ᠶᠢ ᠬᠠᠮᠢᠶᠠᠷᠬᠤ ᠶᠡᠭᠡ ᠠᠩᠬᠢ ᠶᠢᠨ ᠭᠡᠷᠡᠴᠢ ᠲᠡᠮᠳᠡᠭ ᠬᠦᠢᠴᠡᠤᠡᠭᠡᠬᠦ ᠶᠡᠭᠡ ᠲᠢᠩᠬᠢᠮ ᠳᠤ ︽2017 ᠤᠨ ᠤ ᠪᠦᠬᠦ ᠬᠤᠳᠡ ᠶᠢᠨ ᠪᠤᠯᠪᠠᠰᠤᠨ ᠦᠢᠯᠡᠴᠢᠯᠡᠭᠡᠨ ᠤ ᠵᠢᠱᠢᠶ ᠎ᠡ ᠦᠵᠡᠬᠦᠯᠬᠦ ᠴᠤᠩᠬᠤᠪᠴᠢ︾᠎ ᠶᠢᠨ ᠢᠷᠠᠭᠤ ᠠᠯᠳᠡᠷ ᠢ ᠬᠦᠷᠳᠡᠭᠡᠪᠡ᠃      ᠨᠢᠳᠤᠨᠤᠨ ᠠᠴᠠ ᠨᠠᠰᠢ᠂ ᠲᠤᠰ ᠶᠡᠭᠡ ᠠᠩᠬᠢ ᠶᠢᠨ ᠬᠢᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠲᠠᠯ᠎ᠡ ᠳᠤ ᠦᠢᠯᠡᠴᠢᠯᠡᠬᠦ ᠶᠢᠨ ᠲᠤᠭᠤᠷᠢᠨ ᠳᠤ᠂ ᠰᠢᠯᠢᠳᠡᠭ ᠴᠤᠩᠬᠤᠪᠴᠢ ᠶᠢᠨ ᠪᠠᠶᠢᠭᠤᠯᠤᠯᠳᠡ ᠳᠤ ᠰᠠᠭᠤᠷᠢᠯᠠᠨ᠂ ᠬᠤᠰᠢᠭᠤ ᠲᠤᠭᠤᠷᠢᠬ ᠤᠨ ᠲᠤᠳᠤᠷᠠᠬᠢ ᠬᠢᠯᠢ ᠪᠠᠷ ᠤᠷᠤᠵᠤ ᠭᠠᠷᠬᠤ ᠶᠢ ᠬᠠᠮᠢᠶᠡᠷᠬᠤ ᠪᠡ ᠦᠢᠯᠡᠴᠢᠯᠡᠭᠡᠨ ᠤ ᠲᠡᠷᠢᠬᠦᠨ ᠲᠡᠰ ᠤᠨ ᠴᠤᠩᠬᠤᠪᠴᠢ ᠶᠢ ᠪᠠᠶᠢᠭᠤᠯᠬᠤ ᠪᠠᠷ ᠬᠠᠷᠠᠯᠳᠡ ᠪᠤᠯᠭᠠᠵᠤ᠂ ᠠᠷᠭ᠎ᠠ ᠭᠡᠮᠵᠢᠶ᠎ᠡ ᠪᠠᠨ ᠰᠠᠶᠢᠵᠢᠷᠠᠭᠤᠯᠵᠤ᠂ ᠤᠯᠠᠨ ᠲᠦᠮᠡᠨ ᠤ ᠰᠡᠤᠡᠬᠢᠯ ᠬᠠᠨᠤᠮᠵᠢᠳᠡᠢ ᠪᠤᠯᠪᠠᠰᠤᠨ ᠴᠤᠩᠬᠤᠪᠴᠢ ᠶᠢ ᠡᠬᠦᠳᠤᠨ ᠪᠠᠶᠢᠭᠤᠯᠬᠤ ᠪᠠᠷ ᠮᠠᠷᠠᠶᠢᠵᠤ᠂ ︽ᠦᠢᠯᠡᠴᠢᠯᠡᠭᠡ ᠨᠢ ᠦᠡᠳᠤᠷ ᠦᠷ᠎ᠡ ᠠᠰᠢᠬ ᠲᠠᠢ ᠪᠥᠭᠡᠤᠨ ᠲᠦᠷᠭᠡᠨ᠂ ᠤᠴᠢᠷ ᠶᠠᠪᠤᠳᠠᠯ ᠬᠦᠢᠴᠡᠤᠡᠭᠡᠬᠦ ᠳᠤ ᠢᠯᠨ ᠲᠤᠳᠤ᠂ ᠤᠯᠠᠨ ᠲᠦᠮᠡᠨ ᠳᠤ ᠬᠠᠯᠠᠭᠤᠮᠰᠤᠬ ᠢᠶᠠᠷ ᠦᠢᠯᠡᠴᠢᠯᠡᠨ᠂ ᠤᠷᠴᠢᠨ ᠲᠤᠭᠤᠷᠢᠨ ᠠᠷᠢᠭᠤᠨ ᠴᠢᠭᠡᠴᠢ︾ ᠪᠠᠶᠢᠬᠤ ᠶᠢ ᠪᠡᠶᠡᠯᠡᠬᠦᠯᠦᠭᠰᠡᠨ ᠠᠴᠠ ᠡᠨᠡᠬᠦ ᠢᠷᠠᠭᠤ ᠠᠯᠳᠠᠷ ᠢ ᠬᠦᠷᠳᠡᠵᠡᠢ
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
p;wvㅠ=