ᠮᠠᠨ ᠤ ᠤᠷᠤᠨ ᠤ ᠠᠵᠢᠯ ᠠᠯᠲᠠᠬᠰᠠᠨ ᠲᠠᠭᠠᠳᠬᠠᠯ ᠤᠨ ᠮᠦᠡᠭᠬᠦ ᠶᠢ ᠲᠠᠷᠬᠠᠭᠠᠬᠤ ᠪᠠᠷᠢᠮᠵᠢᠶ᠎ᠠ ᠶᠢ 10% ᠲᠠᠬᠡᠭᠰᠢᠯᠡᠬᠦᠯᠵᠡᠢ
ᠨᠡᠶᠢᠲᠡᠯᠡᠭᠰᠡᠨ ᠴᠠᠭ᠄
2018-07-09
              6 ᠰᠠᠷ᠎ᠠ ᠶᠢᠨ 1᠎ ᠤ ᠡᠲᠤᠷ ᠠᠴᠠ ᠡᠬᠢᠯᠠᠨ ᠬᠡᠷᠡᠭᠵᠢᠬᠦᠯᠤᠨ᠎ᠠ          ᠤᠢᠢᠷ᠎ᠠ ᠳᠤ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ  ᠪᠠ ᠨᠠᠶᠢᠬᠡᠮ ᠤᠨ ᠪᠠᠲᠤᠯᠠᠪᠤᠷᠢ ᠶᠢᠨ ᠲᠢᠩᠬᠢᠮ ᠠᠴᠠ ᠤᠢᠢᠯᠠᠭᠠᠭᠰᠠᠨ ᠢᠶᠠᠷ᠂ ᠠᠵᠢᠯ ᠠᠯᠲᠠᠭᠰᠠᠳ ᠤᠨ ᠦᠨᠲᠤᠰᠤᠨ  ᠠᠮᠢᠲᠤᠷᠠᠯ ᠢ ᠪᠠᠲᠤᠯᠠᠬᠤ ᠲᠦᠪᠰᠢᠨ ᠢ ᠴᠢᠨᠠᠭᠰᠢᠲᠠ ᠲᠠᠬᠡᠭᠰᠢᠯᠡᠬᠦᠯᠵᠤ᠂ ᠠᠵᠢᠯ ᠠᠯᠲᠠᠭᠰᠠᠳ ᠤᠨ ᠠᠵᠢᠯ ᠠᠯᠲᠠᠭᠰᠠᠨ  ᠬᠤᠭᠤᠴᠠᠭᠠᠨ ᠳᠠᠬᠢ ᠦᠨᠲᠤᠰᠤᠨ ᠠᠮᠢᠲᠤᠷᠠᠯ ᠢ ᠨᠠᠩ ᠰᠠᠶᠢᠲᠤᠷ ᠪᠠᠲᠤᠯᠠᠬᠤ ᠶᠢᠨ ᠲᠦᠯᠤᠬᠡ᠂ ︽ᠬᠦᠮᠤᠨ ᠤ  ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠪᠤᠷᠢ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠠᠵᠢᠯ  ᠠᠯᠲᠠᠬᠰᠠᠨ ᠲᠠᠭᠠᠳᠬᠠᠯ ᠤᠨ ᠮᠦᠡᠭᠬᠦ ᠶᠢᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠬᠦ ᠲᠤᠬᠠᠢ ᠵᠢᠯᠤᠭᠤᠳᠬᠤ ᠰᠠᠨᠠᠯ︾ ᠎ ᠢ ᠦᠨᠲᠤᠰᠤᠯᠠᠨ᠂ ᠦᠪᠠᠷᠲᠠᠬᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠲᠠ ᠶᠢᠨ ᠲᠦᠪᠰᠢᠨ ᠤ ᠪᠤᠲᠠᠲᠤ  ᠪᠠᠶᠢᠲᠠᠯ ᠵᠢᠴᠢ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠠᠵᠢᠯ ᠠᠯᠲᠠᠭᠰᠠᠨ ᠲᠠᠭᠠᠳᠬᠠᠯ ᠤᠨ  ᠬᠡᠷᠡᠭᠵᠢᠬᠦᠯᠬᠦ ᠠᠷᠭ᠎ᠠ︾᠎ ᠲᠠᠢ ᠤᠶᠠᠯᠲᠤᠭᠤᠯᠤᠨ᠂ ᠦᠪᠠᠷᠲᠠᠬᠡᠨ ᠵᠠᠰᠠᠬᠤ ᠤᠷᠤᠨ ᠠᠴᠠ ᠠᠵᠢᠯ ᠠᠯᠲᠠᠭᠰᠠᠨ  ᠲᠠᠭᠠᠳᠬᠠᠯ ᠤᠨ ᠮᠦᠡᠭᠬᠦ ᠶᠢ ᠲᠠᠷᠬᠠᠭᠠᠬᠤ ᠪᠠᠷᠢᠮᠵᠢᠶ᠎ᠠ ᠶᠢ ᠪᠦᠬᠦᠨ ᠢ 10% ᠲᠠᠬᠡᠭᠰᠢᠯᠡᠬᠦᠯᠬᠦ ᠪᠠᠷ ᠪᠠᠶᠢᠨ᠎ᠠ᠃            ᠤᠢᠢᠯᠠᠭᠠᠭᠰᠠᠨ ᠢᠶᠠᠷ᠂ ᠠᠵᠢᠯ ᠠᠯᠳᠠᠭᠰᠠᠨ ᠤ ᠲᠠᠷᠠᠭᠠᠬᠢ 1 — 12 ᠳ᠋ᠤᠭᠠᠷ ᠰᠠᠷ᠎ᠠ ᠶᠢᠨ ᠠᠵᠢᠯ  ᠠᠯᠲᠠᠬᠰᠠᠨ ᠲᠠᠭᠠᠳᠬᠠᠯ ᠤᠨ ᠮᠦᠡᠭᠬᠦ ᠶᠢ ᠨᠢᠬᠡᠲᠤᠯᠲᠠᠢ ᠲᠦᠯᠦᠪᠵᠢᠬᠦᠯᠬᠦ ᠭᠠᠵᠠᠷ ᠤᠷᠤᠨ ᠤ ᠨᠠᠭᠠᠳᠣ ᠵᠠᠬ᠎ᠠ ᠶᠢᠨ  ᠴᠠᠯᠢᠩ ᠤᠨ ᠪᠠᠷᠢᠮᠵᠢᠶ᠎ᠠ ᠶᠢᠨ 90%᠎ ᠢᠶᠠᠷ ᠤᠯᠭᠤᠨ᠎ᠠ︔ 13 — 24 ᠳ᠋ᠤᠬᠡᠷ ᠰᠠᠷ᠎ᠠ ᠶᠢᠨ ᠠᠵᠢᠯ ᠠᠯᠲᠠᠭᠰᠠᠨ  ᠲᠠᠭᠠᠳᠬᠠᠯ ᠤᠨ ᠮᠦᠩᠭᠦ ᠶᠢ ᠨᠢᠬᠡᠲᠤᠯᠲᠠᠢ ᠲᠦᠯᠦᠪᠵᠢᠬᠦᠯᠬᠦ ᠭᠠᠵᠠᠷ ᠤᠷᠤᠨ ᠤ ᠨᠠᠭᠠᠳᠣ ᠵᠠᠬ᠎ᠠ ᠶᠢᠨ ᠴᠠᠯᠢᠩ ᠤᠨ  ᠪᠠᠷᠢᠮᠵᠢᠶ᠎ᠠ ᠶᠢᠨ 80%᠎ ᠢᠶᠠᠷ ᠤᠯᠭᠤᠨ᠎ᠠ᠃ ᠮᠠᠯᠴᠢᠨ ᠲᠠᠷᠢᠶᠠᠴᠢᠨ ᠬᠡᠷ᠎ᠠ ᠶᠢᠨ ᠲᠦᠷᠢᠮᠲᠤ ᠠᠵᠢᠯᠴᠢᠨ ᠤ ᠨᠢᠬᠡ  ᠤᠲᠠᠭ᠎ᠠ ᠶᠢᠨ ᠴᠢᠨᠠᠷᠲᠠᠢ ᠠᠮᠢᠲᠤᠷᠠᠯ ᠤᠨ ᠨᠦᠬᠦᠪᠤᠷᠢ ᠶᠢ ᠨᠢᠬᠡᠲᠤᠯᠲᠠᠢ ᠲᠦᠯᠦᠪᠵᠢᠬᠦᠯᠬᠦ ᠭᠠᠵᠠᠷ ᠤᠷᠤᠨ ᠤ  ᠲᠤᠬᠢᠷᠠᠭᠤᠯᠤᠯᠲᠠ ᠬᠢᠭᠰᠡᠨ ᠤ ᠲᠠᠷᠠᠭᠠᠬᠢ ᠠᠵᠢᠯ ᠠᠯᠲᠠᠭᠰᠠᠨ ᠲᠠᠭᠠᠳᠬᠠᠯ ᠤᠨ ᠮᠦᠡᠭᠬᠦ ᠶᠢᠨ ᠪᠠᠷᠢᠮᠵᠢᠶ᠎ᠠ ᠪᠠᠷ  ᠬᠡᠷᠡᠭᠵᠢᠬᠦᠯᠤᠨ᠎ᠠ᠂ ᠲᠤᠬᠢᠷᠠᠭᠤᠯᠤᠯᠲᠠ ᠬᠢᠭᠰᠡᠨ ᠤ ᠲᠠᠷᠠᠭᠠᠬᠢ ᠠᠵᠢᠯ ᠠᠯᠲᠠᠭᠰᠠᠨ ᠲᠠᠭᠠᠳᠬᠠᠯ ᠤᠨ ᠮᠦᠡᠭᠬᠦ ᠶᠢ  ᠳᠠᠷᠬᠠᠭᠠᠬᠤ ᠪᠠᠷᠢᠮᠵᠢᠶ᠎ᠠ ᠶᠢ 6 ᠰᠠᠷ᠎ᠠ ᠶᠢᠨ 1᠎ ᠤ ᠡᠲᠤᠷ ᠠᠴᠠ ᠡᠬᠢᠯᠠᠨ ᠬᠡᠷᠡᠭᠵᠢᠬᠦᠯᠤᠨ᠎ᠠ  ᠃                                                                                            ︵ᠰᠣᠷᠪᠤᠯᠵᠢᠯᠠᠭᠴᠢ᠄ ᠪᠤᠣ ᠢᠤᠢ ᠶᠢᠩ︶
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号