ᠡᠵᠡᠨ ᠬᠤᠷᠤᠭ᠎ᠠ ᠬᠤᠰᠢᠭᠤ ᠮᠠᠰᠢᠨ ᠢᠶᠠᠷ ᠭᠠᠵᠠᠷ ᠬᠠᠭᠠᠯᠪᠤᠷᠢᠯᠠᠵᠤ ᠰᠤᠯᠠᠳᠬᠠᠬᠤ ᠮᠡᠷᠭᠡᠵᠢᠯ ᠢ ᠦᠷᠭᠡᠨ ᠢᠶᠠᠷ ᠲᠡᠯᠭᠡᠷᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2018-07-09
     ᠡᠵᠡᠨ ᠬᠤᠷᠤᠭ᠎ᠠ ᠬᠤᠰᠢᠭᠤ ᠮᠠᠰᠢᠨ ᠢᠶᠠᠷ ᠭᠠᠵᠠᠷ ᠬᠠᠭᠠᠯᠪᠤᠷᠢᠯᠠᠵᠤ ᠰᠤᠯᠠᠳᠬᠠᠬᠤ ᠮᠡᠷᠭᠡᠵᠢᠯ ᠢ ᠦᠷᠭᠡᠨ ᠢᠶᠠᠷ ᠲᠡᠯᠭᠡᠷᠡᠬᠦᠯᠤᠨ ᠬᠡᠷᠡᠭᠯᠡᠵᠦ᠂ ᠮᠠᠯᠴᠢᠨ ᠲᠠᠷᠢᠶᠠᠴᠢᠳ ᠤᠨ ᠮᠠᠯ ᠲᠠᠷᠢᠶᠠᠯᠠᠩ ᠤᠨ ᠤᠷᠤᠯᠭ᠎ᠠ ᠶᠢ ᠦᠨᠡᠨ ᠬᠦ ᠲᠡᠭᠡᠭᠰᠢᠯᠡᠬᠦᠯᠵᠦ ᠪᠠᠶᠢᠨ᠎ᠠ᠃      ᠡᠨᠡ ᠵᠢᠯ ᠡᠵᠡᠨ ᠬᠤᠷᠤᠭ᠎ᠠ ᠬᠤᠰᠢᠭᠤ ᠮᠠᠰᠢᠨ ᠢᠶᠠᠷ ᠭᠠᠵᠠᠷ ᠬᠠᠭᠠᠯᠪᠤᠷᠢᠯᠠᠵᠤ ᠰᠤᠯᠠᠳᠬᠠᠬᠤ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠦ᠂ 5000 ᠮᠦ ᠭᠠᠵᠠᠷ ᠢ ᠰᠤᠯᠠᠳᠬᠠᠬᠤ ᠪᠠᠷ ᠪᠠᠶᠢᠵᠤ᠂ ᠮᠦ ᠪᠦᠷᠢ ᠳᠤ 25 ᠲᠦᠬᠦᠷᠢᠭ ᠤᠨ ᠨᠦᠬᠦᠪᠦᠷᠢ ᠦᠭᠴᠤ᠂ ᠨᠡᠶᠢᠳᠡ 12.5 ᠲᠦᠮᠡᠨ ᠲᠦᠬᠦᠷᠢᠭ ᠤᠨ ᠨᠦᠬᠦᠪᠦᠷᠢ ᠦᠭᠬᠦ ᠪᠠᠷ ᠪᠤᠢ᠃ 2018 ᠤᠨ ᠤ ᠮᠠᠰᠢᠨ ᠢᠶᠠᠷ ᠭᠠᠵᠠᠷ ᠬᠠᠭᠠᠯᠪᠤᠷᠢᠯᠠᠵᠤ ᠰᠤᠯᠠᠳᠬᠠᠬᠤ ᠠᠵᠢᠯ ᠦᠨᠳᠦᠷ ᠦᠷ᠎ᠡ ᠪᠦᠳᠦᠮᠵᠢᠳᠡᠢ᠂ ᠡᠮᠬᠢ ᠲᠢᠭᠯᠢᠮ ᠲᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠤ ᠲᠤᠪᠴᠢᠶ᠎ᠠ ᠶᠢᠨ ᠮᠡᠷᠭᠡᠵᠢᠯᠳᠡᠨ ᠮᠠᠰᠢᠨ ᠢᠶᠠᠷ ᠭᠠᠵᠠᠷ ᠰᠤᠯᠠᠳᠬᠠᠬᠤ ᠨᠢ ᠠᠨᠵᠢᠰᠤ ᠪᠠᠷ ᠭᠠᠵᠠᠷ ᠬᠠᠭᠠᠯᠪᠤᠷᠢᠯᠠᠭᠰᠠᠨ ᠢ ᠪᠤᠳᠤᠪᠠᠯ ᠬᠦᠨ ᠪᠠᠶᠢᠵᠤ᠂ ᠲᠠᠷᠢᠮᠠᠯ ᠤᠨ ᠦᠨᠳᠤᠰᠤ ᠬᠠᠳᠬᠤᠵᠤ ᠤᠷᠭᠤᠬᠤ ᠳᠤ ᠠᠰᠢᠭ ᠲᠠᠢ ᠵᠡᠷᠭᠡ ᠰᠠᠶᠢᠨ ᠲᠠᠢ ᠲᠠᠯ᠎ᠠ ᠶᠢ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠠᠷᠢᠶᠠᠴᠢᠳ ᠲᠠᠷᠢᠶᠠᠯᠠᠩ ᠤᠨ ᠮᠠᠰᠢᠨ ᠢᠶᠠᠷ ᠭᠠᠵᠠᠷ ᠢᠶᠠᠨ ᠰᠤᠯᠠᠳᠬᠠᠬᠤ ᠶᠢ ᠤᠷᠢᠶᠠᠯᠠᠬᠰᠠᠨ ᠪᠠᠶᠢᠨ᠎ᠠ᠃ ᠡᠬᠦᠨ ᠤ ᠲᠠᠭᠠᠤ ᠳᠤ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ ᠰᠠᠶᠢᠳᠤᠷ ᠬᠢᠵᠤ᠂ ᠲᠠᠷᠢᠶᠠᠯᠡᠩ ᠤᠨ ᠮᠠᠰᠢᠨ ᠤ ᠲᠤᠮᠤ ᠡᠷᠦᠭᠡ ᠲᠠᠢ ᠲᠤᠬᠢᠷᠠᠯᠴᠠᠨ ᠭᠠᠵᠠᠷ ᠬᠠᠭᠠᠯᠪᠤᠷᠢᠯᠠᠨ ᠰᠤᠯᠠᠳᠬᠠᠬᠤ ᠠᠵᠢᠯ ᠤᠨ ᠮᠠᠰᠢᠨ ᠢ ᠬᠢᠨᠠᠨ ᠲᠤᠭᠳᠠᠭᠠᠵᠤ᠂ ᠲᠤᠨᠤᠭ ᠲᠦᠬᠦᠭᠡᠷᠦᠮᠵᠢ ᠤᠭᠰᠠᠷᠠᠨ᠂ ᠵᠢᠯᠤᠭᠤᠴᠢ ᠳᠤ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号