ᠪᠡᠭᠡᠵᠢᠩ ᠳᠤ ᠰᠠᠭᠤᠭ᠎ᠠ ᠣᠷᠳᠣᠰ ᠬᠤᠲᠠ ᠶᠢᠨ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2018-07-09
     ᠥᠪᠥᠷ ᠮᠣᠩᠭᠤᠯ ᠤᠨ ᠡᠳᠦᠷ ᠤᠨ ᠰᠣᠨᠢᠨ ᠤ ᠣᠷᠳᠣᠰ ᠤᠨ 4 ᠰᠠᠷ᠎ᠠ ᠶᠢᠨ 10᠎ ᠤ ᠡᠳᠦᠷ ᠤᠨ ᠴᠠᠬᠢᠯᠭᠠᠨ  ᠮᠡᠳᠡᠭᠡ︵ᠰᠤᠷᠪᠤᠯᠵᠢᠯᠠᠭᠴᠢ ᠸᠠᠩ ᠢᠤᠢ ᠵᠦᠸᠧ᠂ ᠬᠤᠣ ᠰᠢᠤᠸᠠᠢ ᠯᠢᠶᠠᠨ︶ 4 ᠰᠠᠷ᠎ᠠ ᠶᠢᠨ  10᠎ ᠤ  ᠡᠳᠦᠷ ᠪᠡᠭᠡᠵᠢᠩ ᠳᠤ ᠰᠠᠭᠤᠭ᠎ᠠ‌ᠣᠷᠳᠣᠰ ᠬᠤᠲᠠ ᠶᠢᠨ ᠪ᠊ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠠᠵᠢᠯ ᠡᠬᠢᠯᠡᠬᠦ ᠶᠣᠰᠣᠯᠠᠯ ᠪᠡᠭᠡᠵᠢᠩ ᠳᠤ ᠶᠠᠪᠤᠭᠳᠠᠪᠠ᠃      ᠪᠡᠭᠡᠵᠢᠩ ᠳᠤ ᠰᠠᠭᠤᠭ᠎ᠠ ᠣᠷᠳᠣᠰ ᠬᠤᠲᠠ ᠶᠢᠨ ᠴᠢᠳᠠᠪᠤᠷᠢᠲᠠᠨ ᠤ ᠠᠵᠢᠯ ᠤᠨ ᠥᠷᠲᠡᠭᠡ ᠨᠢ 2017 ᠣᠦᠨ ᠤ 3ᠰᠠᠷ᠎ᠠ ᠶᠢᠨ 4᠎ ᠤ ᠡᠳᠦᠷ ᠪᠠᠶᠢᠭᠤᠯᠤᠭᠳᠠᠵᠤ᠂ 9 ᠰᠠᠷ᠎ᠠ ᠶᠢᠨ 22᠎ ᠤᠨ ᠡᠳᠦᠷ ᠢᠯᠡᠷᠬᠡᠶᠢᠯᠡᠯ ᠡᠯᠭᠦᠨ᠂ 2018 ᠣᠨ ᠤ 4ᠰᠠᠷ᠎ᠠ  ᠶᠢᠨ 10᠎ ᠤ ᠡᠳᠦᠷ ᠬᠡᠷᠡᠭᠯᠡᠭᠡᠨ ᠳᠤ ᠤᠷᠤᠪᠠ᠂ ᠲᠡᠷᠡ ᠨᠢ ᠠᠯᠪᠠᠯᠠᠬᠤ᠂  ᠬᠤᠷᠠᠯ᠂  ᠪᠣᠯᠪᠠᠰᠤᠷᠠᠭᠤᠯᠤᠯ᠂  ᠲᠣᠭᠯᠠᠯᠲᠠ᠂ ᠳᠡᠯᠭᠡᠨ ᠦᠵᠡᠭᠦᠯᠦᠯᠭᠡ᠂ ᠦᠢᠯᠡᠰ ᠴᠣᠭᠴᠠᠯᠠᠭᠴᠢᠳ ᠤᠨ ᠵᠥᠪᠯᠡᠯᠴᠡᠭᠡ ᠬᠢᠬᠦ᠂ ᠴᠢᠳᠠᠪᠤᠷᠢᠲᠠᠨ ᠤ ᠰᠣᠯᠢᠯᠴᠠᠭ᠎ᠠ ᠵᠢᠴᠢ ᠬᠤᠭᠤᠯᠠ ᠤᠮᠳᠠ ᠬᠤᠨᠤᠭ ᠪᠠᠭᠤᠳᠠᠯ ᠢ ᠨᠢᠭᠡ ᠴᠣᠭᠴᠠᠵᠢᠭᠤᠯᠤᠭᠰᠠᠨ ᠣᠯᠠᠨ ᠦᠢᠯᠡᠳᠦᠯᠳᠦ ᠦᠢᠯᠡᠴᠢᠯᠡᠭᠡᠨ ᠤ ᠲᠠᠯᠠᠪᠤᠷ ᠪᠣᠯᠣᠨ᠎ᠠ᠃ ᠪᠡᠭᠡᠵᠢᠩ ᠤᠨ ᠬᠠᠢ ᠳ᠋ᠢᠶᠠᠨ ᠲᠣᠭᠤᠷᠢᠭ ᠤᠨ ᠵᠦᠩ ᠭᠤᠸᠠᠨ ᠼᠦᠨ ᠤ ︽ᠦᠢᠯᠡᠰ ᠴᠤᠴᠠᠯᠠᠬᠤ ᠵᠡᠭᠡᠯᠢ︾᠎ ᠶᠢᠨ ᠭᠤᠣᠯ ᠬᠡᠰᠡᠭ ᠲᠦ‌‍ᠪᠠᠶᠢᠷᠢᠯᠠᠵᠤ᠂ ᠭᠠᠵᠠᠷ ᠵᠦᠢ ᠶᠢᠨ ᠪᠠᠶᠢᠷᠢᠰᠢᠯ᠂ ᠴᠢᠳᠠᠪᠤᠷᠢᠲᠠᠨ ᠤ ᠲᠦᠷᠦᠯ ᠵᠦᠢᠯ ᠤᠨ ᠡᠬᠢ ᠪᠠᠶᠠᠯᠢᠭ  ᠲᠦᠪᠯᠡᠷᠡᠭᠰᠡᠨ ᠨᠡᠯᠢᠶᠡᠳ‌‍ᠰᠠᠶᠢᠨ ᠳᠠᠪᠠᠭᠤᠯᠢᠭ ᠲᠠᠢ᠃ ᠲᠤᠰ ᠠᠵᠢᠯ  ᠤᠨ ᠥᠷᠲᠡᠭᠡ ᠶᠢᠨ ᠬᠡᠷᠡᠭᠯᠡᠭᠡᠨ ᠳᠤ ᠣᠷᠤᠭᠰᠠᠨ ᠨᠢ ︽ᠴᠢᠳᠠᠪᠤᠷᠢᠲᠠᠨ  ᠎ ᠲᠠᠢ ᠣᠷᠳᠣᠰ︾᠎ ᠎ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠴᠢᠨᠠᠷ ᠰᠠᠶᠢᠲᠠᠢ  ᠬᠦᠭᠵᠢᠯᠲᠡ ᠶᠢ ᠠᠬᠢᠭᠤᠯᠬᠤ ᠶᠢᠨ ᠴᠢᠬᠤᠯᠠ‌‍ᠲ᠋ᠡᠪᠴᠡᠩ ᠪᠣᠯᠣᠨ᠎ᠠ᠃      ᠣᠶᠢᠷ᠎ᠠ ᠶᠢᠨ ᠵᠢᠯ ᠠᠴᠠ᠂ ᠣᠷᠳᠣᠰ ᠬᠤᠲᠠ ᠨᠢ ︽ᠴᠢᠳᠠᠪᠤᠷᠢᠲᠠᠨ ᠲᠠᠢ ᠣᠷᠳᠣᠰ︾  ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ︽ᠴᠢᠳᠠᠪᠤᠷᠢᠲᠠᠨ ᠤ ᠬᠦᠴᠦᠷᠭᠡᠭ ᠬᠤᠲᠠ ᠶᠢᠨ ᠢᠨᠵᠧᠨᠧᠷᠢᠩ︾᠎ ᠢ ᠯᠠᠪᠳᠠᠭᠤᠨ ᠪᠠᠲᠤᠲᠠᠢ ᠠᠬᠢᠭᠤᠯᠤᠨ᠂ ᠦᠢᠯᠡᠰ ᠴᠣᠭᠴᠠᠯᠠᠪᠠᠯ ᠪᠡᠯᠡ ᠮᠦᠩᠭᠦ ᠥᠭᠬᠦ᠂ ᠰᠢᠨᠵᠢᠯᠡᠬᠦ ᠤᠬᠠᠭᠠᠨ ᠤ  ᠰᠤᠳᠤᠯᠭᠠᠨ  ᠬᠢᠬᠦ  ᠲᠡᠪᠴᠡᠩ ᠲᠠᠢ ᠪᠠᠶᠢᠬᠤ᠂ ᠠᠵᠢᠯ ᠤᠨ ᠪᠠᠶᠢᠷᠢ ᠶᠢᠨ ᠨᠡᠮᠡᠭᠦᠷᠢ ᠲᠠᠢ ᠪᠠᠶᠢᠬᠤ᠂ ᠰᠠᠭᠤᠬᠤ ᠭᠡᠷ ᠤᠨ ᠪᠠᠲᠤᠯᠠᠭ᠎ᠠ ᠲᠠᠢ ᠪᠠᠶᠢᠬᠤ᠂ ᠪᠦᠬᠦ  ᠲᠠᠯ᠎ᠠ ᠵᠢᠨ‌ᠦᠢᠯᠡᠴᠢᠯᠡᠭᠡ ᠶᠢ ᠬᠠᠩᠭᠠᠬᠤ ᠴᠢᠳᠠᠪᠤᠷᠢᠲᠠᠨ ᠤ ᠬᠦᠭᠵᠢᠯᠲᠡ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠦᠯᠡᠮᠵᠢ ᠣᠯᠠᠨ ᠰᠢᠯᠢᠳᠡᠭ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠴᠤᠭᠯᠠᠷᠠᠭᠤᠯᠵᠤ᠂ ᠣᠷᠳᠣᠰ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠬᠦᠳᠡᠯᠭᠡᠬᠦ ᠬᠦᠴᠦᠨ  ᠬᠠᠩᠭᠠᠵᠤ  ᠪᠠᠶᠢᠨ᠎ᠠ᠃ ᠨᠡᠩ  ᠣᠯᠠᠨ  ︽ᠣᠷᠤᠶᠢᠯᠠᠭᠰᠠᠨ ᠴᠢᠳᠠᠪᠤᠷᠢᠲᠠᠨ ᠪᠠ ᠳᠤᠲᠠᠭᠳᠠᠵᠤ ᠪᠠᠶᠢᠭ᠎ᠠ  ᠴᠢᠳᠠᠪᠤᠷᠢᠲᠠᠨ︾᠎ ᠢ ᠴᠤᠭᠯᠠᠭᠤᠯᠤᠨ ᠣᠷᠳᠣᠰ ᠤᠨ ᠬᠦᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠷᠳᠣᠰ ᠬᠤᠲᠠ ᠨᠢ ᠪᠡᠭᠡᠵᠢᠩ᠂ ᠱᠠᠩᠬᠠᠢ᠂ ᠱᠧᠨᠵᠧᠨ  ᠭᠤᠷᠪᠠᠨ ᠬᠤᠲᠠ ᠳᠤ ᠲᠤᠰ ᠲᠤᠰ ᠭᠠᠳᠠᠨ᠎ᠠ ᠰᠠᠭᠤᠭ᠎ᠠ ᠴᠢᠳᠠᠪᠤᠷᠢᠲᠠᠨ ᠤ ᠠᠵᠢᠯ ᠤᠨ ᠥᠷᠲᠡᠭᠡ  ᠪᠠᠶᠢᠭᠤᠯᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号