ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ ᠦᠪᠡᠷᠳᠡᠬᠡᠨ ᠵᠠᠰᠠᠬᠤ  ᠤᠷᠤᠨ ᠤ ᠠᠷᠠᠳ ᠤᠨ ᠵᠠᠰᠠᠭ ᠤᠨ ᠤᠷᠳᠤᠨ ᠤ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ  ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠬᠤ ᠲᠤᠬᠠᠢ  ᠬᠡᠷᠡᠭᠵᠢᠬᠦᠯᠬᠦ ᠰᠠᠨᠠᠯ
ᠨᠡᠶᠢᠲᠡᠯᠡᠭᠰᠡᠨ ᠴᠠᠭ᠄
2018-07-09
             ︵2018 ᠤᠨ ᠤ 5 ᠰᠠᠷ᠎ᠡ ᠶᠢᠨ 8᠎ ᠤ ᠡᠳᠤᠷ︶            ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ  ᠠᠬᠢᠭᠤᠯᠬᠤ ᠨᠢ ᠨᠡᠶᠢᠬᠡᠮ ᠵᠢᠷᠤᠮ ᠤᠨ ᠨᠡᠶᠢᠳᠡ ᠶᠢᠨ ᠦᠮᠴᠢᠯᠡᠯ ᠤᠨ ᠲᠦᠷᠢᠮ ᠢ ᠪᠠᠬᠢᠵᠢᠬᠦᠯᠬᠦ᠂ ᠮᠠᠯᠵᠢᠬᠤ  ᠲᠠᠷᠢᠶᠠᠯᠠᠬᠤ ᠤᠷᠤᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠲᠡᠭᠦᠯᠳᠡᠷᠵᠢᠭᠦᠯᠬᠦ ᠵᠠᠶᠢᠯᠠᠰᠢ ᠦᠬᠡᠢ ᠱᠠᠭᠠᠷᠳᠠᠯᠭ᠎ᠠ  ᠪᠠᠶᠢᠵᠤ᠂ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠡᠳ᠋  ᠬᠦᠷᠦᠩᠬᠡ ᠶᠢᠨ ᠴᠢᠨᠡᠷᠳᠡᠢ ᠤᠷᠤᠯᠭ᠎ᠠ ᠶᠢ ᠨᠡᠮᠡᠭᠳᠡᠬᠦᠯᠬᠦ ᠴᠢᠬᠤᠯᠡ ᠠᠷᠭ᠎ᠠ ᠬᠡᠮᠵᠢᠶ᠎ᠡ ᠪᠤᠯᠬᠤ ᠶᠤᠮ᠃ ︽ᠨᠠᠮ ᠤᠨ  ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ  ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠳᠤᠬᠳᠠᠭᠤᠨ ᠢᠶᠠᠷ ᠠᠬᠢᠭᠤᠯᠬᠤ ᠲᠤᠬᠠᠢ ᠰᠠᠨᠠᠯ︾ ︵﹇2016﹈  37 ᠳᠤᠭᠠᠳᠤ︶᠎ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠮᠠᠯᠵᠢᠬᠤ ᠲᠠᠷᠢᠶᠠᠯᠠᠬᠤ  ᠤᠷᠤᠨ ᠤ ᠬᠠᠮᠳᠤ ᠶᠢᠨ ᠦᠮᠴᠢᠯᠡᠯ ᠤᠨ ᠪᠦᠳᠦᠮᠵᠢᠳᠡᠢ ᠪᠡᠶᠡᠯᠡᠭᠦᠯᠬᠦ ᠬᠡᠯᠪᠡᠷᠢ ᠶᠢ ᠢᠳᠡᠪᠬᠢᠳᠡᠢ ᠬᠠᠶᠢᠨ  ᠰᠦᠪᠡᠭᠴᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠡᠷᠬᠢᠯᠳᠡ ᠶᠢᠨ  ᠲᠤᠬᠳᠠᠴᠡ ᠳᠤ ᠰᠢᠨ᠎ᠡ ᠶᠢ ᠡᠬᠦᠳᠴᠤ᠂ ᠮᠠᠯᠴᠢᠨ ᠲᠠᠷᠢᠶᠠᠴᠢᠨ ᠤ ᠬᠠᠮᠳᠤ ᠶᠢᠨ ᠡᠳ᠋ ᠬᠦᠷᠦᠩᠬᠡ ᠶᠢᠨ ᠡᠷᠬᠡ ᠠᠰᠢᠭ ᠢ  ᠬᠠᠮᠠᠭᠠᠯᠠᠨ᠂ ᠮᠠᠯᠴᠢᠨ ᠲᠠᠷᠢᠶᠠᠴᠢᠨ ᠤ ᠡᠳ᠋ ᠬᠦᠷᠦᠩᠬᠡ ᠶᠢᠨ ᠴᠢᠨᠡᠷᠳᠡᠢ ᠤᠷᠤᠯᠭ᠎ᠠ ᠶᠢ ᠲᠠᠰᠤᠷᠠᠯᠳᠡ ᠦᠬᠡᠢ  ᠨᠡᠮᠡᠭᠳᠡᠬᠦᠯᠬᠦ ᠶᠢᠨ ᠲᠦᠯᠦᠭᠡ᠂ ᠦᠪᠡᠷᠳᠡᠬᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂  ᠲᠤᠤᠷᠠᠬᠢ ᠮᠡᠳᠤ ᠬᠡᠷᠡᠭᠵᠢᠬᠦᠯᠬᠦ ᠰᠠᠨᠠᠯ ᠢ ᠲᠤᠷᠠᠳᠪᠠ᠃      ᠨᠢᠬᠡ᠂ ᠶᠡᠷᠤᠩᠬᠡᠢ ᠱᠠᠭᠠᠷᠳᠠᠯᠭ᠎ᠠ     ︵ᠨᠢᠬᠡ︶ ᠵᠢᠯᠤᠭᠤᠳᠬᠤ ᠦᠵᠡᠯ ᠰᠠᠨᠠᠭ᠎ᠠ᠃ᠨᠠᠮ ᠤᠨ ᠠᠷᠪᠡ ᠶᠢᠰᠦᠳᠦᠬᠡᠷ ᠶᠡᠭᠡ ᠬᠤᠷᠠᠯ ᠪᠤᠯᠤᠨ ᠠᠷᠪᠡ  ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ  ᠲᠠᠯ᠎ᠡ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ  ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠶᠡᠷᠤᠩᠬᠡᠢ ᠱᠦᠵᠢ ᠰᠢ ᠶᠢᠨ ᠫᠢᠩ ᠤᠨ  ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠡ ᠶᠠᠷᠢᠶ᠎ᠡ ᠪᠤᠯᠤᠨ ᠠᠷᠪᠠᠨ ᠭᠤᠷᠪᠠᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ  ᠬᠤᠷᠠᠯ ᠤᠨ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ  ᠦᠶ᠎ᠡ ᠶᠢᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ᠂ ︽ᠲᠠᠪᠤ ᠶᠢ ᠨᠢᠬᠡ  ᠴᠤᠬᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠡ ᠶᠢ ᠨᠢᠬᠡᠳᠤᠯᠳᠠᠢ ᠲᠦᠯᠦᠪᠵᠢᠭᠦᠯᠦᠨ ᠠᠬᠢᠭᠤᠯᠬᠤ ᠪᠤᠯᠤᠨ ︽ ᠲᠦᠷᠪᠠᠨ ᠪᠦᠬᠦ ᠲᠠᠯ᠎ᠡ ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠡ ᠶᠢ ᠵᠤᠬᠢᠴᠠᠭᠤᠯᠤᠨ  ᠠᠬᠢᠭᠤᠯᠬᠤ ᠶᠢᠨ ᠲᠤᠭᠤᠷᠢᠨ ᠳᠤ ᠨᠠᠮ ᠤᠨ ᠲᠦᠪ ᠬᠤᠷᠢᠶ᠎ᠡ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠡ ᠶᠢᠨ  ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠤᠰᠤᠭᠠᠷ᠂ ᠬᠦᠳᠡᠭᠡ ᠲᠤᠰᠬᠤᠨ ᠢ ᠬᠦᠭᠵᠢᠬᠦᠯᠦᠨ  ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ  ᠬᠠᠮᠳᠤ ᠶᠢᠨ ᠦᠮᠴᠢᠯᠡᠯ ᠤᠨ ᠡᠷᠬᠡ ᠶᠢᠨ ᠬᠠᠷᠢᠶᠡᠯᠠᠯ ᠢ ᠲᠤᠳᠤᠷᠬᠠᠢᠢᠯᠠᠬᠤ᠂ ᠮᠠᠯᠵᠢᠬᠤ ᠲᠠᠷᠢᠶᠠᠯᠠᠬᠤ ᠤᠷᠤᠨ ᠤ  ᠬᠠᠮᠳᠤ ᠶᠢᠨ ᠦᠮᠴᠢᠯᠡᠯ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠶᠢᠨ ᠬᠡᠰᠢᠬᠦᠨ ᠤ ᠡᠷᠬᠡ ᠶᠢ  ᠬᠠᠮᠠᠭᠠᠯᠠᠬᠤ ᠪᠠᠷ ᠬᠠᠷᠠᠯᠳᠡ ᠪᠠᠨ ᠪᠤᠯᠭᠠᠵᠤ᠂ ᠬᠠᠮᠳᠤ ᠶᠢᠨ ᠡᠵᠡᠩᠨᠡᠯᠳᠡ ᠶᠢᠨ ᠴᠢᠨᠡᠷᠳᠡᠢ ᠡᠳ᠋ ᠬᠦᠷᠦᠩᠬᠡ ᠶᠢᠨ  ᠦᠬᠡᠷᠡᠴᠢᠯᠡᠯᠳᠡ ᠶᠢ ᠠᠬᠢᠭᠤᠯᠬᠤ ᠪᠠᠷ ᠭᠤᠤᠯᠳᠠᠯᠭ᠎ᠠ ᠲᠠᠢ ᠡᠬᠦᠷᠬᠡ ᠪᠤᠯᠭᠠᠨ᠂ ᠬᠤᠪᠢᠴᠠᠭ᠎ᠠ ᠡᠵᠡᠮᠳᠡᠬᠦ  ᠬᠠᠮᠳᠤᠷᠠᠯᠴᠠᠭ᠎ᠠ ᠶᠢ ᠬᠦᠭᠵᠢᠬᠦᠯᠬᠦ ᠵᠡᠷᠬᠡ ᠤᠯᠠᠨ ᠲᠦᠷᠦᠯ ᠤᠨ ᠬᠠᠮᠳᠤᠷᠠᠯᠴᠠᠭ᠎ᠠ ᠬᠢᠭᠡᠳ ᠬᠤᠯᠪᠤᠭᠠᠯᠠᠯ ᠢᠶᠠᠷ  ᠤᠳᠤᠷᠢᠳᠤᠮᠵᠢ ᠪᠤᠯᠭᠠᠨ᠂ ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠤᠢ ᠨᠤᠳᠤᠭ ᠪᠡᠯᠴᠢᠭᠡᠷ ᠤᠨ ᠬᠠᠮᠳᠤ ᠶᠢᠨ  ᠦᠮᠴᠢᠯᠡᠯ ᠢ ᠪᠠᠷᠢᠮᠳᠠᠯᠠᠨ᠂ ᠬᠡᠷ ᠪᠦᠯᠢ ᠪᠠᠷ ᠲᠠᠭᠠᠭᠠᠴᠢᠯᠠᠨ ᠡᠵᠡᠩᠨᠡᠬᠦ ᠦᠨᠳᠦᠰᠦᠨ ᠴᠢᠨᠡᠷᠳᠡᠢ ᠪᠠᠶᠢᠷᠢ ᠰᠠᠭᠤᠷᠢ ᠶᠢ  ᠪᠠᠷᠢᠮᠳᠠᠯᠠᠨ᠂ ᠬᠠᠮᠳᠤ ᠶᠢᠨ ᠠᠵᠤ ᠠᠬᠤᠢ ᠶᠢ ᠪᠦᠳᠦᠮᠵᠢᠳᠡᠢ ᠪᠡᠶᠡᠯᠡᠬᠦᠯᠬᠦ ᠬᠡᠯᠪᠡᠷᠢ ᠶᠢ ᠢᠳᠡᠪᠬᠢᠳᠡᠢ ᠬᠠᠶᠢᠨ  ᠰᠦᠪᠡᠭᠴᠢᠯᠡᠵᠤ᠂ ᠮᠠᠯᠴᠢᠨ ᠲᠠᠷᠢᠶᠠᠴᠢᠨ ᠪᠤᠯᠤᠨ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠬᠦᠳᠡᠯᠬᠡᠬᠦ ᠬᠦᠴᠦᠨ ᠢ  ᠲᠠᠰᠤᠷᠠᠯᠳᠡ ᠦᠬᠡᠢ ᠨᠡᠮᠡᠭᠳᠡᠬᠦᠯᠦᠨ᠂ ᠮᠠᠯ ᠠᠵᠤ ᠠᠬᠤᠢ ᠲᠠᠷᠢᠶᠠᠯᠠᠩ ᠢ ᠬᠦᠭᠵᠢᠭᠦᠯᠬᠦ᠂ ᠮᠠᠯᠴᠢᠨ ᠲᠠᠷᠢᠶᠠᠴᠢᠨ ᠢ  ᠪᠠᠶᠠᠵᠢᠭᠤᠯᠬᠤ᠂ ᠮᠠᠯᠵᠢᠬᠤ ᠲᠠᠷᠢᠶᠠᠯᠠᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠶᠢ ᠬᠦᠴᠦᠯᠡᠨ ᠠᠬᠢᠭᠤᠯᠵᠤ᠂  ᠤᠳᠤᠬᠢᠴᠢᠯᠠᠬᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠵᠤ᠂ ᠨᠠᠮ ᠤᠨ ᠮᠠᠯᠵᠢᠬᠤ ᠲᠠᠷᠢᠶᠠᠯᠠᠬᠤ ᠤᠷᠤᠨ ᠳᠠᠬᠢ  ᠲᠦᠷᠦ ᠪᠠᠷᠢᠬᠤ ᠦᠨᠳᠦᠰᠦᠨ ᠰᠠᠭᠤᠷᠢ ᠶᠢ ᠪᠠᠬᠢᠵᠢᠬᠦᠯᠬᠦ ᠳᠤ ᠴᠢᠬᠤᠯᠡ ᠲᠤᠯᠭᠠᠭᠤᠷᠢᠯᠠᠯ ᠪᠤᠯᠤᠨ ᠪᠠᠳᠤᠯᠠᠭ᠎ᠠ  ᠬᠠᠩᠭᠠᠨ᠎ᠡ᠃            ︵ᠬᠤᠶᠠᠷ︶ ᠦᠨᠳᠦᠰᠦᠡ ᠵᠠᠷᠴᠢᠮ       — ᠬᠠᠤᠯᠢ ᠴᠠᠭᠠᠵᠠ ᠪᠠ ᠲᠦᠷᠦ ᠶᠢᠨ ᠪᠤᠳᠤᠯᠭ᠎ᠠ ᠶᠢᠨ ᠬᠤᠷᠢᠭ᠎ᠠ ᠱᠤᠭᠤᠮ ᠢ ᠪᠠᠳᠤ ᠰᠠᠬᠢᠨ᠎ᠠ᠃ ᠡᠷᠡᠰ  ᠴᠢᠩᠭ᠎ᠠ ᠬᠠᠤᠯᠢ ᠶᠤᠰᠤᠭᠠᠷ ᠠᠵᠢᠯ ᠡᠷᠭᠢᠯᠡᠵᠤ᠂ ᠡᠯ᠎ᠡ ᠵᠦᠢᠯ ᠤᠨ ᠠᠰᠢᠭ ᠳᠤᠰᠠ ᠶᠢᠨ ᠬᠠᠷᠢᠴᠠᠭ᠎ᠠ ᠶᠢ ᠰᠠᠶᠢᠳᠤᠷ  ᠰᠢᠢᠳᠪᠦᠷᠢᠯᠡᠨ᠎ᠡ᠃ ᠮᠠᠯᠴᠢᠨ ᠲᠠᠷᠢᠶᠠᠴᠢᠨ ᠤ ᠬᠠᠮᠳᠤ ᠶᠢᠨ ᠦᠮᠴᠢᠯᠡᠯ ᠤᠨ ᠲᠦᠷᠢᠮ ᠤᠨ ᠭᠤᠶᠢᠪᠢᠯᠵᠠᠬᠤ ᠦᠭᠡᠢ ᠶᠢ  ᠪᠠᠷᠢᠮᠳᠠᠯᠠᠵᠤ᠂ ᠴᠦᠭᠡᠨ ᠳᠤᠭᠠᠨ ᠤ ᠬᠦᠮᠦᠰ ᠡᠵᠡᠮᠰᠢᠬᠦ ᠪᠠ ᠭᠠᠳᠠᠨᠠᠭᠢ ᠡᠳ᠋ ᠬᠦᠷᠦᠩᠭᠡ ᠶᠢ ᠬᠠᠤᠯᠢ ᠪᠤᠰᠤ ᠪᠠᠷ  ᠡᠵᠡᠯᠡᠬᠦ ᠶᠢ ᠬᠤᠷᠢᠬᠯᠠᠵᠤ᠂ ᠬᠠᠮᠳᠤ ᠶᠢᠨ ᠡᠳ᠋ ᠬᠦᠷᠦᠩᠭᠡ ᠭᠡᠭᠡᠭᠳᠡᠬᠦ ᠦᠭᠡᠢ᠂ ᠮᠠᠯᠴᠢᠨ ᠲᠠᠷᠢᠶᠠᠴᠢᠨ ᠤ ᠠᠰᠢᠭ  ᠳᠤᠰᠠ ᠬᠤᠬᠢᠷᠠᠬᠤ ᠦᠭᠡᠢ ᠶᠢ ᠪᠠᠳᠤᠯᠠᠨ᠎ᠡ᠃      — ᠮᠠᠯᠴᠢᠨ ᠲᠠᠷᠢᠶᠠᠴᠢᠨ ᠤ ᠬᠦᠰᠡᠯ ᠡᠷᠡᠮᠡᠯᠵᠡᠯ ᠢ ᠬᠦᠨᠳᠦᠳᠬᠡᠨ᠎ᠡ᠃ ᠮᠠᠯᠴᠢᠨ ᠲᠠᠷᠢᠶᠠᠴᠢᠨ ᠤ ᠭᠤᠤᠯ  ᠴᠤᠭᠴᠠ ᠶᠢᠨ ᠪᠠᠶᠢᠷᠢ ᠰᠠᠭᠤᠷᠢ ᠶᠢ ᠪᠠᠷᠢᠮᠳᠠᠯᠠᠵᠤ᠂ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠭᠡ ᠠᠰᠢᠭ ᠢ  ᠬᠠᠮᠠᠭᠠᠯᠠᠵᠤ᠂ ᠰᠤᠩᠭᠤᠯᠳᠠ ᠬᠢᠬᠦ ᠡᠷᠭᠡ ᠶᠢ ᠮᠠᠯᠴᠢᠨ ᠲᠠᠷᠢᠶᠠᠴᠢᠨ ᠳᠤ ᠳᠤᠰᠢᠶᠠᠵᠤ᠂ ᠮᠠᠯᠴᠢᠨ ᠲᠠᠷᠢᠶᠠᠴᠢᠨ ᠤᠯᠠᠨ  ᠲᠦᠮᠡᠨ ᠤ ᠪᠠᠶᠢᠳᠠᠯ ᠢ ᠮᠡᠳᠡᠬᠦ ᠡᠷᠭᠡ᠂ ᠤᠷᠤᠯᠴᠠᠬᠤ ᠡᠷᠭᠡ᠂ ᠢᠯᠡᠳᠬᠡᠬᠦ ᠡᠷᠭᠡ ᠪᠠ ᠬᠢᠨᠠᠯᠳᠠ ᠳᠠᠯᠪᠢᠬᠤ ᠡᠷᠭᠡ ᠶᠢ  ᠪᠠᠳᠤᠯᠠᠵᠤ᠂ ᠠᠷᠠᠳᠴᠢᠯᠠᠯ ᠢᠶᠠᠷ ᠵᠦᠪᠳᠡᠬᠦ ᠪᠠᠷ ᠳᠠᠮᠵᠢᠨ ᠦᠭᠡᠷᠡᠴᠢᠯᠡᠯᠳᠡ ᠶᠢᠨ ᠳᠤᠮᠳᠠᠬᠢ ᠵᠦᠷᠢᠴᠡᠯ ᠠᠰᠠᠭᠤᠳᠠᠯ ᠢ  ᠰᠢᠢᠳᠪᠦᠷᠢᠯᠡᠨ᠎ᠡ᠃      — ᠳᠤᠬᠠᠢ ᠶᠢᠨ ᠭᠠᠵᠠᠷ ᠤᠨ ᠪᠠᠶᠢᠳᠠᠯ ᠳᠤᠨᠢ ᠳᠤᠬᠢᠷᠠᠭᠤᠯᠬᠤ ᠶᠢ ᠪᠠᠷᠢᠮᠳᠠᠯᠠᠨ᠎ᠠ᠃ ᠡᠯ᠎ᠡ ᠭᠠᠵᠠᠷ ᠤᠷᠤᠨ ᠤ  ᠪᠤᠳᠠᠳᠤ ᠪᠠᠶᠢᠳᠠᠯ ᠢ ᠦᠨᠳᠦᠰᠦᠯᠡᠵᠤ᠂ ᠦᠷᠭᠡᠨ ᠤᠯᠠᠨ ᠮᠠᠯᠴᠢᠨ ᠲᠠᠷᠢᠶᠠᠴᠢᠨ ᠤᠯᠠᠨ ᠲᠦᠮᠡᠨ ᠤ ᠨᠡᠶᠢᠳᠡᠮ  ᠬᠦᠯᠢᠶᠡᠨ ᠠᠪᠴᠤ ᠲᠡᠶᠢᠯᠬᠦ ᠦᠭᠡᠷᠡᠴᠢᠯᠡᠯᠳᠡ ᠶᠢᠨ ᠠᠷᠭ᠎ᠠ ᠬᠡᠯᠪᠡᠷᠢ ᠶᠢ ᠰᠤᠩᠭᠤᠵᠤ᠂ ︽ᠨᠢᠭᠡ ᠳᠤᠰᠬᠤᠨ ᠨᠢᠭᠡ  ᠲᠦᠷᠦ ᠶᠢᠨ ᠪᠤᠳᠤᠯᠭ᠎ᠠ︾᠎ ᠶᠢ ᠬᠡᠷᠡᠭᠵᠢᠬᠦᠯᠵᠤ᠂ ᠵᠡᠷᠭᠡᠪᠡᠷ ᠠᠬᠢᠭᠤᠯᠬᠤ᠂ ᠨᠢᠭᠡ ᠯᠡ ᠠᠳᠠᠯᠢ ᠬᠡᠯᠪᠡᠷᠢ ᠠᠪᠬᠤ ᠶᠢ  ᠱᠠᠭᠠᠷᠳᠠᠬᠤ ᠦᠭᠡᠢ᠃      — ᠯᠠᠪᠳᠠᠭᠤᠨ ᠡᠮᠬᠢ ᠲᠢᠭᠯᠢᠮ ᠲᠠᠢ ᠲᠦᠯᠬᠢᠨ ᠠᠬᠢᠭᠤᠯᠤᠨ᠎ᠠ᠃ ᠳᠤᠷᠰᠢᠯᠳᠡ ᠶᠢᠨ ᠴᠢᠭ᠋ ᠲᠤ ᠤᠷᠢᠳᠠᠪᠡᠷ  ᠬᠡᠷᠡᠭᠵᠢᠭᠦᠯᠬᠦ ᠶᠢ ᠪᠠᠷᠢᠮᠳᠠᠯᠠᠵᠤ᠂ ᠲᠦᠯᠦᠭᠡᠯᠡᠬᠦ ᠴᠢᠨᠠᠷᠳᠠᠢ ᠭᠠᠵᠠᠷ ᠤᠷᠤᠨ ᠢ ᠰᠤᠩᠭᠤᠵᠤ ᠯᠠᠪᠳᠠᠭᠤᠨ ᠬᠢᠨᠠᠭᠤᠷ ᠢᠶᠠᠷ  ᠳᠦᠯᠬᠢᠨ ᠠᠬᠢᠭᠤᠯᠵᠤ᠂ ᠳᠤᠷᠰᠢᠯᠭ᠎ᠠ ᠬᠤᠷᠠᠮᠳᠤᠭᠤᠯᠵᠤ᠂ ᠠᠭᠠᠵᠢᠮ ᠢᠶᠠᠷ ᠲᠦᠭᠡᠮᠡᠯᠵᠢᠬᠦᠯᠤᠨ᠎ᠠ᠃ ᠰᠦᠪᠡᠭᠴᠢᠯᠡᠯᠳᠡ  ᠬᠢᠵᠤ ᠰᠢᠨ᠎ᠡ ᠶᠢ ᠡᠬᠦᠳᠬᠦ ᠶᠢ ᠵᠤᠷᠢᠭᠵᠢᠭᠤᠯᠵᠤ᠂ ᠵᠤᠷᠢᠭᠳᠠᠢ ᠪᠠᠷ ᠦᠢᠯᠡᠳᠤᠯᠭᠡᠵᠢᠬᠦᠯᠵᠤ᠂ ᠡᠯ᠎ᠡ ᠵᠦᠢᠯ ᠤᠨ ᠠᠶᠦᠯ  ᠲᠦᠭᠰᠢᠬᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠠᠷᠢᠯᠭᠠᠵᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ  ᠳᠤᠭᠳᠠᠭᠤᠨ ᠢ ᠪᠠᠳᠤᠯᠠᠨ᠎ᠡ᠃      — ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠡ  ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠭᠤᠤᠯ ᠪᠠᠶᠢᠷᠢ ᠰᠠᠭᠤᠷᠢ ᠶᠢ ᠪᠠᠷᠢᠮᠳᠠᠯᠠᠵᠤ᠂  ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠳᠠᠬᠢ  ᠨᠠᠮ ᠤᠨ ᠤᠳᠤᠷᠢᠳᠤᠯᠭ᠎ᠠ ᠶᠢ ᠴᠢᠩᠭᠠᠳᠬᠵᠤ᠂ ᠨᠠᠮ ᠤᠨ ᠮᠠᠯᠵᠢᠬᠤ ᠲᠠᠷᠢᠶᠠᠯᠠᠬᠤ ᠤᠷᠤᠨ ᠳᠤ ᠲᠦᠷᠦ ᠪᠠᠷᠢᠬᠤ  ᠰᠠᠭᠤᠷᠢ ᠶᠢ ᠪᠠᠬᠢᠵᠢᠬᠦᠯᠵᠤ᠂ ᠬᠠᠮᠳᠤ ᠪᠠᠷ ᠴᠢᠨᠡᠭᠡᠯᠢᠭᠵᠢᠬᠦ ᠶᠢ ᠠᠯᠬᠤᠮ ᠳᠠᠷᠠᠭᠠᠯᠠᠨ ᠪᠡᠶᠡᠯᠡᠬᠦᠯᠤᠨ᠎ᠡ᠃      ︵ᠭᠤᠷᠪᠠ︶ ᠬᠠᠷᠠᠯᠳᠠ ᠡᠬᠦᠷᠭᠡ᠃      2019 ᠤᠨ ᠪᠤᠯᠳᠠᠯ᠎ᠠ᠂ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ  ᠡᠳ᠋ ᠬᠦᠷᠦᠩᠭᠡ ᠶᠢ ᠪᠠᠶᠢᠴᠠᠭᠠᠨ ᠬᠠᠷᠭᠤᠭᠤᠯᠬᠤ ᠪᠠ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ  ᠬᠡᠰᠢᠬᠦᠨ ᠪᠡᠶ᠎ᠡ ᠶᠢᠨ ᠭᠠᠷᠤᠯ ᠢ ᠳᠤᠭᠳᠠᠭᠠᠬᠤ ᠠᠵᠢᠯ ᠢ ᠦᠨᠳᠦᠰᠦᠡ ᠳᠡᠭᠡᠨ ᠪᠡᠶᠡᠯᠡᠬᠦᠯᠤᠨ᠎ᠡ︔ 2021 ᠤᠨ  ᠪᠤᠯᠳᠠᠯ᠎ᠠ᠂ ᠬᠠᠮᠳᠤ ᠶᠢᠨ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ ᠶᠢᠨ ᠬᠤᠪᠢᠴᠠᠭᠠᠳᠤ ᠬᠠᠮᠳᠤᠷᠠᠯᠴᠠᠬᠤ  ᠲᠦᠷᠢᠮ ᠤᠨ ᠦᠭᠡᠷᠡᠴᠢᠯᠡᠯᠳᠡ ᠪᠠ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ ᠪᠠᠶᠢᠭᠤᠯᠬᠤ  ᠠᠵᠢᠯ ᠢ ᠦᠨᠳᠦᠰᠦᠨ ᠳᠡᠭᠡᠨ ᠪᠡᠶᠡᠯᠡᠬᠦᠯᠤᠨ᠎ᠡ᠃ ᠦᠭᠡᠷᠡᠴᠢᠯᠡᠯᠳᠡ ᠪᠠᠷ ᠳᠠᠮᠵᠢᠨ᠂ ᠬᠠᠷᠢᠶᠠᠯᠠᠯ ᠳᠤᠳᠤᠷᠬᠠᠠᠢ᠂ ᠡᠷᠭᠡ  ᠴᠢᠳᠠᠪᠬᠢ ᠪᠦᠷᠢᠨ ᠳᠡᠬᠦᠰ᠂ ᠡᠷᠬᠢᠯᠳᠡ ᠰᠢᠯᠤᠭᠤᠨ᠂ ᠰᠢᠯᠵᠢᠭᠦᠯᠦᠯᠳᠡ ᠤᠷᠤᠬᠰᠢᠳᠠᠢ᠂ ᠬᠠᠮᠠᠭᠠᠯᠠᠯᠳᠠ ᠴᠢᠩᠭ᠎ᠠ  ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠢ ᠠᠯᠬᠤᠮ ᠳᠠᠷᠠᠭᠠᠯᠠᠨ  ᠪᠠᠶᠢᠭᠤᠯᠵᠤ᠂ ᠮᠠᠯᠴᠢᠨ ᠲᠠᠷᠢᠶᠠᠴᠢᠨ ᠤ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠶᠢᠨ ᠬᠡᠰᠢᠬᠦᠨ ᠪᠤᠯᠬᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠪᠠ ᠬᠦᠭᠵᠢᠬᠦᠯᠵᠤ᠂ ᠵᠠᠬ᠎ᠠ  ᠳᠡᠯᠬᠡᠬᠦᠷ ᠤᠨ ᠠᠵᠤ ᠠᠬᠤᠢ ᠶᠢᠨ ᠱᠠᠭᠠᠷᠳᠠᠯᠭ᠎ᠠ ᠳᠤ ᠨᠡᠶᠢᠴᠡᠬᠦ ᠬᠠᠮᠳᠤ ᠶᠢᠨ ᠠᠵᠤ ᠠᠬᠤᠢ ᠶᠢᠨ ᠠᠵᠢᠯᠯᠠᠭ᠎ᠠ ᠶᠢᠨ  ᠰᠢᠨ᠎ᠡ ᠳᠤᠭᠳᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠶᠢᠨ ᠬᠡᠰᠢᠬᠦᠨ ᠤ ᠡᠷᠭᠡ ᠶᠢ ᠪᠦᠳᠦᠮᠵᠢᠳᠠᠢ ᠬᠠᠮᠠᠭᠠᠯᠠᠬᠤ ᠵᠠᠰᠠᠯᠳᠠ ᠶᠢᠨ ᠰᠢᠰ᠊ᠳ᠋᠊ᠤᠮ ᠢ  ᠪᠦᠷᠢᠯᠳᠦᠬᠦᠯᠤᠨ᠎ᠡ᠃       ᠬᠤᠶᠠᠷ᠂ ᠬᠠᠮᠳᠤ ᠶᠢᠨ ᠠᠵᠤ ᠠᠬᠤᠢ ᠶᠢᠨ ᠡᠳ᠋ ᠬᠦᠷᠦᠩᠭᠡ ᠶᠢ ᠳᠠᠩᠰᠠᠯᠠᠨ ᠬᠠᠷᠭᠤᠭᠤᠯᠬᠤ ᠶᠢ ᠪᠦᠬᠦ  ᠳᠠᠯ᠎ᠠ ᠪᠠᠷ ᠠᠬᠢᠭᠤᠯᠤᠨ᠎ᠠ      ︵ᠲᠦᠷᠪᠡ︶ ᠡᠳ᠋ ᠬᠦᠷᠦᠩᠭᠡ ᠶᠢ ᠳᠠᠩᠰᠠᠯᠠᠨ ᠬᠠᠷᠭᠤᠭᠤᠯᠬᠤ ᠡᠳᠡᠭᠡᠳ ᠪᠤᠯᠤᠨ ᠬᠦᠷᠢᠶ᠎ᠠ ᠬᠡᠪᠴᠢᠶ᠎ᠠ ᠶᠢ ᠳᠤᠳᠤᠷᠬᠠᠢᠢᠯᠠᠨ᠎ᠠ᠃ ᠡᠳ᠋ ᠬᠦᠷᠦᠩᠭᠡ ᠶᠢ ᠳᠠᠩᠰᠠᠯᠠᠨ ᠬᠠᠷᠭᠤᠭᠤᠯᠬᠤ ᠡᠳᠡᠭᠡᠳ ᠪᠤᠯ᠄ ᠰᠤᠮᠤ ᠰᠢᠶᠠᠩ ᠪᠠᠯᠭᠠᠰᠤ᠂  ᠭᠠᠴᠠᠭ᠎ᠠ ᠳᠤᠰᠬᠤᠨ᠂ ᠳᠤᠭᠤᠢᠢᠯᠠᠩ ᠤᠨ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠵᠢᠴᠢ ᠬᠠᠷᠢᠶ᠎ᠠ  ᠠᠵᠤ ᠠᠬᠤᠢᠢᠯᠠᠯ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠠᠮᠳᠤ ᠶᠢᠨ ᠡᠳ᠋  ᠬᠦᠷᠦᠩᠭᠡ ᠶᠢᠨ ᠬᠠᠮᠢᠶᠠᠷᠤᠯᠳᠠ ᠶᠢᠨ ᠴᠢᠳᠠᠪᠬᠢ ᠶᠢ ᠬᠡᠷᠡᠭᠵᠢᠭᠦᠯᠵᠤ ᠪᠠᠶᠢᠭ᠎ᠠ ᠭᠠᠴᠠᠭ᠎ᠠ ᠳᠤᠰᠬᠤᠨ ᠤ ᠠᠷᠠᠳ ᠤᠨ  ᠵᠦᠪᠯᠡᠯ᠂ ᠭᠠᠴᠠᠭ᠎ᠠ ᠳᠤᠰᠬᠤᠨ ᠤ ᠪᠠᠭ᠎ᠠ ᠳᠤᠭᠤᠢᠢᠯᠠᠩ᠂ ᠭᠠᠴᠠᠭ᠎ᠠ ᠳᠤᠰᠬᠤᠨ ᠤᠷᠤᠨ ᠰᠠᠭᠤᠴᠠ ᠪᠠᠨ  ᠬᠤᠪᠢᠷᠠᠭᠤᠯᠤᠬᠰᠠᠨ ᠤ ᠲᠠᠷᠠᠭᠠᠬᠢ ᠨᠡᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠬᠠᠮᠳᠤ ᠶᠢᠨ ᠡᠳ᠋  ᠬᠦᠷᠦᠩᠭᠡ ᠶᠢᠨ ᠦᠮᠴᠢᠯᠡᠭᠦ ᠡᠷᠭᠡ ᠶᠢᠨ ᠲᠦᠷᠢᠮ ᠢᠶᠠᠨ ᠦᠭᠡᠷᠡᠴᠢᠯᠡᠭᠰᠡᠨ ᠬᠤᠪᠢᠴᠠᠭᠠᠳᠤ ᠠᠵᠤ ᠠᠬᠤᠢ ᠶᠢᠨ  ᠳᠤᠰᠬᠠᠢ ᠬᠤᠷᠰᠢᠶ᠎ᠠ ᠪᠤᠯᠤᠨ᠎ᠠ᠃ ᠳᠠᠩᠰᠠᠯᠠᠨ ᠬᠠᠷᠭᠤᠭᠤᠯᠬᠤ ᠬᠦᠷᠢᠶ᠎ᠠ ᠬᠡᠪᠴᠢᠶ᠎ᠠ᠄ ᠮᠠᠯᠴᠢᠨ ᠳᠠᠷᠢᠶᠠᠴᠢᠨ ᠤ  ᠬᠠᠮᠳᠤ ᠶᠢᠨ ᠦᠮᠴᠢᠯᠡᠯ ᠤᠨ ᠬᠠᠤᠯᠢ ᠪᠠᠷ ᠳᠤᠭᠳᠠᠭᠠᠭᠰᠠᠨ ᠭᠠᠵᠠᠷ ᠰᠢᠷᠤᠢ᠂ ᠤᠢ ᠰᠢᠭᠤᠢ᠂ ᠠᠭᠤᠯᠠ ᠬᠦᠳᠦᠯ᠂  ᠨᠤᠳᠤᠭ ᠪᠡᠯᠴᠢᠭᠡᠷ᠂ ᠠᠳᠠᠷ ᠭᠠᠵᠠᠷ᠂ ᠭᠤᠤᠯ ᠤᠨ ᠰᠠᠶᠢᠷᠭᠠᠯ ᠵᠡᠷᠭᠡ ᠡᠬᠢ ᠪᠠᠶᠠᠯᠢᠭ ᠤᠨ ᠴᠢᠨᠠᠷᠳᠠᠢ ᠡᠳ᠋ ᠬᠦᠷᠦᠩᠭᠡ᠂ ᠡᠵᠡᠩᠨᠡᠯᠳᠡ ᠳᠤ ᠬᠡᠷᠡᠭᠯᠡᠵᠤ ᠪᠠᠶᠢᠭ᠎ᠠ ᠬᠡᠷ ᠪᠠᠶᠢᠰᠢᠩ᠂ ᠪᠠᠷᠢᠯᠭ᠎ᠠ᠂ ᠮᠠᠰᠢᠨ ᠳᠤᠨᠤᠭᠯᠠᠯ᠂ ᠪᠠᠭᠠᠵᠢ ᠬᠡᠷᠡᠭᠰᠡᠯ᠂ ᠮᠠᠯ  ᠠᠵᠤ ᠠᠬᠤᠢ ᠳᠠᠷᠢᠶᠠᠯᠠᠩ ᠤᠨ ᠰᠠᠭᠤᠷᠢ ᠲᠦᠭᠦᠭᠡᠷᠦᠮᠵᠢ᠂ ᠬᠠᠮᠳᠤ ᠠᠴᠠ ᠪᠡᠯᠡ ᠤᠷᠤᠭᠤᠯᠤᠨ ᠪᠦᠳᠦᠭᠡᠨ  ᠪᠠᠶᠢᠭᠤᠯᠵᠤ ᠡᠷᠬᠢᠯᠡᠭᠰᠡᠨ ᠠᠵᠤ ᠠᠬᠤᠢᠢᠯᠠᠯ ᠵᠢᠴᠢ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠡᠳ᠋  ᠬᠦᠷᠦᠩᠭᠡ᠂ ᠮᠡᠳᠡᠯᠭᠡ ᠶᠢᠨ ᠦᠮᠴᠢᠯᠡᠯ ᠤᠨ ᠡᠳ᠋ ᠬᠦᠷᠦᠩᠭᠡ ᠵᠡᠷᠭᠡ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ᠂  ᠤᠯᠠᠨ ᠨᠡᠶᠢᠳᠡ ᠶᠢᠨ ᠦᠢᠯᠡᠴᠢᠯᠡᠭᠡᠨ ᠳᠤ ᠬᠡᠷᠡᠭᠯᠡᠵᠤ ᠪᠠᠶᠢᠭ᠎ᠠ ᠰᠤᠷᠭᠠᠨ ᠬᠦᠮᠦᠵᠢᠯ᠂ ᠰᠢᠨᠵᠢᠯᠡᠭᠦ ᠤᠬᠠᠭᠠᠨ ᠮᠡᠷᠭᠡᠵᠢᠯ  ᠂ ᠰᠤᠶᠤᠯ᠂ ᠡᠷᠡᠭᠦᠯ ᠬᠠᠮᠠᠭᠠᠯᠠᠯ᠂ ᠪᠡᠶ᠎ᠠ ᠶᠢᠨ ᠳᠠᠮᠢᠷ ᠵᠡᠷᠭᠡ ᠳᠠᠯ᠎ᠠ ᠶᠢᠨ ᠡᠵᠡᠩᠨᠡᠯᠳᠡ ᠶᠢᠨ ᠪᠤᠰᠤ ᠴᠢᠨᠠᠷᠳᠠᠢ ᠡᠳ᠋  ᠬᠦᠷᠦᠩᠭᠡ᠃ ᠡᠷᠦᠭᠡ ᠳᠤ ᠳᠠᠭᠠᠭᠠᠴᠢᠯᠠᠭᠤᠯᠤᠭᠰᠠᠨ ᠦᠭᠡᠢ ᠡᠬᠢ ᠪᠠᠶᠠᠯᠢᠭ ᠤᠨ ᠴᠢᠨᠠᠷᠳᠠᠢ ᠡᠳ᠋ ᠬᠦᠷᠦᠩᠭᠡ ᠪᠤᠯᠤᠨ  ᠬᠠᠮᠳᠤ ᠠᠴᠠ ᠨᠢᠭᠡᠳᠦᠯᠳᠠᠢ ᠡᠵᠡᠩᠨᠡᠵᠤ ᠪᠠᠶᠢᠭ᠎ᠠ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ ᠵᠢᠴᠢ ᠪᠡᠯᠡᠨ ᠮᠦᠩᠭᠦ᠂  ᠠᠪᠴᠠᠭ᠎ᠠ ᠦᠭᠴᠡᠭᠡ ᠵᠡᠷᠭᠡ ᠶᠢ ᠭᠤᠤᠯᠳᠠᠭᠤ ᠳᠠᠩᠰᠠᠯᠠᠨ ᠬᠠᠷᠭᠤᠭᠤᠯᠤᠨ᠎ᠠ᠃     ︵ᠳᠠᠪᠤ︶ ᠡᠳ᠋ ᠬᠦᠷᠦᠩᠭᠡ ᠶᠢ ᠳᠠᠩᠰᠠᠯᠠᠨ ᠬᠠᠷᠭᠤᠭᠤᠯᠬᠤ ᠳᠡᠰ ᠳᠠᠷᠠᠭᠠᠯᠠᠯ ᠢ ᠲᠦᠷᠢᠮᠵᠢᠭᠦᠯᠦᠨ᠎ᠡ᠃ ᠡᠳ᠋  ᠬᠦᠷᠦᠩᠭᠡ ᠶᠢ ᠳᠠᠩᠰᠠᠯᠠᠨ ᠬᠠᠷᠭᠤᠭᠤᠯᠬᠤ ᠠᠵᠢᠯ ᠢ ᠪᠠᠶᠢᠴᠠᠭᠠᠨ ᠬᠠᠷᠭᠤᠭᠤᠯᠬᠤ᠂ ᠢᠯᠡ ᠨᠡᠶᠢᠳᠡᠯᠡᠨ ᠨᠤᠳᠠᠯᠠᠬᠤ᠂  ᠳᠠᠩᠰᠠ ᠪᠠᠶᠢᠭᠤᠯᠬᠤ᠂ ᠬᠢᠨᠠᠨ ᠬᠠᠷᠭᠤᠭᠤᠯᠵᠤ ᠳᠠᠩᠰᠠᠯᠠᠭᠤᠯᠬᠤ᠂ ᠡᠮᠬᠢᠯᠡᠨ ᠨᠢᠭᠡᠳᠭᠡᠵᠤ ᠳᠡᠭᠡᠭᠰᠢ ᠮᠡᠳᠡᠭᠦᠯᠬᠦ᠂  ᠳᠠᠪᠴᠠᠩ ᠳᠤ ᠤᠷᠤᠭᠤᠯᠤᠨ ᠬᠠᠮᠢᠶᠠᠷᠤᠯᠳᠠ ᠬᠢᠭᠦ ᠵᠡᠷᠭᠡ ᠳᠡᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃ ᠡᠳ᠋  ᠬᠦᠷᠦᠩᠭᠡ ᠶᠢ ᠳᠠᠩᠰᠠᠯᠠᠨ ᠬᠠᠷᠭᠤᠭᠤᠯᠬᠤ ᠳᠠᠭᠠᠨ ︽ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠡᠳ᠋  ᠬᠦᠷᠦᠩᠭᠡ ᠶᠢ ᠳᠠᠩᠰᠠᠯᠠᠨ ᠬᠠᠷᠭᠤᠭᠤᠯᠬᠤ ᠠᠷᠭ᠎ᠠ︾᠎ ᠶᠢᠨ ᠳᠤᠭᠳᠠᠭᠠᠯ ᠶᠤᠰᠤᠭᠠᠷ᠂ ᠬᠠᠮᠳᠤ ᠶᠢᠨ ᠡᠳ᠋ ᠬᠦᠷᠦᠩᠭᠡ᠂  ᠦᠷᠢ ᠦᠭᠴᠡᠭᠡ᠂ ᠦᠮᠴᠢᠯᠡᠭᠴᠢ ᠶᠢᠨ ᠡᠷᠭᠡ ᠠᠰᠢᠭ ᠪᠤᠯᠤᠨ ᠳᠠᠩᠰᠠ ᠬᠠᠷ᠎ᠠ ᠠᠴᠠ ᠭᠠᠳᠠᠨᠠᠬᠢ ᠡᠳ᠋ ᠬᠦᠷᠦᠩᠭᠡ ᠶᠢᠨ  ᠡᠬᠢ ᠪᠠᠶᠠᠯᠢᠭ ᠢ ᠲᠦᠷᠦᠯ ᠵᠦᠢᠯ ᠳᠠᠷᠠᠭᠠᠯᠠᠨ ᠪᠠᠶᠢᠴᠠᠭᠠᠨ ᠳᠠᠩᠰᠠᠯᠠᠨ᠎ᠠ᠃ ᠳᠠᠩᠰᠠᠯᠠᠨ ᠬᠠᠷᠭᠤᠭᠤᠯᠤᠭᠰᠠᠨ ᠦᠷ᠎ᠠ  ᠳ᠋ᠦᠩ ᠢ ᠢᠯᠡ ᠨᠡᠶᠢᠳᠡᠯᠡᠭᠦ ᠶᠢᠨ ᠬᠠᠮᠳᠤ ᠭᠠᠴᠠᠭ᠎ᠠ ᠳᠤᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠳᠤᠰᠬᠤᠨ ᠤ  ᠠᠷᠠᠳ ᠤᠨ ᠲᠦᠯᠦᠭᠡᠯᠡᠭᠴᠢ ᠶᠢᠨ ᠬᠤᠷᠠᠯ ᠢᠶᠠᠷ ᠪᠠᠳᠤᠯᠠᠭᠤᠯᠤᠨ᠎ᠠ᠃ ᠢᠯᠡ ᠨᠡᠶᠢᠳᠡᠯᠡᠵᠤ ᠨᠤᠳᠠᠯᠠᠭᠰᠠᠨ ᠬᠠᠮᠳᠤ ᠶᠢᠨ  ᠡᠳ᠋ ᠬᠦᠷᠦᠩᠭᠡ ᠶᠢ ᠡᠬᠢ ᠪᠠᠶᠠᠯᠢᠭ ᠤᠨ ᠴᠢᠨᠠᠷᠳᠠᠢ᠂ ᠡᠵᠡᠩᠨᠡᠯᠳᠡ ᠶᠢᠨ ᠴᠢᠨᠠᠷᠳᠠᠢ᠂ ᠡᠵᠡᠩᠨᠡᠯᠳᠡ ᠶᠢᠨ ᠪᠤᠰᠤ  ᠴᠢᠨᠠᠷᠳᠠᠢ ᠵᠡᠷᠭᠡ ᠪᠠᠷ ᠲᠦᠷᠦᠯ ᠬᠤᠪᠢᠶᠠᠨ ᠳᠠᠩᠰᠠᠯᠠᠭᠤᠯᠵᠤ᠂ ᠬᠠᠮᠳᠤ ᠶᠢᠨ ᠡᠳ᠋ ᠬᠦᠷᠦᠩᠭᠡ ᠶᠢᠨ ᠳᠠᠩᠰᠠ ᠬᠠᠷ᠎ᠠ ᠶᠢ  ᠪᠠᠶᠢᠭᠤᠯᠤᠨ᠎ᠠ᠃ ᠳᠠᠩᠰᠠᠯᠠᠨ ᠬᠠᠷᠭᠤᠭᠤᠯᠤᠭᠰᠠᠨ ᠦᠷ᠎ᠠ ᠳ᠋ᠦᠩ ᠢ ᠰᠤᠮᠤ ᠰᠢᠶᠠᠩ ᠪᠠᠯᠭᠠᠰᠤ᠂ ᠬᠤᠰᠢᠭᠤ ᠰᠢᠶᠠᠨ ︵ ᠬᠤᠳᠠ᠂ ᠳᠤᠭᠤᠷᠢᠭ︶᠂ ᠠᠶᠢᠮᠠᠭ ᠬᠤᠳᠠ᠂ ᠦᠪᠡᠷᠳᠡᠭᠡᠨ ᠵᠠᠰᠠᠬᠤ ᠤᠷᠤᠨ ᠵᠡᠷᠭᠡ ᠳᠡᠰ ᠬᠤᠪᠢᠶᠠᠨ ᠬᠢᠨᠠᠨ  ᠬᠠᠷᠭᠤᠭᠤᠯᠤᠭᠰᠠᠨ ᠤ ᠳᠠᠷᠠᠭ᠎ᠠ᠂ ᠬᠦᠳᠡᠭᠡ ᠠᠵᠤ ᠠᠬᠤᠢ ᠬᠦᠳᠡᠭᠡ ᠳᠤᠰᠬᠤᠨ ᠤ ᠶᠠᠮᠤᠨ ᠳᠤ ᠳᠡᠪᠰᠢᠭᠦᠯᠦᠨ  ᠮᠠᠳᠡᠭᠦᠯᠵᠤ᠂ ᠪᠦᠬᠦ ᠤᠯᠤᠰ ᠤᠨ ᠬᠠᠮᠳᠤ ᠶᠢᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠳᠠ ᠶᠢᠨ ᠳᠠᠪᠴᠠᠩ ᠳᠤ  ᠤᠷᠤᠭᠤᠯᠤᠨ ᠬᠠᠮᠢᠶᠠᠷᠤᠯᠳᠠ ᠬᠢᠯᠭᠡᠨ᠎ᠡ᠃ 2012 ᠤᠨ ᠳᠤ ᠪᠦᠬᠦ ᠤᠷᠤᠨ ᠤ ︽ᠪᠡᠯᠡ ᠮᠦᠩᠭᠦ᠂ ᠡᠳ᠋ ᠬᠦᠷᠦᠩᠭᠡ  ᠂ ᠡᠬᠢ ᠪᠠᠶᠠᠯᠢᠭ︾᠎ ᠢ ᠴᠡᠭᠴᠡᠯᠡᠨ ᠳᠠᠩᠰᠠᠯᠠᠭᠤᠯᠵᠤ ᠨᠤᠳᠠᠯᠠᠬᠰᠠᠨ ᠳᠤᠭ᠎ᠠ ᠪᠠᠷᠢᠮᠳᠠ ᠶᠢᠨ ᠦᠷ᠎ᠠ ᠳ᠋ᠦᠩ᠂ ᠮᠠᠯᠵᠢᠬᠤ  ᠳᠠᠷᠢᠶᠠᠯᠠᠬᠤ ᠤᠷᠤᠨ ᠤ ᠬᠠᠮᠳᠤ ᠶᠢᠨ ᠭᠠᠵᠠᠷ ᠰᠢᠷᠤᠢ ᠶᠢᠨ ᠡᠵᠡᠩᠨᠡᠭᠦ ᠡᠷᠭᠡ ᠶᠢ ᠨᠤᠳᠠᠯᠠᠨ ᠳᠤᠭᠳᠠᠭᠠᠵᠤ ᠦᠨᠡᠮᠯᠡᠯ  ᠤᠯᠭᠤᠬᠰᠠᠨ ᠪᠠ ᠭᠠᠵᠠᠷ ᠰᠢᠷᠤᠢ ᠨᠤᠳᠤᠭ ᠪᠡᠯᠴᠢᠭᠡᠷ ᠤᠨ ᠳᠠᠭᠠᠭᠠᠴᠢᠯᠠᠯᠳᠠ ᠡᠵᠡᠩᠨᠡᠯᠳᠡ ᠶᠢᠨ ᠡᠷᠭᠡ ᠶᠢ ᠨᠤᠳᠠᠯᠠᠨ  ᠳᠤᠭᠳᠠᠭᠠᠵᠤ ᠦᠨᠡᠮᠯᠡᠯ ᠤᠯᠭᠤᠭᠰᠠᠨ ᠦᠷ᠎ᠠ ᠳ᠋ᠦᠩ ᠵᠡᠷᠭᠡ ᠶᠢᠨ ᠪᠦᠷᠢᠯᠳᠦᠭᠦᠯᠦᠭᠰᠡᠨ ᠳᠤᠭ᠎ᠠ ᠪᠠᠷᠢᠮᠳᠠ ᠶᠢᠨ ᠦᠷ᠎ᠠ  ᠳ᠋ᠦᠩ ᠢ ᠳᠠᠬᠢᠨᠳᠠ ᠬᠠᠷᠭᠤᠭᠤᠯᠤᠨ ᠨᠤᠳᠠᠯᠠᠭᠰᠠᠨ ᠤ ᠰᠠᠭᠤᠷᠢᠨ ᠳᠤ ᠬᠡᠷᠡᠭᠯᠡᠵᠤ ᠪᠤᠯᠤᠨ᠎ᠡ᠂ ᠲᠠᠪᠬᠤᠷ ᠬᠦᠳᠡᠯᠮᠦᠷᠢ  ᠬᠢᠬᠦ ᠶᠢ ᠪᠠᠭᠠᠰᠬᠠᠬᠤ ᠪᠤᠯᠤᠨ ᠵᠠᠶᠢᠯᠠᠰᠬᠢᠨ᠎ᠡ᠃      ︵ᠵᠢᠷᠭᠤᠭ᠎ᠠ︶ ᠬᠠᠮᠳᠤ ᠶᠢᠨ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢ ᠢᠯᠭᠠᠨ ᠲᠤᠬᠳᠠᠭᠠᠨ᠎ᠠ᠃ ᠡᠳ᠋  ᠬᠦᠷᠦᠩᠭᠡ ᠪᠠᠨ ᠪᠠᠶᠢᠴᠠᠭᠠᠨ ᠬᠠᠷᠭᠤᠭᠤᠯᠤᠬᠰᠠᠨ ᠰᠠᠭᠤᠷᠢᠨ ᠲᠡᠭᠡᠷ᠎ᠠ᠂ ᠮᠠᠯᠵᠢᠬᠤ ᠲᠠᠷᠢᠶᠠᠯᠠᠬᠤ ᠤᠷᠤᠨ ᠤ  ᠬᠠᠮᠳᠤ ᠶᠢᠨ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢ ᠲᠤᠬᠳᠠᠭᠠᠨ᠎ᠠ᠃ ᠭᠠᠴᠠᠭ᠎ᠠ ᠲᠤᠰᠬᠤᠨ ᠤ ᠮᠠᠯᠴᠢᠨ  ᠲᠠᠷᠢᠶᠠᠴᠢᠨ ᠤ ᠬᠠᠮᠳᠤ ᠶᠢᠨ ᠦᠮᠴᠢᠯᠡᠯ ᠳᠤ ᠬᠠᠷᠢᠶᠠᠯᠠᠬᠳᠠᠪᠠᠯ᠂ ᠭᠠᠴᠠᠭ᠎ᠠ ᠲᠤᠰᠬᠤᠨ ᠤ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠬᠠᠮᠳᠤ ᠨᠡᠶᠢᠳᠡ ᠶᠢ ᠲᠦᠯᠦᠭᠡᠯᠡᠨ ᠦᠮᠴᠢᠯᠡᠯ ᠤᠨ ᠡᠷᠭᠡ ᠶᠢ  ᠬᠡᠷᠡᠭᠵᠢᠭᠦᠯᠦᠨ᠎ᠠ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠᠶᠢᠭᠤᠯᠤᠬᠰᠠᠨ ᠦᠭᠡᠢ ᠪᠠᠶᠢᠪᠠᠯ᠂  ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠬᠠᠮᠳᠤ ᠨᠡᠶᠢᠳᠡ ᠶᠢ ᠲᠦᠯᠦᠭᠡᠯᠡᠨ ᠦᠮᠴᠢᠯᠡᠯ ᠤᠨ ᠡᠷᠭᠡ ᠶᠢ  ᠬᠡᠷᠡᠭᠵᠢᠭᠦᠯᠦᠨ᠎ᠠ︔ ᠲᠤᠰᠪᠤᠷᠢ ᠭᠠᠴᠠᠭ᠎ᠠ ᠲᠤᠰᠬᠤᠨ ᠤ ᠬᠤᠶᠠᠷ ᠠᠴᠠ ᠲᠡᠭᠡᠭᠰᠢᠬᠢ ᠮᠠᠯᠴᠢᠨ ᠲᠠᠷᠢᠶᠠᠴᠢᠨ ᠤ  ᠬᠠᠮᠳᠤ ᠶᠢᠨ ᠦᠮᠴᠢᠯᠠᠯ ᠳᠤ ᠬᠠᠷᠢᠶᠠᠯᠠᠭᠳᠠᠪᠠᠯ᠂ ᠭᠠᠴᠠᠭ᠎ᠠ ᠲᠤᠰᠬᠤᠨ ᠤ ᠲᠤᠳᠤᠷᠠᠬᠢ ᠡᠯ᠎ᠠ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠬᠠᠮᠳᠤ ᠨᠡᠶᠢᠳᠡ ᠶᠢ ᠲᠦᠯᠦᠭᠡᠯᠡᠨ ᠦᠮᠴᠢᠯᠡᠯ ᠤᠨ ᠡᠷᠭᠡ ᠶᠢ ᠬᠡᠷᠡᠭᠵᠢᠭᠦᠯᠵᠤ᠂  ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠᠶᠢᠭᠤᠯᠤᠬᠰᠠᠨ ᠦᠭᠡᠢ ᠪᠠᠶᠢᠪᠠᠯ᠂ ᠭᠠᠴᠠᠭ᠎ᠠ  ᠲᠤᠰᠬᠤᠨ ᠤ ᠠᠷᠠᠳ ᠤᠨ ᠲᠤᠭᠤᠢᠢᠯᠠᠩ ᠠᠴᠠ ᠬᠠᠮᠳᠤ ᠨᠡᠶᠢᠳᠡ ᠶᠢ ᠲᠦᠯᠦᠭᠡᠯᠡᠨ ᠦᠮᠴᠢᠯᠡᠯ ᠤᠨ ᠡᠷᠭᠡ ᠶᠢ  ᠬᠡᠷᠡᠭᠵᠢᠭᠦᠯᠦᠨ᠎ᠠ︔ ᠰᠤᠮᠤ ᠰᠢᠶᠠᠩ ᠪᠠᠯᠭᠠᠰᠦᠨ ᠤ ᠮᠠᠯᠴᠢᠨ ᠲᠠᠷᠢᠶᠠᠴᠢᠨ ᠤ ᠬᠠᠮᠳᠤ ᠶᠢᠨ ᠦᠮᠴᠢᠯᠡᠯ ᠳᠤ  ᠬᠠᠷᠢᠶᠠᠯᠠᠬᠳᠠᠪᠠᠯ᠂ ᠰᠤᠮᠤ ᠰᠢᠶᠠᠩ ᠪᠠᠯᠭᠠᠰᠦ ᠶᠢᠨ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠬᠠᠮᠳᠤ  ᠨᠡᠶᠢᠳᠡ ᠶᠢ ᠲᠦᠯᠦᠭᠡᠯᠡᠨ ᠦᠮᠴᠢᠯᠡᠯ ᠤᠨ ᠡᠷᠭᠡ ᠶᠢ ᠬᠡᠷᠡᠭᠵᠢᠭᠦᠯᠦᠨ᠎ᠡ᠃ ᠬᠠᠮᠳᠤ ᠶᠢᠨ ᠡᠳ᠋ ᠬᠦᠷᠦᠩᠭᠡ ᠶᠢᠨ  ᠦᠮᠴᠢᠯᠡᠯ ᠤᠨ ᠡᠷᠭᠡ ᠶᠢ ᠲᠤᠬᠳᠠᠭᠠᠬᠤ ᠳᠤ ᠦᠮᠴᠢᠯᠡᠯ ᠤᠨ ᠡᠷᠭᠡ ᠶᠢᠨ ᠬᠠᠷᠢᠶᠠᠯᠠᠯ ᠶᠤᠰᠤᠭᠠᠷ ᠴᠢᠩᠭ᠎ᠠ  ᠶᠠᠪᠤᠬᠳᠠᠭᠤᠯᠵᠤ᠂ ᠤᠤᠯ ᠤᠨ ᠬᠠᠮᠳᠤ ᠶᠢᠨ ᠦᠮᠴᠢᠯᠡᠯ ᠤᠨ ᠵᠠᠭᠠᠭ ᠬᠢᠵᠠᠭᠠᠷ ᠢ ᠰᠠᠮᠠᠭᠤᠷᠠᠭᠤᠯᠵᠤ ᠪᠤᠯᠬᠤ ᠦᠭᠡᠢ᠃        ︵ᠲᠤᠯᠤᠭ᠎ᠠ︶ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠡᠳ᠋ ᠬᠦᠷᠦᠩᠭᠡ ᠶᠢᠨ ᠡᠳ᠋ ᠤᠨ ᠶᠠᠪᠤᠳᠠᠯ ᠤᠨ  ᠬᠠᠮᠢᠶᠠᠷᠤᠯᠳᠠ ᠶᠢ ᠴᠢᠩᠭᠠᠳᠬᠠᠨ᠎ᠠ᠃ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠡᠳ᠋ ᠬᠦᠷᠦᠩᠭᠡ ᠶᠢᠨ ᠬᠢᠨᠠᠨ  ᠬᠠᠮᠢᠶᠠᠷᠤᠯᠳᠠ ᠶᠢᠨ ᠲᠠᠪᠴᠠᠩ ᠤᠨ ᠪᠠᠶᠢᠭᠤᠯᠤᠯᠳᠠ ᠶᠢ ᠲᠦᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ  ᠬᠠᠮᠳᠤ ᠶᠢᠨ ᠡᠳ᠋ ᠬᠦᠷᠦᠩᠭᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮᠵᠢᠯᠳᠡ᠂ ᠵᠢᠷᠤᠮᠵᠢᠯᠳᠡ᠂  ᠮᠡᠳᠡᠭᠡ ᠵᠠᠩᠬᠢᠵᠢᠯᠳᠠ ᠶᠢ ᠠᠬᠢᠭᠤᠯᠤᠨ᠎ᠠ᠃ ᠭᠠᠴᠠᠭ᠎ᠠ ᠲᠤᠰᠬᠤᠨ ᠤ ᠶᠠᠪᠤᠳᠠᠯ ᠤᠨ ᠬᠢᠨᠠᠯᠳᠠ ᠲᠠᠯᠪᠢᠬᠤ ᠵᠦᠪᠯᠡᠯ ᠳᠤ  ᠲᠦᠰᠢᠭᠯᠡᠨ᠂ ᠠᠷᠠᠳᠴᠢᠯᠡᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠶᠢ ᠨᠡᠶᠢᠳᠡᠪᠦᠷᠢᠵᠢᠭᠤᠯᠤᠨ᠂ ᠡᠳ᠋ ᠤᠨ ᠶᠠᠪᠤᠳᠠᠯ ᠢ  ᠢᠯᠡ ᠪᠤᠯᠭᠠᠬᠤ ᠶᠢ ᠵᠢᠷᠤᠮᠵᠢᠭᠤᠯᠵᠦ᠂ ᠬᠠᠮᠳᠤ ᠨᠡᠶᠢᠳᠡ ᠶᠢᠨ ᠪᠦᠷᠢᠯᠳᠦᠭᠦᠨ ᠤ ᠬᠢᠨᠠᠨ ᠬᠠᠮᠢᠶᠠᠷᠤᠯᠳᠠ ᠶᠢᠨ ᠡᠷᠭᠡ ᠶᠢ  ᠦᠨᠡᠨᠭᠦ ᠬᠠᠮᠠᠭᠠᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠶᠢᠨ ᠬᠢᠨᠠᠨ ᠪᠤᠳᠤᠬᠤ ᠬᠢᠨᠠᠯᠳᠠ ᠲᠠᠯᠪᠢᠬᠤ ᠶᠢ ᠴᠢᠩᠭᠠᠳᠬᠠᠨ᠂ ᠡᠳᠦᠷ ᠲᠤᠳᠤᠮ ᠤᠨ ᠡᠳ᠋ ᠤᠨ  ᠶᠠᠪᠤᠳᠠᠯ ᠤᠨ ᠤᠷᠤᠯᠭ᠎ᠠ ᠵᠠᠷᠤᠯᠭ᠎ᠠ ᠵᠡᠷᠭᠡ ᠶᠢ ᠲᠤᠬᠳᠠᠬᠰᠠᠨ ᠬᠤᠭᠤᠴᠠᠭ᠎ᠠ ᠲᠠᠢ ᠪᠠᠷ ᠬᠢᠨᠠᠨ ᠪᠤᠳᠤᠬᠤ ᠠᠵᠢᠯ ᠢ  ᠰᠠᠶᠢᠳᠤᠷ ᠬᠢᠵᠤ᠂ ᠭᠠᠴᠠᠭ᠎ᠠ ᠲᠤᠰᠬᠤᠨ ᠤ ᠠᠷᠠᠳ ᠤᠨ ︽ᠬᠤᠶᠠᠷ ᠵᠦᠪᠯᠡᠯ︾᠎ ᠤᠨ ᠬᠤᠭᠤᠴᠠᠭ᠎ᠠ ᠰᠤᠯᠢᠬᠤ  ᠰᠤᠩᠭᠤᠭᠤᠯᠢ ᠲᠠᠢ ᠤᠶᠠᠯᠳᠤᠭᠤᠯᠤᠨ ᠭᠠᠴᠠᠭ᠎ᠠ ᠲᠤᠰᠬᠤᠨ ᠤ ᠺᠠᠳ᠋ᠷ ᠤᠨ ᠲᠤᠰᠢᠶᠠᠯ ᠤᠨ ᠬᠤᠭᠤᠴᠠᠭ᠎ᠠ ᠪᠠ  ᠲᠤᠰᠢᠶᠠᠯ ᠠᠴᠠ ᠪᠠᠭᠤᠭᠰᠠᠨ ᠤ ᠲᠠᠷᠠᠭᠠᠬᠢ ᠠᠵᠤ ᠠᠬᠤᠢ ᠶᠢᠨ ᠬᠠᠷᠢᠭᠤᠴᠠᠯᠭ᠎ᠠ ᠵᠡᠷᠭᠡ ᠲᠤᠰᠬᠠᠢ ᠬᠢᠨᠠᠨ ᠪᠤᠳᠤᠬᠤ  ᠠᠵᠢᠯ ᠢ ᠰᠠᠶᠢᠳᠤᠷ ᠦᠷᠨᠢᠭᠦᠯᠵᠤ᠂ ᠠᠰᠠᠭᠤᠳᠠᠯ ᠢ ᠰᠢᠯᠵᠢᠭᠦᠯᠦᠨ ᠲᠤᠰᠢᠶᠠᠬᠤ᠂ ᠲᠤᠬᠳᠠᠬᠰᠠᠨ ᠬᠤᠭᠤᠴᠠᠭ᠎ᠠ ᠪᠠᠷ  ᠵᠠᠷᠯᠠᠨ ᠨᠡᠶᠢᠳᠡᠯᠡᠭᠦ ᠪᠠ ᠬᠠᠷᠢᠭᠤᠴᠠᠯᠭ᠎ᠠ ᠨᠡᠭᠡᠮᠵᠢᠯᠡᠵᠤ ᠪᠠᠶᠢᠴᠠᠭᠠᠨ ᠰᠢᠳᠭᠡᠭᠦ ᠲᠦᠷᠢᠮ ᠢ ᠪᠠᠶᠢᠭᠤᠯᠵᠤ᠂ ᠬᠠᠮᠳᠤ ᠶᠢᠨ  ᠡᠳ᠋ ᠬᠦᠷᠦᠩᠭᠡ ᠶᠢ ᠡᠵᠡᠯᠡᠭᠦ ᠶᠢ ᠬᠤᠷᠢᠬᠯᠠᠨ᠎ᠠ᠃ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠨᠠᠮ ᠤᠨ  ᠬᠤᠷᠢᠶ᠎ᠠ᠂ ᠵᠠᠰᠠᠭ ᠤᠨ ᠤᠷᠳᠤᠨ ᠬᠠᠮᠳᠤ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠰᠠᠮᠠᠭᠤᠷᠠᠬᠰᠠᠨ ᠭᠠᠴᠠᠭ᠎ᠠ  ᠲᠤᠰᠬᠤᠨ ᠢ ᠴᠡᠭᠴᠡᠯᠡᠭᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠲᠡᠷᠬᠡᠳᠡ ᠡᠭᠦᠰᠦᠭᠰᠡᠨ ᠢᠯᠵᠢᠷᠠᠯ ᠤᠨ  ᠠᠵᠢᠯᠯᠠᠭ᠎ᠠ ᠶᠢ ᠡᠷᠡᠰ ᠬᠤᠷᠢᠬᠯᠠᠨ ᠵᠠᠯᠠᠷᠠᠭᠤᠯᠦᠨ᠎ᠠ᠃      ᠭᠤᠷᠪᠠ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠤ ᠪᠡᠶ᠎ᠠ ᠶᠢᠨ  ᠭᠠᠷᠤᠯ ᠢ ᠨᠤᠳᠠᠯᠠᠨ ᠲᠤᠬᠳᠠᠭᠠᠬᠤ ᠠᠵᠢᠯ ᠢ ᠦᠨᠡᠨᠭᠦ ᠰᠠᠶᠢᠳᠤᠷ ᠬᠢᠨ᠎ᠡ      ︵ᠨᠠᠢᠮᠠ︶ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ᠡᠯ᠎ᠠ ᠬᠤᠰᠢᠭᠤ ᠰᠢᠶᠠᠨ ︵ᠬᠤᠳᠠ᠂  ᠲᠤᠭᠤᠷᠢᠭ︶᠎ ᠤ ᠵᠠᠰᠠᠭ ᠤᠨ ᠤᠷᠳᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂ ᠮᠠᠯᠵᠢᠬᠤ ᠲᠠᠷᠢᠶᠠᠯᠠᠬᠤ  ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠤ ᠪᠡᠶ᠎ᠠ ᠶᠢᠨ ᠭᠠᠷᠤᠯ ᠢ  ᠨᠤᠳᠠᠯᠠᠨ ᠲᠤᠬᠳᠠᠭᠠᠬᠤ ᠵᠢᠯᠤᠭᠤᠳᠬᠤ ᠰᠠᠨᠠᠯ ᠢ ᠲᠤᠬᠳᠠᠭᠠᠵᠤ᠂ ᠪᠦᠷᠢᠯᠳᠦᠭᠦᠨ ᠤ ᠪᠡᠶ᠎ᠠ ᠶᠢᠨ ᠭᠠᠷᠤᠯ ᠢ ᠨᠤᠳᠠᠯᠠᠨ  ᠲᠤᠬᠳᠠᠭᠠᠬᠤ ᠴᠠᠭ ᠂ ᠠᠷᠭ᠎ᠠ ᠭᠡᠮᠵᠢᠶ᠎ᠠ ᠲᠠᠰ ᠲᠠᠷᠡᠠᠭᠠᠯᠠᠯ ᠵᠡᠷᠭᠡ ᠳᠤ ᠴᠢᠭᠯᠡᠭᠦᠯᠦᠯᠳᠦ ᠴᠢᠨᠠᠷ ᠲᠠᠢ ᠪᠦᠭᠡᠳ ᠵᠠᠷᠴᠢᠮᠳᠦ  ᠴᠢᠨᠠᠷ ᠲᠠᠢ ᠱᠠᠭᠠᠷᠳᠠᠯᠭ᠎ᠠ ᠲᠤᠷᠠᠳᠬᠤ ᠭᠡᠷᠡᠭᠳᠡᠢ᠃ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ  ᠵᠢᠯᠤᠭᠤᠳᠴᠤ ᠪᠦᠷᠢᠯᠳᠦᠭᠦᠨ ᠤ ᠪᠡᠶ᠎ᠠ ᠶᠢᠨ ᠭᠠᠷᠤᠯ ᠢ ᠨᠤᠳᠠᠯᠠᠨ ᠲᠤᠬᠳᠠᠭᠠᠬᠤ ᠪᠤᠳᠠᠳᠠᠢ ᠠᠷᠭ᠎ᠠ ᠬᠡᠮᠵᠢᠶ᠎ᠠ ᠶᠢ  ᠲᠤᠬᠳᠠᠭᠠᠨ᠂ ᠭᠠᠴᠠᠭ᠎ᠠ ᠲᠤᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠢᠶᠠᠷ ᠲᠠᠮᠵᠢᠨ ᠶᠠᠷᠢᠯᠴᠠᠵᠤ ᠪᠠᠳᠤᠯᠠᠭᠰᠠᠨ ᠤ ᠲᠠᠷᠠᠭ᠎ᠠ ᠬᠡᠷᠡᠭᠵᠢᠭᠦᠯᠬᠦ ᠭᠡᠷᠡᠭᠳᠡᠢ᠃      ︵ᠶᠢᠰᠦ︶ ᠲᠡᠰ ᠲᠠᠷᠠᠭᠠᠯᠠᠯ ᠢ ᠴᠢᠩᠭ᠎ᠠ ᠲᠤᠬᠳᠠᠭᠠᠨ᠎ᠠ᠃ᠪᠦᠷᠢᠯᠳᠦᠭᠦᠨ ᠤ ᠪᠡᠶ᠎ᠠ ᠶᠢᠨ ᠭᠠᠷᠤᠯ ᠢ ᠨᠤᠳᠠᠯᠠᠨ  ᠲᠤᠬᠳᠠᠭᠠᠬᠤ ᠳᠤ ᠠᠩᠬ᠎ᠠ ᠠᠯᠬᠤᠮ ᠮᠠᠭᠠᠳᠯᠠᠨ ᠲᠤᠬᠳᠠᠭᠠᠬᠤ᠂ ᠪᠦᠷᠢᠯᠳᠦᠭᠦᠨ ᠤ ᠮᠡᠳᠡᠭᠡ ᠵᠠᠩᠬᠢ ᠶᠢ ᠢᠯᠡ ᠵᠠᠷᠯᠠᠬᠤ  ᠂ ᠤᠯᠠᠨ ᠲᠦᠮᠡᠨ ᠤ ᠰᠠᠨᠠᠯ ᠢ ᠰᠤᠨᠤᠰᠬᠤ ᠶᠢᠨ ᠬᠠᠮᠳᠤ ᠵᠠᠰᠠᠪᠤᠷᠢ ᠤᠷᠤᠭᠤᠯᠬᠤ ᠲᠤᠬᠠᠢ ᠵᠦᠪᠳᠡᠯᠴᠡᠬᠦ᠂ ᠭᠠᠴᠠᠭ᠎ᠠ  ᠲᠤᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠢᠶᠠᠷ ᠲᠠᠮᠵᠢᠨ ᠨᠤᠳᠠᠯᠠᠨ ᠪᠠᠳᠤᠯᠠᠬᠤ᠂ ᠦᠷ᠎ᠠ ᠳ᠋ᠦᠩ ᠢ ᠨᠡᠶᠢᠳᠡᠯᠡᠭᠦ ᠵᠡᠷᠭᠡ ᠲᠡᠰ ᠲᠠᠷᠠᠭᠠᠯᠠᠯ ᠢᠶᠠᠷ  ᠶᠠᠪᠤᠬᠳᠠᠭᠤᠯᠬᠤ ᠭᠡᠷᠡᠭᠳᠡᠢ᠃ ᠪᠦᠷᠢᠯᠳᠦᠭᠦᠨ ᠤ ᠪᠡᠶ᠎ᠠ ᠶᠢᠨ ᠭᠠᠷᠤᠯ ᠢ ᠨᠤᠳᠠᠯᠠᠨ ᠲᠤᠬᠳᠠᠭᠠᠬᠤ ᠳᠤ ᠤᠯᠠᠩᠬᠢ  ᠲᠤᠭᠠᠨ ᠤ ᠬᠦᠮᠦᠰ ᠤᠨ ᠵᠦᠪᠰᠢᠶᠠᠷᠡᠯ ᠢ ᠤᠯᠬᠤ ᠶᠢᠨ ᠬᠠᠮᠳᠤ ᠤᠯᠠᠩᠬᠢ ᠲᠤᠭᠠᠨ ᠤ ᠬᠦᠮᠦᠰ ᠤᠨ ᠴᠦᠭᠡᠨ  ᠲᠤᠭᠠᠨ ᠤ ᠬᠦᠮᠦᠰ ᠤᠨ ᠡᠷᠭᠡ ᠠᠰᠢᠭ ᠲᠤ ᠬᠠᠯᠳᠠᠬᠤ ᠶᠢ ᠬᠤᠷᠢᠬᠯᠠᠵᠤ᠂ ᠪᠦᠰᠡᠭᠦ᠋ᠢᠴᠦᠳ ᠪᠠ ᠬᠤᠳᠠ ᠳᠤ ᠡᠷᠦᠭᠡ  ᠠᠮᠠ ᠶᠢᠨ ᠲᠠᠩᠰᠠ ᠪᠠᠨ ᠤᠷᠤᠭᠤᠯᠤᠬᠰᠠᠨ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠭᠡ ᠠᠰᠢᠭ ᠢ ᠦᠨᠡᠨᠭᠦ  ᠬᠠᠮᠠᠭᠠᠯᠠᠬᠤ ᠭᠡᠷᠡᠭᠳᠡᠢ᠃      ︵ᠠᠷᠪᠠ︶ ᠪᠦᠷᠢᠯᠳᠦᠭᠦᠨ ᠤ ᠬᠠᠮᠢᠶᠠᠷᠤᠯᠳᠠ ᠶᠢ ᠵᠢᠷᠤᠮᠵᠢᠭᠤᠯᠤᠨ᠎ᠠ᠃ ᠬᠠᠮᠳᠤ ᠶᠢᠨ ᠠᠵᠤ ᠠᠬᠤᠢ ᠶᠢᠨ  ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠢ ᠲᠠᠩᠰᠠᠯᠠᠨ ᠲᠠᠮᠳᠡᠭᠯᠡᠬᠦ ᠲᠦᠷᠢᠮ ᠢ ᠪᠠᠶᠢᠭᠤᠯᠵᠤ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠤ ᠪᠡᠶ᠎ᠠ ᠶᠢᠨ ᠭᠠᠷᠤᠯ ᠢ ᠨᠤᠳᠠᠯᠠᠨ ᠲᠤᠬᠳᠠᠭᠠᠬᠰᠠᠨ  ᠳ᠋ᠦᠩ ᠳᠤ ᠤᠨᠳᠤᠤ ᠰᠨᠠᠠᠯ ᠦᠭᠡᠢ ᠪᠤᠯ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ  ᠪᠦᠷᠢᠯᠳᠦᠭᠦᠨ ᠤ ᠨᠡᠷᠡᠰ ᠤᠨ ᠲᠡᠪᠳᠡᠷ ᠢ ᠨᠠᠶᠢᠷᠠᠭᠤᠯᠵᠤ᠂ ᠰᠤᠮᠤ ᠰᠢᠶᠠᠩ ᠪᠠᠯᠭᠠᠰᠦ ᠶᠢᠨ ᠵᠠᠰᠠᠭ ᠤᠨ ᠤᠷᠳᠤᠨ ᠪᠠ  ᠬᠤᠰᠢᠭᠤ ᠰᠢᠶᠠᠨ ︵ᠬᠤᠳᠠ᠂ ᠲᠤᠭᠤᠷᠢᠭ︶᠎ ᠤ ᠵᠠᠰᠠᠭ ᠤᠨ ᠤᠷᠳᠤᠨ ᠤ ᠭᠤᠤᠯᠯᠠᠨ ᠬᠠᠮᠢᠶᠠᠷᠬᠤ ᠰᠠᠯᠠᠭ᠎ᠠ  ᠮᠦᠴᠢᠷ ᠲᠤ ᠮᠡᠳᠡᠬᠦᠯᠵᠤ ᠲᠠᠩᠰᠠᠯᠠᠨ ᠲᠠᠮᠳᠡᠭᠯᠡᠬᠦᠯᠬᠦ ᠭᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ  ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠳᠤ ᠬᠤᠪᠢᠷᠠᠯᠳᠠ ᠭᠠᠷᠪᠠᠯ᠂ ᠪᠦᠷᠢᠯᠳᠦᠭᠦᠨ ᠤ  ᠬᠤᠪᠢᠷᠠᠯᠳᠠ ᠶᠢᠨ ᠪᠠᠶᠢᠳᠠᠯ ᠢ ᠴᠠᠭ ᠲᠤᠬᠠᠢ ᠳᠤᠨᠢ ᠲᠠᠩᠰᠠᠯᠠᠨ ᠲᠠᠮᠳᠡᠭᠯᠡᠬᠦᠯᠬᠦ ᠶᠢᠨ ᠬᠠᠮᠳᠤ ᠰᠤᠮᠤ ᠰᠢᠶᠠᠩ  ᠪᠠᠯᠭᠠᠰᠦᠨ ᠤ ᠵᠠᠰᠠᠭ ᠤᠨ ᠤᠷᠳᠤᠨ ᠪᠠ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠵᠠᠰᠠᠭ ᠤᠨ ᠤᠷᠳᠤᠨ ᠤ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠤ ᠲᠠᠩᠰᠠᠯᠠᠨ ᠲᠠᠮᠳᠡᠭᠯᠡᠬᠦᠯᠬᠦ ᠭᠡᠷᠡᠭᠳᠡᠢ᠃ ᠮᠠᠯᠵᠢᠬᠤ  ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠤ ᠬᠡᠷ  ᠪᠦᠯᠢ ᠶᠢᠨ ᠬᠤᠶᠢᠰᠢᠳᠡ ᠰᠢᠨ᠎ᠠ ᠪᠠᠷ ᠨᠡᠮᠡᠭᠳᠡᠭᠦ ᠬᠦᠮᠦᠨ ᠠᠮᠠ ᠨᠢ ᠬᠡᠷ ᠪᠦᠯᠢ ᠶᠢᠨ ᠲᠤᠳᠤᠭᠠᠳᠤᠬᠢ ᠦᠮᠴᠢᠯᠡᠵᠤ  ᠪᠦᠬᠦᠢ ᠬᠠᠮᠳᠤ ᠶᠢᠨ ᠡᠳ᠋ ᠬᠦᠷᠦᠩᠭᠡ ᠶᠢᠨ ᠡᠷᠭᠡ ᠠᠰᠢᠭ ᠢ ᠬᠤᠪᠢᠶᠠᠯᠴᠠᠨ ᠡᠳ᠋ᠯᠡᠭᠦ ᠠᠷᠭ᠎ᠠ ᠪᠠᠷ ᠲᠠᠮᠵᠢᠨ ᠲᠦᠷᠢᠮ  ᠶᠤᠰᠤᠭᠠᠷ ᠬᠠᠮᠳᠤ ᠶᠢᠨ ᠡᠳ᠋ ᠬᠦᠷᠦᠩᠭᠡ ᠶᠢᠨ ᠬᠤᠪᠢ ᠶᠢᠨ ᠲᠤᠭ᠎ᠠ ᠪᠠ ᠬᠠᠮᠳᠤ ᠨᠡᠶᠢᠳᠡ ᠶᠢᠨ ᠪᠦᠷᠢᠯᠳᠦᠭᠦᠨ ᠤ  ᠪᠡᠶ᠎ᠠ ᠶᠢᠨ ᠭᠠᠷᠤᠯ ᠢ ᠤᠯᠬᠤ ᠶᠢ ᠰᠠᠨᠠᠭᠠᠴᠢᠯᠠᠨ᠎ᠠ᠃     ᠲᠦᠷᠪᠡ᠂ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ ᠶᠢᠨ ᠬᠤᠪᠢ ᠤᠷᠤᠭᠤᠯᠵᠤ ᠬᠤᠷᠰᠢᠬᠤ ᠲᠦᠷᠢᠮ ᠤᠨ  ᠦᠭᠡᠷᠡᠴᠢᠯᠡᠯᠲᠡ ᠶᠢ ᠲᠤᠭᠳᠠᠭᠤᠨ ᠢᠶᠠᠷ ᠠᠬᠢᠭᠤᠯᠤᠨ᠎ᠠ     ︵ᠠᠷᠪᠠᠨ ᠨᠢᠭᠡ︶ ᠦᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ ᠶᠢ ᠲᠤᠳᠤᠷᠬᠠᠢᠢᠯᠠᠨ᠎ᠠ᠃ᠬᠠᠮᠲᠦ  ᠨᠡᠶᠢᠲᠡ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ ᠶᠢᠨ ᠬᠤᠪᠢ ᠤᠷᠤᠭᠤᠯᠵᠤ ᠬᠤᠷᠰᠢᠬᠤ ᠲᠦᠷᠢᠮ ᠤᠨ  ᠦᠬᠡᠷᠡᠴᠢᠯᠡᠯᠲᠡ ᠶᠢ ᠭᠤᠤᠯᠳᠠᠭᠤ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ ᠪᠦ᠋ᠬᠦᠢ ᠰᠤᠮᠤ ᠰᠢᠶᠠᠩ ᠪᠠᠯᠭᠠᠰᠦ᠂  ᠭᠠᠴᠠᠭ᠎ᠠ ᠲᠤᠰᠬᠤᠨ᠂ ᠤᠨᠴᠠᠭᠠᠢᠢᠯᠠᠨ ᠬᠤᠲᠠ ᠳᠤᠮᠳᠠᠬᠢ ᠬᠦᠳᠡᠭᠡ ᠲᠤᠰᠬᠤᠨ᠂ ᠬᠤᠲᠠ ᠶᠢᠨ ᠲᠡᠬᠦᠷᠭᠡ ᠶᠢᠨ  ᠲᠤᠰᠬᠤᠨ ᠪᠤᠯᠤᠨ ᠠᠵᠦ ᠠᠬᠤᠢ ᠬᠦᠭᠵᠢᠭᠰᠡᠨ ᠲᠤᠰᠬᠤᠨ ᠳᠤ ᠦᠷᠨᠢᠬᠦᠯᠦᠨ᠎ᠡ᠃ ᠦᠭᠡᠷᠡᠴᠢᠯᠡᠯᠲᠡ ᠠᠴᠠ ᠡᠮᠦᠨ᠎ᠡ  ᠭᠠᠴᠠᠭ᠎ᠠ ᠲᠤᠰᠬᠤᠨ ᠨᠢᠬᠡᠨᠲᠡ ᠨᠡᠶᠢᠯᠡᠬᠦᠯᠦᠭᠰᠡᠨ ᠪᠠᠶᠢᠪᠠᠯ ᠬᠠᠮᠲᠦ ᠶᠢᠨ ᠠᠵᠦ ᠠᠬᠤᠢ ᠶᠢᠨ ᠲᠤᠭᠤᠢᠢᠯᠠᠩ ᠤᠨ  ᠪᠦᠷᠢᠯᠳᠦᠬᠦᠨ ᠤ ᠠᠷᠠᠳᠴᠢᠯᠠᠯ ᠢᠶᠠᠷ ᠵᠦᠪᠳᠡᠯᠴᠡᠨ ᠵᠦᠪᠰᠢᠶᠡᠷᠡᠬᠦ ᠪᠠᠷ ᠳᠠᠮᠵᠢᠨ᠂ ᠨᠡᠶᠢᠯᠡᠬᠦᠯᠬᠦ ᠠᠴᠠ ᠡᠮᠦᠨᠡᠬᠢ  ᠭᠠᠴᠠᠭ᠎ᠠ ᠲᠤᠰᠬᠤᠨ ᠢᠶᠠᠷ ᠨᠢᠬᠡᠴᠡ ᠪᠤᠯᠭᠠᠵᠦ ᠦᠭᠡᠷᠡᠴᠢᠯᠡᠯᠲᠡ ᠬᠢᠵᠦ ᠪᠤᠯᠬᠤ ᠪᠦᠭᠡᠳ ᠪᠠᠰᠠ ᠨᠡᠶᠢᠯᠡᠬᠦᠯᠦᠭᠰᠡᠨ ᠤ  ᠳᠠᠷᠠᠭᠠᠬᠢ ᠭᠠᠴᠠᠭ᠎ᠠ ᠲᠤᠰᠬᠤᠨ ᠢᠶᠠᠷ ᠨᠢᠭᠡᠴᠡ ᠪᠤᠯᠭᠠᠵᠦ ᠦᠭᠡᠷᠡᠴᠢᠯᠡᠯᠲᠡ ᠬᠢᠵᠦ ᠪᠤᠯᠤᠨ᠎ᠠ᠃ ᠦᠭᠡᠷᠡᠴᠢᠯᠡᠯᠲᠡ ᠨᠢ  ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠬᠠᠮᠳᠦ ᠶᠢᠨ ᠦᠮᠴᠢᠯᠡᠯ ᠪᠤᠯᠤᠨ  ᠨᠡᠶᠢᠬᠡᠮ ᠲᠤᠭᠤᠷᠢᠭ ᠤᠨ ᠴᠢᠨᠠᠷ ᠢ ᠢᠯᠡᠷᠡᠬᠦᠯᠵᠦ᠂ ᠤᠤᠯ ᠤᠨ ᠬᠠᠮᠲᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠲᠠ ᠶᠢᠨ ᠵᠠᠭᠠᠭ ᠬᠢᠵᠠᠭᠠᠷ ᠤᠨ ᠬᠦᠷᠢᠶ᠎ᠡ ᠬᠡᠪᠴᠢᠶ᠎ᠡ ᠶᠢ ᠡᠪᠳᠡᠵᠦ ᠪᠤᠯᠬᠤ ᠦᠬᠡᠢ᠂ ᠵᠦᠪᠭᠡᠨ ᠲᠤᠰ  ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠳᠤᠲᠤᠭᠠᠳᠦ ᠳᠤ ᠦᠷᠨᠢᠬᠦᠯᠦᠨ᠎ᠡ᠃        ︵ᠠᠷᠪᠠᠨ ᠬᠤᠶᠠᠷ︶ ᠰᠲ᠋ᠤᠺ ᠤᠨ ᠡᠷᠭᠡ ᠳᠤ ᠵᠦᠢ ᠵᠤᠬᠢᠰᠲᠠᠢ ᠲᠤᠬᠢᠷᠠᠭᠤᠯᠤᠯᠳᠠ ᠬᠢᠨ᠎ᠠ᠃ ᠬᠦᠷᠦᠩᠬᠡ ᠶᠢ  ᠴᠡᠪᠡᠷᠯᠡᠨ ᠠᠷᠢᠯᠭᠠᠵᠦ ᠦᠨᠡᠯᠡᠨ ᠲᠤᠬᠲᠠᠭᠠᠬᠤ ᠪᠤᠯᠤᠨ ᠬᠠᠮᠲᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠲᠠ ᠶᠢᠨ ᠪᠦᠷᠢᠯᠳᠦᠬᠦᠨ ᠤ ᠪᠡᠶ᠎ᠡ ᠶᠢᠨ ᠭᠠᠷᠤᠯ ᠢ ᠲᠤᠬᠲᠠᠭᠠᠬᠤ ᠶᠢ ᠪᠦᠬᠦ ᠲᠠᠯ᠎ᠠ ᠪᠠᠷ ᠪᠡᠶᠡᠯᠡᠬᠦᠯᠦᠭᠰᠡᠨ  ᠰᠠᠭᠤᠷᠢᠨ ᠳᠡᠭᠡᠷ᠎ᠡ᠂ ᠬᠠᠮᠲᠦ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ ᠶᠢ ᠤᠷᠤᠭᠤᠯᠤᠭᠰᠠᠨ ᠬᠤᠪᠢ  ᠡᠰᠡᠬᠦᠯ᠎ᠡ ᠬᠤᠪᠢ ᠶᠢᠨ ᠲᠤᠭ᠎ᠠ ᠶᠢᠨ ᠬᠡᠯᠪᠡᠷᠢ ᠪᠠᠷ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠲᠠ ᠶᠢᠨ ᠪᠦᠷᠢᠯᠳᠦᠬᠦᠨ ᠳᠤ ᠬᠡᠮᠵᠢᠶᠡᠯᠡᠨ ᠦᠭᠴᠦ᠂ ᠬᠠᠮᠲᠦ ᠶᠢᠨ ᠠᠰᠢᠭ ᠤᠷᠤᠯᠭ᠎ᠠ ᠶᠢ  ᠬᠤᠪᠢᠶᠠᠷᠢᠯᠠᠬᠤ ᠳᠤ ᠤᠷᠤᠯᠴᠠᠬᠤ ᠦᠨᠳᠦᠰᠦᠨ ᠵᠢᠷᠤᠮᠯᠡᠯ ᠪᠤᠯᠭᠠᠨ᠎ᠠ᠃ ᠰᠲ᠋ᠤᠺ ᠤᠨ ᠡᠷᠭᠡ ᠶᠢ ᠲᠤᠬᠢᠷᠠᠭᠤᠯᠬᠤ ᠳᠤ  ᠪᠦᠷᠢᠯᠳᠦᠬᠦᠨ ᠤ ᠬᠤᠪᠢ ᠪᠠᠷ ᠭᠤᠤᠯᠯᠠᠭᠤᠯᠵᠦ᠂ ᠪᠦᠷᠢᠯᠳᠦᠬᠦᠨ ᠤ ᠬᠤᠪᠢ ᠳᠤ ᠬᠦᠮᠦᠨ ᠠᠮᠠ ᠶᠢᠨ ᠬᠤᠪᠢ᠂  ᠬᠦᠳᠡᠯᠮᠦᠷᠢᠯᠡᠭᠰᠡᠨ ᠤᠨ ᠵᠢᠯ ᠤᠨ ᠬᠤᠪᠢ᠂ ᠤᠨᠴᠠᠭᠠᠢ ᠬᠤᠪᠢ ᠵᠡᠷᠭᠡ ᠶᠢ ᠲᠤᠬᠢᠷᠠᠭᠤᠯᠵᠦ ᠪᠤᠯᠬᠤ ᠪᠠᠶᠢᠵᠦ᠂ ᠡᠯ᠎ᠡ  ᠭᠠᠵᠠᠷ ᠪᠤᠲᠠᠲᠠᠢ ᠪᠠᠶᠢᠳᠠᠯ ᠢᠶᠠᠨ ᠦᠨᠳᠦᠰᠦᠯᠡᠵᠦ ᠪᠦᠷᠢᠯᠳᠦᠬᠦᠨ ᠤ ᠬᠤᠪᠢ ᠶᠢᠨ ᠪᠦᠷᠢᠯᠳᠦᠬᠦᠨ ᠪᠤᠯᠤᠨ ᠬᠠᠷᠢᠴᠠᠯ ᠢ  ᠲᠤᠭᠲᠠᠭᠠᠨ᠎ᠠ︔ ᠬᠠᠮᠲᠦ ᠶᠢᠨ ᠬᠤᠪᠢ ᠵᠢᠴᠢ ᠬᠠᠷᠢᠴᠠᠯ ᠢ ᠲᠤᠬᠢᠷᠠᠭᠤᠯᠵᠦ ᠪᠤᠯᠬᠤ ᠡᠰᠡᠬᠦ ᠨᠢ ᠲᠤᠰ ᠬᠠᠮᠳᠦ ᠶᠢᠨ  ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠠᠷᠠᠳᠴᠢᠯᠠᠯ ᠢᠶᠠᠷ ᠶᠠᠷᠢᠯᠴᠠᠬᠤ ᠪᠠᠷ ᠳᠡᠮᠵᠢᠨ  ᠲᠤᠬᠲᠠᠭᠠᠨ᠎ᠠ᠃     ︵ᠠᠷᠪᠠᠨ ᠭᠤᠷᠪᠠ︶ ᠰᠲ᠋ᠤᠺ ᠤᠨ ᠡᠷᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠠᠮᠳᠦ ᠶᠢᠨ ᠡᠳ᠋  ᠬᠦᠷᠦᠩᠬᠡ ᠶᠢᠨ ᠰᠲ᠋ᠤᠺ ᠤᠨ ᠡᠷᠭᠡ ᠶᠢ ᠳᠠᠩᠰᠠᠯᠠᠬᠤ ᠲᠦᠷᠢᠮ ᠢ ᠪᠠᠶᠢᠭᠤᠯᠵᠦ᠂ ᠰᠲ᠋ᠤᠺ ᠤᠨ ᠡᠷᠭᠡ ᠶᠢ ᠳᠠᠩᠰᠠᠯᠠᠬᠤ  ᠳᠡᠪᠲᠡᠷ ᠢ ᠨᠠᠶᠢᠷᠠᠭᠤᠯᠤᠨ ᠵᠤᠬᠢᠶᠠᠵᠤ᠂ ᠰᠲ᠋ᠤᠺ ᠤᠨ ᠡᠷᠭᠡ ᠶᠢᠨ ᠦᠨᠡᠮᠯᠡᠯ ᠦᠭᠬᠦᠨ᠎ᠠ᠃ ᠰᠲ᠋ᠤᠺ ᠤᠨ ᠡᠷᠭᠡ ᠶᠢᠨ  ᠦᠨᠡᠮᠯᠠᠯ ᠪᠤᠯᠤᠨ ᠳᠡᠩᠰᠠᠯᠠᠬᠰᠠᠨ ᠳᠡᠪᠲᠡᠷ ᠲᠤ ᠪᠦᠷᠢᠯᠳᠦᠬᠦᠨ ᠤ ᠭᠡᠷ ᠪᠦᠯᠢ ᠶᠢᠨ ᠳᠤᠲᠤᠷᠠᠬᠢ ᠪᠦᠬᠦ ᠰᠲ᠋ᠤᠺ ᠤᠨ  ᠡᠷᠭᠡ ᠲᠠᠢ ᠬᠦᠮᠦᠨ ᠤ ᠮᠡᠳᠡᠭᠡ ᠵᠠᠩᠬᠢ ᠵᠢᠴᠢ ᠰᠲ᠋ᠤᠺ ᠤᠨ ᠡᠷᠭᠡ ᠶᠢᠨ ᠲᠤᠭ᠎ᠠ ᠶᠢ ᠲᠤᠳᠤᠷᠬᠠᠢ ᠳᠡᠮᠳᠡᠭᠯᠡᠬᠦ ᠭᠡᠷᠡᠭᠳᠡᠢ᠃ ᠰᠲ᠋ᠤᠺ ᠤᠨ ᠡᠷᠭᠡ ᠶᠢᠨ ᠬᠠᠮᠢᠶᠠᠷᠤᠯᠲᠠ ᠨᠢ ︽ᠬᠦᠮᠦᠨ ᠳᠤ ᠬᠦᠷᠲᠡᠯ᠎ᠡ ᠬᠡᠮᠵᠢᠶᠡᠯᠡᠨ ᠪᠤᠳᠤᠬᠤ᠂ ᠡᠷᠦᠬᠡ ᠳᠤ  ᠬᠦᠷᠲᠡᠯ᠎ᠡ ᠲᠤᠬᠲᠠᠪᠤᠷᠢᠵᠢᠭᠤᠯᠬᠤ︾᠎ ᠶᠢ ᠬᠡᠷᠡᠭᠵᠢᠬᠦᠯᠬᠦ ᠶᠢ ᠤᠷᠢᠶᠠᠯᠠᠵᠦ᠂ ᠬᠦᠮᠦᠨ ᠠᠮᠠ ᠶᠢᠨ ᠨᠡᠮᠡᠭᠳᠡᠬᠦ  ᠬᠠᠰᠤᠬᠳᠠᠬᠤ ᠬᠤᠪᠢᠷᠠᠯᠲᠠ ᠶᠢ ᠳᠠᠭᠠᠯᠳᠤᠨ ᠲᠤᠬᠢᠷᠠᠭᠤᠯᠤᠯᠳᠠ ᠬᠢᠬᠦ ᠦᠭᠡᠢ᠃ ᠬᠠᠮᠲᠦ ᠶᠢᠨ ᠡᠳ᠋ ᠬᠦᠷᠦᠩᠬᠡ ᠶᠢᠨ  ᠬᠤᠪᠢ ᠶᠢᠨ ᠲᠦᠯᠦᠪᠦᠷᠢ ᠲᠠᠢ ᠤᠬᠤᠷᠢᠨ ᠭᠠᠷᠬᠤ ᠲᠤᠬᠲᠠᠴᠠ ᠶᠢ ᠳᠡᠬᠦᠯᠳᠡᠷᠵᠢᠬᠦᠯᠬᠦ ᠶᠢ ᠰᠦᠪᠡᠭᠴᠢᠯᠡᠵᠦ᠂ ᠤᠳᠤᠬᠢ  ᠱᠠᠲᠦᠨ ᠳᠤ ᠮᠠᠯᠴᠢᠨ ᠲᠠᠷᠢᠶᠠᠴᠢᠨ ᠤ ᠡᠵᠡᠮᠰᠢᠵᠦ ᠪᠠᠶᠢᠭ᠎ᠠ ᠬᠠᠮᠲᠦ ᠶᠢᠨ ᠡᠳ᠋ ᠬᠦᠷᠦᠩᠬᠡ ᠶᠢᠨ ᠬᠤᠪᠢ  ᠤᠷᠤᠭᠤᠯᠤᠯᠳᠠ ᠶᠢᠨ ᠲᠦᠯᠦᠪᠦᠷᠢ ᠲᠠᠢ ᠤᠬᠤᠷᠢᠨ ᠭᠠᠷᠬᠤ ᠨᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠠ ᠶᠢ ᠳᠠᠪᠠᠵᠦ ᠪᠤᠯᠬᠤ ᠦᠬᠡᠢ᠂ ᠲᠤᠰ ᠬᠠᠮᠳᠦ ᠨᠡᠶᠢᠲᠡ ᠶᠢᠨ ᠳᠤᠲᠤᠭᠠᠳᠦ ᠳᠤ  ᠰᠢᠯᠵᠢᠬᠦᠯᠬᠦ ᠡᠰᠡᠬᠦᠯ᠎ᠡ ᠲᠤᠰ ᠬᠠᠮᠳᠦ ᠨᠡᠶᠢᠲᠡ ᠠᠴᠠ ᠲᠦᠯᠦᠪᠦᠷᠢ ᠦᠭᠴᠦ ᠰᠢᠢᠳᠪᠦᠷᠢᠯᠡᠨ᠎ᠡ᠃ ᠬᠠᠮᠲᠦ ᠶᠢᠨ ᠠᠰᠢᠭ  ᠤᠯᠵᠠᠪᠤᠷᠢ ᠶᠢᠨ ᠬᠤᠪᠢᠶᠠᠷᠢᠯᠠᠯᠳᠠ ᠶᠢᠨ ᠲᠦᠷᠢᠮ ᠢ ᠳᠡᠬᠦᠯᠳᠡᠷᠵᠢᠬᠦᠯᠵᠦ᠂ ᠬᠤᠪᠢᠶᠠᠷᠢᠯᠠᠬᠤ ᠬᠦᠷᠢᠶ᠎ᠡ ᠬᠡᠪᠴᠢᠶ᠎ᠡ᠂  ᠲᠠᠰ ᠳᠠᠷᠠᠭᠠᠯᠠᠯ᠂ ᠬᠠᠷᠢᠴᠠᠯ ᠵᠡᠷᠭᠡ ᠶᠢ ᠲᠤᠳᠤᠷᠬᠠᠢᠢᠯᠠᠵᠦ᠂ ᠮᠠᠯᠴᠢᠨ ᠲᠠᠷᠢᠶᠠᠴᠢᠨ ᠤ ᠬᠠᠮᠳᠦ ᠶᠢᠨ ᠡᠳ᠋  ᠬᠦᠷᠦᠩᠬᠡ ᠶᠢᠨ ᠬᠤᠪᠢ ᠤᠷᠤᠭᠤᠯᠤᠭᠰᠠᠨ ᠠᠰᠢᠭ ᠤᠯᠵᠠᠪᠤᠷᠢ ᠶᠢᠨ ᠬᠤᠪᠢᠶᠠᠷᠢᠯᠠᠯ ᠤᠨ ᠡᠷᠭᠡ ᠶᠢ ᠪᠠᠲᠤᠯᠠᠨ᠎ᠠ᠃      ᠲᠠᠪᠤ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢ ᠭᠦᠭᠵᠢᠬᠦᠯᠦᠨ ᠪᠤᠵᠠᠭᠠᠢᠢᠷᠠᠭᠤᠯᠤᠨ᠎ᠠ     ︵ᠠᠷᠪᠠᠨ ᠲᠦᠷᠪᠠ︶ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ ᠪᠦᠷᠢᠨᠰᠢᠬᠦᠯᠦᠨ᠎ᠠ᠃ ᠬᠠᠮᠳᠤᠪᠡᠷ ᠨᠢᠭᠡᠳᠦᠯᠳᠡᠢ ᠡᠵᠡᠩᠨᠡᠵᠦ ᠪᠠᠶᠢᠬᠤ ᠡᠳ᠋ ᠬᠦᠷᠦᠩᠭᠡ ᠲᠠᠢ  ᠭᠠᠴᠠᠭ᠎ᠠ ᠲᠤᠰᠬᠤᠨ ︵ᠲᠤᠭᠤᠢᠢᠯᠠᠩ︶ ᠎ ᠠᠴᠠ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ  ᠪᠠᠶᠢᠭᠤᠯᠤᠨ ᠪᠦᠷᠢᠨᠰᠢᠬᠦᠯᠵᠦ᠂ ᠠᠵᠤ ᠠᠬᠤᠢ ᠶᠢᠨ ᠬᠤᠷᠰᠢᠶ᠎ᠠ ᠭᠡᠵᠦ ᠨᠡᠷᠡᠶᠢᠳᠴᠦ ᠪᠤᠯᠬᠤ ᠮᠦᠷᠳᠡᠭᠡᠨ ᠬᠤᠪᠢ  ᠤᠷᠤᠭᠤᠯᠤᠬᠰᠠᠨ ᠠᠵᠤ ᠠᠬᠤᠢ ᠶᠢᠨ ᠬᠤᠷᠰᠢᠶ᠎ᠠ ᠭᠡᠵᠦ ᠨᠡᠷᠡᠶᠢᠳᠴᠦ ᠪᠤᠯᠤᠨ᠎ᠠ᠃ ᠤᠳᠤᠬᠢ ᠱᠠᠳᠤᠨ ᠳᠤ ᠬᠤᠰᠢᠭᠤ  ᠰᠢᠶᠠᠨ ︵ᠬᠤᠳᠠ᠂ ᠲᠤᠭᠤᠷᠢᠭ︶᠎ ᠤ ᠵᠠᠰᠠᠭ ᠤᠨ ᠤᠷᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ  ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠵᠤᠬᠢᠶᠠᠨ ᠪᠠᠶᠢᠭᠤᠯᠤᠯᠳᠠ ᠶᠢᠨ ᠲᠠᠩᠰᠠᠯᠠᠭᠤᠯᠤᠬᠰᠠᠨ  ᠦᠨᠡᠮᠯᠡᠯ ᠢ ᠲᠠᠷᠬᠠᠭᠠᠨ ᠦᠭᠴᠦ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠡᠭᠦᠨ ᠢ ᠦᠨᠳᠦᠰᠦᠯᠡᠨ ᠪᠠᠩᠭᠢ ᠳᠤ ᠲᠠᠩᠰᠠ ᠪᠠᠶᠢᠭᠤᠯᠬᠤ ᠵᠡᠷᠭᠡ ᠬᠠᠮᠢᠶ᠎ᠠ ᠪᠦᠬᠦᠢ ᠭᠠᠷ  ᠬᠦᠢᠴᠡᠳᠭᠡᠯ ᠢ ᠬᠦᠢᠴᠡᠳᠭᠡᠵᠦ ᠪᠤᠯᠤᠨ᠎ᠠ᠃ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠴᠠ  ᠵᠤᠬᠢᠶᠠᠨ ᠪᠠᠶᠢᠭᠤᠯᠤᠯᠳᠠ ᠶᠢᠨ ᠲᠦᠷᠢᠮ ᠲᠤᠬᠳᠠᠭᠠᠯ ᠲᠤᠬᠳᠠᠭᠠᠵᠤ᠂ ᠬᠤᠪᠢ ᠤᠷᠤᠭᠤᠯᠤᠬᠴᠢ ᠶᠢᠨ  ᠲᠦᠯᠦᠭᠡᠯᠡᠭᠴᠢᠳ ᠤᠨ ᠬᠤᠷᠠᠯ᠂ ᠭᠡᠷᠡᠭ ᠮᠡᠳᠡᠭᠴᠢᠳ ᠤᠨ ᠬᠤᠷᠠᠯ ︵ᠭᠡᠷᠡᠭ ᠡᠷᠬᠢᠯᠡᠭᠴᠢᠳ ᠤᠨ ᠬᠤᠷᠠᠯ︶᠂  ᠬᠢᠨᠠᠬᠴᠢ ᠶᠢᠨ ᠬᠤᠷᠠᠯ ᠤᠨ ᠵᠠᠰᠠᠯᠳᠠ ᠶᠢᠨ ᠪᠦᠳᠦᠴᠡ ᠶᠢ ᠪᠠᠶᠢᠭᠤᠯᠤᠨ ᠲᠡᠭᠦᠯᠳᠡᠷᠵᠢᠬᠦᠯᠵᠦ᠂ ᠬᠤᠪᠢ  ᠤᠷᠤᠭᠤᠯᠤᠬᠴᠢ ᠶᠢᠨ ᠠᠷᠠᠳᠴᠢᠯᠠᠯ ᠢᠶᠠᠷ ᠰᠢᠢᠳᠪᠦᠷᠢᠳᠤ ᠪᠤᠳᠤᠯᠭ᠎ᠠ ᠲᠤᠬᠳᠠᠭᠠᠬᠤ᠂ ᠠᠷᠠᠳᠴᠢᠯᠠᠭᠰᠠᠨ ᠬᠠᠮᠢᠶᠠᠷᠤᠯᠳᠠ  ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠡᠷᠭᠡ ᠶᠢᠨ ᠭᠡᠷᠡᠭᠵᠢᠬᠦᠯᠦᠯᠳᠠ ᠶᠢ ᠪᠠᠳᠤᠯᠠᠬᠤ ᠭᠡᠷᠡᠭᠳᠡᠢ᠃       ︵ᠠᠷᠪᠠᠨ ᠲᠠᠪᠤ︶ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠶᠢᠨ ᠴᠢᠳᠠᠪᠬᠢ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠪᠤᠯ ᠬᠠᠮᠳᠤ ᠶᠢᠨ ᠡᠳ᠋ ᠬᠦᠷᠦᠩᠭᠡ ᠶᠢ ᠬᠠᠮᠢᠶᠠᠷᠬᠤ ᠭᠤᠤᠯ ᠴᠤᠭᠴᠠ᠂  ᠤᠨᠴᠠᠭᠠᠢ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠᠶᠢᠵᠤ᠂ ᠬᠠᠤᠯᠢ ᠶᠤᠰᠤᠭᠠᠷ ᠪᠦᠷᠢᠯᠳᠤᠬᠦᠨ ᠢᠶᠠᠨ  ᠲᠦᠯᠦᠭᠡᠯᠡᠵᠦ ᠬᠠᠮᠳᠤᠪᠡᠷ ᠬᠠᠮᠳᠤ ᠶᠢᠨ ᠡᠳ᠋ ᠬᠦᠷᠦᠩᠭᠡ ᠶᠢᠨ ᠡᠵᠡᠮᠰᠢᠬᠦ ᠡᠷᠭᠡ ᠶᠢ ᠭᠡᠷᠡᠭᠵᠢᠬᠦᠯᠵᠦ᠂ ᠬᠠᠮᠳᠤ ᠶᠢᠨ  ᠡᠳ᠋ ᠬᠦᠷᠦᠩᠭᠡ ᠶᠢ ᠬᠠᠮᠢᠶᠠᠷᠬᠤ᠂ ᠬᠠᠮᠳᠤ ᠶᠢᠨ ᠡᠳ᠋ ᠪᠠᠶᠠᠯᠢᠭ ᠢ ᠨᠡᠭᠡᠭᠡᠬᠦ᠂ ᠬᠠᠮᠳᠤ ᠶᠢᠨ ᠠᠵᠤ ᠠᠬᠤᠢ ᠶᠢ  ᠭᠦᠭᠵᠢᠬᠦᠯᠬᠦ᠂ ᠬᠠᠮᠳᠤ ᠨᠠᠶᠢᠳᠠ ᠶᠢᠨ ᠪᠦᠷᠢᠯᠳᠤᠬᠦᠨ ᠳᠤ ᠦᠢᠯᠡᠴᠢᠯᠡᠬᠦ ᠵᠡᠷᠭᠡ ᠴᠢᠳᠠᠪᠬᠢ ᠦᠢᠯᠡᠳᠦᠯ ᠢ  ᠪᠠᠳᠠᠷᠠᠭᠤᠯᠤᠨ᠎ᠠ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠲᠤᠤᠷ᠎ᠠ᠂  ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠪᠤᠯᠤᠨ ᠭᠠᠴᠠᠭ᠎ᠠ ᠲᠤᠰᠬᠤᠨ ᠤ ᠠᠷᠠᠳ ᠤᠨ  ᠵᠦᠪᠯᠡᠯ ᠤᠨ ᠡᠭᠦᠷᠭᠡ ᠴᠢᠳᠠᠪᠬᠢ ᠶᠢᠨ ᠬᠠᠷᠢᠴᠠᠭ᠎ᠠ ᠶᠢ ᠴᠢᠨᠠᠬᠰᠢᠳᠠ ᠰᠢᠯᠤᠭᠤᠳᠬᠠᠵᠤ᠂ ᠬᠠᠮᠳᠤ ᠶᠢᠨ ᠠᠵᠤ  ᠠᠬᠤᠢ ᠶᠢᠨ ᠡᠵᠡᠩᠨᠡᠯᠳᠠ ᠬᠠᠮᠢᠶᠠᠷᠤᠯᠳᠠ ᠶᠢᠨ ᠶᠠᠪᠤᠳᠠᠯ ᠪᠤᠯᠤᠨ ᠭᠠᠴᠠᠭ᠎ᠠ ᠲᠤᠰᠬᠤᠨ ᠤ ᠠᠷᠠᠳ ᠤᠨ ᠦᠪᠡᠷᠳᠡᠭᠡᠨ  ᠵᠠᠰᠠᠬᠤ ᠶᠠᠪᠤᠳᠠᠯ ᠢ ᠰᠠᠶᠢᠳᠤᠷ ᠡᠬᠦᠷᠭᠡᠯᠡᠬᠦ ᠭᠡᠷᠡᠭᠳᠡᠢ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ᠂  ᠭᠠᠴᠠᠭ᠎ᠠ ᠲᠤᠰᠬᠤᠨ ᠤ ᠠᠷᠠᠳ ᠤᠨ ᠵᠦᠪᠯᠡᠯ ᠪᠠ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ  ᠵᠤᠬᠢᠶᠠᠨ ᠪᠠᠶᠢᠭᠤᠯᠤᠯᠳᠠ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠭᠡᠷᠡᠭᠳᠡᠢ᠃       ︵ᠠᠷᠪᠠᠨ ᠵᠢᠷᠭᠤᠭ᠎ᠠ︶ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠬᠠᠮᠳᠤ ᠶᠢᠨ ᠡᠳ᠋ ᠬᠦᠷᠦᠩᠬᠡ ᠶᠢᠨ  ᠦᠮᠴᠢᠯᠡᠯ ᠤᠨ ᠡᠷᠬᠡ ᠶᠢ ᠴᠢᠩᠭ᠎ᠠ ᠬᠠᠮᠠᠭᠠᠯᠠᠵᠤ᠂ ᠬᠠᠭᠤᠷᠮᠠᠭ ᠢᠶᠠᠷ ᠳᠤᠬᠢᠷᠠᠭᠤᠯᠬᠤ ᠶᠢ ᠡᠷᠡᠰ ᠬᠤᠷᠢᠬᠯᠠᠨ᠎ᠠ᠃ ᠬᠡᠷ  ᠪᠦᠯᠢ ᠶᠢᠨ ᠳᠠᠭᠠᠭᠠᠴᠢᠯᠠᠯᠳᠠ ᠶᠢᠨ ᠬᠡᠯᠪᠡᠷᠢ ᠪᠠᠷ ᠳᠠᠭᠠᠭᠠᠴᠢᠯᠠᠭᠰᠠᠨ ᠬᠠᠮᠳᠤ ᠶᠢᠨ ᠭᠠᠵᠠᠷ ᠰᠢᠷᠤᠢ ᠨᠤᠳᠤᠭ  ᠪᠡᠯᠴᠢᠬᠡᠷ ᠢ ᠰᠢᠯᠵᠢᠬᠦᠯᠬᠦ᠂ ᠬᠠᠷᠢᠯᠴᠠᠨ ᠰᠤᠯᠢᠬᠤ ᠬᠡᠯᠪᠡᠷᠢ ᠪᠠᠷ ᠰᠢᠯᠵᠢᠬᠦᠯᠬᠦ ᠳᠤ ᠡᠷᠬᠡᠪᠰᠢ ᠳᠤᠰ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠳᠤᠳᠤᠷ᠎ᠠ ᠪᠠᠨ ᠶᠠᠪᠤᠭᠳᠠᠭᠤᠯᠵᠤ᠂ ᠬᠠᠮᠳᠤ ᠶᠢᠨ ᠠᠵᠤ ᠠᠬᠤᠢ ᠶᠢᠨ  ᠵᠤᠬᠢᠶᠠᠨ ᠪᠠᠶᠢᠭᠤᠯᠤᠯᠳᠠ ᠵᠡᠷᠬᠡ ᠳᠠᠭᠠᠭᠠᠴᠢᠯᠠᠭᠰᠠᠨ ᠳᠠᠯ᠎ᠠ ᠪᠠᠷ ᠵᠦᠪᠰᠢᠶᠡᠷᠡᠬᠦᠯᠬᠦ ᠬᠡᠷᠡᠭᠳᠡᠢ︔ ᠲᠦᠷᠢᠶᠡᠰᠦᠯᠡᠬᠦᠯᠬᠦ ︵ ᠰᠢᠯᠵᠢᠬᠦᠯᠵᠦ ᠳᠠᠭᠠᠭᠠᠴᠢᠯᠠᠭᠤᠯᠬᠤ︶ ᠪᠤᠶᠤ ᠪᠤᠰᠤᠳ ᠬᠡᠯᠪᠡᠷᠢ ᠪᠠᠷ ᠡᠵᠡᠩᠨᠡᠯᠳᠡ ᠶᠢᠨ ᠡᠷᠬᠡ ᠪᠠᠨ ᠰᠢᠯᠵᠢᠬᠦᠯᠬᠦ ᠳᠤ᠂  ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠵᠡᠷᠬᠡ ᠳᠠᠭᠠᠭᠠᠴᠢᠯᠠᠭᠰᠠᠨ ᠳᠠᠯ᠎ᠠ ᠨᠢ ᠪᠢᠴᠢᠭ ᠤᠨ  ᠬᠡᠯᠪᠡᠷᠢ ᠪᠠᠷ ᠳᠠᠩᠰᠠᠯᠠᠨ ᠮᠡᠳᠡᠬᠦᠯᠪᠡᠯ ᠵᠤᠬᠢᠨ᠎ᠠ᠃ ᠬᠠᠮᠳᠤ ᠶᠢᠨ ᠭᠠᠵᠠᠷ ᠰᠢᠷᠤᠢ ᠨᠤᠳᠤᠭ ᠪᠡᠯᠴᠢᠬᠡᠷ ᠢ  ᠲᠦᠷᠢᠶᠡᠰᠦᠯᠡᠬᠦ ᠳᠤ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠨᠢ ᠭᠠᠵᠠᠷ ᠲᠦᠷᠢᠶᠡᠰᠦᠯᠡᠬᠦ  ᠨᠦᠬᠦᠪᠦᠷᠢ ᠶᠢ ᠲᠦᠪᠬᠢᠨᠡᠬᠦᠯᠬᠦ ᠲᠦᠰᠦᠯ ᠵᠡᠷᠬᠡ ᠳᠤ ᠰᠠᠨᠠᠯ ᠭᠠᠷᠭᠠᠬᠤ ᠡᠷᠬᠡ ᠲᠠᠢ ᠮᠦᠷᠳᠡᠬᠡᠨ ᠬᠠᠤᠯᠢ ᠶᠤᠰᠤᠭᠠᠷ  ᠨᠦᠬᠦᠪᠦᠷᠢ ᠤᠯᠤᠨ᠎ᠠ᠃ ᠬᠠᠮᠳᠤ ᠶᠢᠨ ᠡᠵᠡᠩᠨᠡᠯᠳᠡ ᠶᠢᠨ ᠴᠢᠨᠠᠷᠳᠠᠢ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ  ᠭᠠᠵᠠᠷ ᠨᠢ ᠰᠲ᠋ᠤᠺ ᠲᠤ ᠤᠷᠤᠭᠰᠠᠨ ᠪᠤᠶᠤ ᠬᠡᠷ ᠪᠠᠶᠢᠰᠢᠩ ᠤᠨ ᠭᠠᠵᠠᠷ ᠤᠨ ᠲᠦᠷᠢᠮ ᠤᠨ ᠦᠬᠡᠷᠡᠴᠢᠯᠡᠯᠳᠡ ᠶᠢᠨ  ᠳᠤᠷᠰᠢᠯᠳᠠ ᠳᠤ ᠤᠷᠤᠭᠰᠠᠨ ᠪᠠᠶᠢᠪᠠᠯ᠂ ᠤᠯᠤᠰ᠂ ᠬᠠᠮᠳᠤ᠂ ᠮᠠᠯᠴᠢᠨ ᠳᠠᠷᠢᠶᠠᠴᠢᠨ ᠭᠤᠷᠪᠠᠨ ᠳᠠᠯ᠎ᠠ ᠶᠢᠨ ᠠᠰᠢᠭ  ᠳᠤᠰᠠ ᠶᠢᠨ ᠬᠤᠪᠢᠶᠠᠷᠢᠯᠠᠯᠳᠠ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠬᠦ ᠬᠡᠷᠡᠭᠳᠡᠢ᠃ ᠡᠵᠡᠩᠨᠡᠯᠳᠡ ᠶᠢᠨ  ᠴᠢᠨᠠᠷᠳᠠᠢ ᠡᠳ᠋ ᠬᠦᠷᠦᠩᠬᠡ ᠶᠢᠨ ᠲᠤᠬᠠᠢ ᠬᠠᠮᠳᠤ ᠨᠡᠶᠢᠳᠡ ᠪᠠᠷ ᠢᠶᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ  ᠡᠷᠬᠡ ᠶᠢ ᠢᠯᠡᠷᠡᠬᠦᠯᠵᠦ᠂ ᠡᠳ᠋ ᠬᠦᠷᠦᠩᠬᠡ ᠶᠢᠨ ᠡᠵᠡᠩᠨᠡᠯᠳᠡ ᠶᠢᠨ ᠲᠤᠬᠠᠢ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ  ᠂ ᠬᠠᠮᠳᠤ ᠶᠢᠨ ᠡᠳ᠋ ᠬᠦᠷᠦᠩᠬᠡ ᠶᠢᠨ ᠦᠷᠳᠡᠭ ᠢ ᠪᠠᠳᠤᠯᠠᠵᠤ ᠦᠷᠳᠡᠭ ᠢ ᠨᠡᠮᠡᠭᠳᠡᠬᠦᠯᠬᠦ ᠶᠢ ᠪᠠᠳᠤᠯᠠᠬᠤ ᠬᠡᠷᠡᠭᠳᠡᠢ︔  ᠡᠵᠡᠩᠨᠡᠯᠳᠡ ᠶᠢᠨ ᠴᠢᠨᠠᠷᠳᠠᠢ ᠪᠤᠰᠤ ᠡᠳ᠋ ᠬᠦᠷᠦᠩᠬᠡ ᠶᠢ ᠬᠤᠪᠢ ᠤᠷᠤᠭᠤᠯᠤᠯᠳᠠ ᠶᠢᠨ ᠬᠡᠯᠪᠡᠷᠢ ᠪᠠᠷ ᠨᠤᠭᠤᠯᠠᠨ  ᠪᠤᠳᠤᠵᠤ ᠡᠷᠦᠬᠡ ᠳᠤ ᠤᠷᠤᠭᠤᠯᠬᠤ ᠨᠢ ᠵᠤᠬᠢᠰ ᠦᠬᠡᠢ᠂ ᠬᠠᠷᠢᠨ ᠳᠡᠬᠦᠨ ᠤ ᠠᠳᠠᠯᠢ ᠪᠤᠰᠤ ᠶᠢᠨ ᠪᠡᠯᠡ  ᠤᠷᠤᠭᠤᠯᠤᠯᠳᠠ ᠶᠢᠨ ᠢᠷᠡᠯᠳᠡ ᠪᠠ ᠬᠠᠮᠢᠶ᠎ᠠ ᠪᠦᠬᠦᠢ ᠳᠤᠭᠳᠠᠭᠠᠯ ᠶᠤᠰᠤᠭᠠᠷ ᠨᠢᠬᠡᠳᠦᠯᠳᠡᠢ ᠡᠵᠡᠩᠨᠡᠵᠦ ᠬᠠᠮᠢᠶᠠᠷᠴᠤ  ᠬᠠᠮᠠᠭᠠᠯᠠᠬᠤ ᠬᠡᠷᠡᠭᠳᠡᠢ᠃      ︵ᠠᠷᠪᠠᠨ ᠳᠤᠯᠤᠭ᠎ᠠ︶ ᠤᠯᠠᠨ ᠠᠷᠭ᠎ᠠ ᠵᠠᠮ ᠢᠶᠠᠷ ᠬᠠᠮᠳᠤ ᠶᠢᠨ ᠠᠵᠤ ᠠᠬᠤᠢ ᠶᠢ ᠬᠦᠭᠵᠢᠬᠦᠯᠦᠨ᠎ᠡ᠃  ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠦᠳᠡᠯᠦᠩᠬᠦᠢ  ᠭᠠᠵᠠᠷ᠂ ᠠᠳᠠᠷ ᠭᠠᠵᠠᠷ ᠪᠠ ᠭᠠᠴᠠᠭ᠎ᠠ ᠳᠤᠰᠬᠤᠨ ᠢ ᠴᠡᠭᠴᠡᠯᠡᠨ ᠵᠠᠰᠠᠬᠤ᠂ ᠬᠡᠷ ᠪᠠᠶᠢᠰᠢᠩ ᠤᠨ ᠭᠠᠵᠠᠷ ᠢ ᠳᠠᠬᠢᠨ  ᠬᠠᠭᠠᠯᠪᠤᠷᠢᠯᠠᠬᠤ ᠵᠡᠷᠬᠡ ᠠᠷᠪᠢᠯᠠᠵᠤ ᠭᠠᠷᠭᠠᠭᠰᠠᠨ ᠭᠠᠵᠠᠷ ᠵᠢᠴᠢ ᠪᠤᠰᠤᠳ ᠬᠡᠷᠡᠭᠯᠡᠵᠦ ᠪᠤᠯᠬᠤ ᠬᠠᠮᠳᠤ ᠶᠢᠨ ᠡᠬᠢ  ᠪᠠᠶᠠᠯᠢᠭ ᠢ ᠰᠢᠯᠵᠢᠬᠦᠯᠬᠦ ᠪᠤᠶᠤ ᠠᠰᠢᠬᠯᠠᠬᠤ ᠶᠢ ᠵᠤᠷᠢᠭᠵᠢᠭᠤᠯᠵᠤ᠂ ᠤᠳᠤ ᠦᠶ᠎ᠠ ᠶᠢᠨ ᠮᠠᠯ ᠠᠵᠤ ᠠᠬᠤᠢ  ᠳᠠᠷᠢᠶᠠᠯᠠᠩ ᠤᠨ ᠲᠦᠷᠦᠯ ᠵᠦᠢᠯ ᠢ ᠬᠦᠭᠵᠢᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠮᠠᠯ ᠠᠵᠤ ᠠᠬᠤᠢ ᠳᠠᠷᠢᠶᠠᠯᠠᠩ ᠤᠨ ᠦᠢᠯᠡᠳᠪᠦᠷᠢᠯᠡᠯ ᠤᠨ ᠲᠦᠷᠦᠯ᠂  ᠶᠡᠷᠦᠩᠬᠡᠶᠢᠯᠡᠭᠰᠡᠨ ᠦᠢᠯᠡᠴᠢᠯᠡᠬᠡᠨ ᠤ ᠬᠡᠯᠪᠡᠷᠢ ᠶᠢᠨ ᠬᠤᠷᠰᠢᠶ᠎ᠠ ᠵᠡᠷᠬᠡ ᠦᠢᠯᠡᠴᠢᠯᠡᠬᠡᠨ ᠤ ᠪᠤᠳᠠᠳᠤ ᠴᠤᠭᠴᠠ ᠶᠢ  ᠳᠡᠮᠵᠢᠵᠦ᠂ ᠮᠠᠯᠵᠢᠬᠤ ᠳᠠᠷᠢᠶᠠᠯᠠᠬᠤ ᠤᠷᠤᠨ ᠤ ᠡᠯᠧᠺᠳ᠋ᠷᠤᠨ ᠬᠤᠳᠠᠯᠳᠤᠭ᠎ᠠ᠂ ᠵᠤᠭ᠎ᠠ ᠰᠡᠯᠡᠬᠦᠴᠡᠯ ᠤᠨ ᠮᠠᠯ ᠠᠵᠤ  ᠠᠬᠤᠢ ᠳᠠᠷᠢᠶᠠᠯᠠᠩ ᠪᠠ ᠬᠦᠳᠡᠭᠡ ᠳᠤᠰᠬᠤᠨ ᠤ ᠵᠤᠭᠠᠠᠴᠠᠯ ᠵᠡᠷᠬᠡ ᠶᠢ ᠬᠦᠭᠵᠢᠬᠦᠯᠦᠨ᠎ᠡ᠃ ᠲᠦᠯᠦᠪᠵᠢᠬᠦᠯᠬᠡ ᠳᠤ  ᠨᠡᠶᠢᠴᠡᠬᠦ ᠤᠷᠢᠳᠠᠯ ᠳᠤᠤᠷ᠎ᠠ᠂ ᠡᠯ᠎ᠠ ᠲᠦᠷᠦᠯ ᠤᠨ ᠬᠡᠷ ᠭᠠᠵᠠᠷ ᠤᠨ ᠬᠦᠷᠦᠩᠬᠡ ᠶᠢᠨ ᠳᠤᠨᠤᠭ ᠲᠦᠬᠦᠬᠡᠷᠦᠮᠵᠢ᠂  ᠬᠠᠮᠳᠤ ᠶᠢᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠵᠡᠷᠬᠡ ᠬᠦᠭᠵᠢᠯᠳᠡ ᠲᠠᠢ ᠵᠤᠬᠢᠴᠠᠬᠰᠠᠨ ᠠᠵᠤ  ᠦᠢᠯᠡᠰ ᠢ ᠬᠠᠶᠢᠨ ᠰᠦᠪᠡᠭᠴᠢᠯᠠᠵᠤ ᠰᠡᠷᠬᠦᠬᠡᠨ ᠠᠮᠢᠯᠠᠭᠤᠯᠤᠨ᠎ᠡ᠃ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ  ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠᠷ᠂ ᠮᠠᠯᠴᠢᠨ ᠳᠠᠷᠢᠶᠠᠴᠢᠨ ᠡᠷᠦᠬᠡ ᠪᠠ ᠡᠯ᠎ᠠ ᠲᠦᠷᠦᠯ ᠤᠨ ᠮᠠᠯ ᠠᠵᠤ  ᠠᠬᠤᠢ ᠳᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠳᠤ ᠦᠢᠯᠡᠳᠪᠦᠷᠢᠯᠡᠯ ᠠᠴᠠ ᠡᠮᠦᠨᠡᠬᠢ᠂  ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠯ ᠤᠨ ᠳᠠᠷᠠᠭᠠᠬᠢ ᠮᠠᠯ ᠠᠵᠤ ᠠᠬᠤᠢ ᠳᠠᠷᠢᠶᠠᠯᠠᠩ ᠤᠨ  ᠦᠢᠯᠡᠳᠪᠦᠷᠢᠯᠡᠯ ᠤᠨ ᠴᠢᠨᠠᠷᠳᠠᠢ ᠦᠢᠯᠡᠴᠢᠯᠡᠬᠦ ᠶᠢ ᠳᠡᠮᠵᠢᠨ᠎ᠡ᠃ ᠬᠠᠮᠳᠤ ᠶᠢᠨ ᠬᠤᠷᠠᠮᠳᠤᠭᠤᠯᠤᠭᠰᠠᠨ ᠪᠡᠯᠡ ᠮᠦᠩᠬᠦ᠂  ᠵᠠᠰᠠᠭ ᠤᠨ ᠤᠷᠳᠤᠨ ᠤ ᠳᠡᠳᠬᠦᠨ ᠳᠡᠮᠵᠢᠬᠦ ᠪᠡᠯᠡ ᠮᠦᠩᠬᠦ ᠵᠡᠷᠬᠡ ᠶᠢ ᠨᠡᠶᠢᠳᠬᠡᠨ ᠬᠡᠷᠡᠭᠯᠡᠬᠦ ᠶᠢ ᠵᠤᠷᠢᠭᠵᠢᠭᠤᠯᠵᠤ᠂  ᠬᠤᠪᠢ ᠤᠷᠤᠬᠤ ᠪᠤᠶᠤ ᠬᠤᠪᠢ ᠤᠷᠤᠬᠤ ᠳᠤ ᠤᠷᠤᠯᠴᠠᠬᠤ ᠬᠡᠯᠪᠡᠷᠢ ᠪᠠᠷ ᠬᠠᠮᠳᠤ ᠶᠢᠨ ᠠᠵᠤ ᠠᠬᠤᠢ ᠶᠢ  ᠬᠦᠭᠵᠢᠬᠦᠯᠦᠨ᠎ᠡ᠃ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠪᠠ ᠬᠤᠰᠢᠭᠤ ᠰᠢᠶᠠᠨ ︵ᠬᠤᠳᠠ᠂  ᠳᠤᠭᠤᠷᠢᠭ︶᠎ ᠤ ᠵᠠᠰᠠᠭ ᠤᠨ ᠤᠷᠳᠤᠨ ᠤ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠠᠮᠳᠤ ᠶᠢᠨ ᠠᠵᠤ  ᠠᠬᠤᠢ ᠶᠢᠨ ᠵᠤᠬᠢᠶᠠᠨ ᠪᠠᠶᠢᠭᠤᠯᠤᠯᠳᠠ ᠳᠤ ᠪᠡᠯᠡ ᠤᠷᠤᠭᠤᠯᠬᠤ ᠠᠵᠢᠯᠯᠠᠭ᠎ᠠ᠂ ᠪᠡᠯᠡ ᠤᠷᠤᠭᠤᠯᠬᠤ ᠬᠡᠪᠴᠢᠶ᠎ᠠ ᠪᠠ  ᠡᠵᠡᠩᠨᠡᠯᠳᠡ ᠶᠢᠨ ᠴᠢᠨᠠᠷᠳᠠᠢ ᠦᠷᠢ ᠦᠭᠴᠡᠭᠡ ᠶᠢᠨ ᠬᠡᠪᠴᠢᠶ᠎ᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂  ᠡᠵᠡᠩᠨᠡᠯᠳᠡ ᠶᠢᠨ ᠲᠦᠭᠰᠢᠬᠦᠷᠢ ᠶᠢ ᠰᠡᠷᠬᠡᠶᠢᠯᠡᠵᠦ ᠨᠠᠮᠳᠠᠭᠤᠯᠤᠨ᠎ᠠ᠃        ︵ᠠᠷᠪᠠᠨ ᠨᠠᠢᠮᠠ︶ ᠮᠠᠯᠵᠢᠬᠤ ᠳᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢ ᠲᠦᠷᠢᠮᠵᠢᠬᠦᠯᠵᠦ  ᠰᠢᠯᠵᠢᠬᠦᠯᠬᠦ ᠪᠠ ᠠᠷᠠᠯᠵᠢᠶᠠᠯᠠᠬᠤ ᠶᠢ ᠬᠦᠳᠦᠯᠦᠨ ᠵᠢᠯᠤᠭᠤᠳᠤᠨ᠎ᠠ᠃ ᠡᠯ᠎ᠠ ᠭᠠᠵᠠᠷ ᠢᠯᠠᠩᠭᠤᠶ᠎ᠠ ᠬᠤᠰᠢᠭᠤ ᠰᠢᠶᠠᠨ ︵ ᠬᠤᠳᠠ᠂ ᠳᠤᠭᠤᠷᠢᠭ︶᠂ ᠰᠤᠮᠤ ᠰᠢᠶᠠᠩ ᠪᠠᠯᠭᠠᠰᠤ ᠨᠢ ᠬᠠᠮᠳᠤ ᠶᠢᠨ ᠡᠳ᠋ ᠬᠦᠷᠦᠩᠬᠡ ᠶᠢᠨ ᠬᠢᠨᠠᠨ ᠬᠠᠮᠢᠶᠠᠷᠤᠯᠳᠠ᠂  ᠭᠠᠵᠠᠷ ᠰᠢᠷᠤᠢ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠦᠨ ᠬᠠᠮᠢᠶᠠᠷᠬᠤ ᠵᠡᠷᠬᠡ ᠳᠠᠪᠴᠠᠩ ᠳᠤ  ᠲᠦᠰᠢᠭᠯᠡᠨ᠂ ᠦᠮᠴᠢᠯᠡᠯ ᠤᠨ ᠡᠷᠬᠡ ᠶᠢ ᠰᠢᠯᠵᠢᠬᠦᠯᠦᠨ ᠠᠷᠠᠯᠵᠢᠶᠠᠯᠠᠬᠤ ᠲᠦᠪ ᠢ ᠪᠠᠶᠢᠭᠤᠯᠵᠤ᠂ ᠮᠠᠯᠵᠢᠬᠤ  ᠳᠠᠷᠢᠶᠠᠯᠠᠬᠤ ᠤᠷᠤᠨ ᠤ ᠭᠠᠵᠠᠷ ᠰᠢᠷᠤᠢ ᠨᠤᠳᠤᠭ ᠪᠡᠯᠴᠢᠬᠡᠷ ᠢ ᠳᠠᠭᠠᠭᠠᠴᠢᠯᠠᠬᠰᠠᠨ ᠡᠵᠡᠩᠨᠡᠯᠳᠠ ᠶᠢᠨ ᠡᠷᠬᠡ᠂  ᠬᠠᠮᠳᠤ ᠶᠢᠨ ᠤᠢ ᠶᠢᠨ ᠡᠷᠬᠡ᠂ ︽ᠲᠦᠷᠪᠡᠨ ᠠᠳᠠᠷ︾ ︵ᠠᠭᠯᠠᠭ ᠠᠭᠤᠯᠠ᠂ ᠭᠤᠤ᠂ ᠳᠤᠪᠤᠷᠬᠠᠭ ᠭᠠᠵᠠᠷ᠂  ᠭᠤᠤᠯ ᠤᠨ ᠳᠠᠩ︶ ᠭᠠᠵᠠᠷ ᠤᠨ ᠭᠠᠵᠠᠷ ᠰᠢᠷᠤᠢ ᠶᠢ ᠬᠡᠷᠡᠭᠯᠡᠬᠦ ᠡᠷᠬᠡ᠂ ᠮᠠᠯ ᠠᠵᠤ ᠠᠬᠤᠢ ᠳᠠᠷᠢᠶᠠᠯᠠᠩ ᠤᠨ  ᠲᠦᠷᠦᠯ ᠤᠨ ᠮᠡᠳᠡᠯᠬᠡ ᠶᠢᠨ ᠦᠮᠴᠢᠯᠡᠯ ᠤᠨ ᠡᠷᠬᠡ᠂ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ  ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠬᠡ ᠶᠢ ᠲᠦᠷᠢᠶᠡᠰᠦᠯᠡᠬᠦ ᠵᠡᠷᠬᠡ ᠰᠢᠯᠵᠢᠬᠦᠯᠦᠨ ᠠᠷᠠᠯᠵᠢᠶᠠᠯᠠᠬᠤ ᠠᠵᠢᠯ ᠢ  ᠦᠷᠨᠢᠬᠦᠯᠦᠨ᠎ᠡ᠃ ᠬᠤᠰᠢᠭᠤ ᠰᠢᠶᠠᠨ ︵ᠬᠤᠳᠠ᠂ ᠳᠤᠭᠤᠷᠢᠭ︶᠎ ᠠᠴᠠ ᠳᠡᠬᠡᠭᠰᠢ ᠱᠠᠳᠤᠨ ᠤ ᠵᠠᠰᠠᠭ ᠤᠨ ᠤᠷᠳᠤᠨ  ᠮᠠᠯᠵᠢᠬᠤ ᠳᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢᠨ ᠰᠢᠨᠵᠢ ᠴᠢᠨᠠᠷ᠂ ᠰᠢᠯᠵᠢᠬᠦᠯᠬᠦ ᠬᠦᠷᠢᠶ᠎ᠠ ᠬᠡᠪᠴᠢᠶ᠎ᠠ ᠪᠠ  ᠠᠷᠠᠯᠵᠢᠶᠠᠯᠠᠬᠤ ᠱᠠᠭᠠᠷᠳᠠᠯᠭ᠎ᠠ ᠶᠢ ᠦᠨᠳᠦᠰᠦᠯᠡᠵᠦ᠂ ᠦᠮᠴᠢᠯᠠᠯ ᠤᠨ ᠡᠷᠭᠡ ᠶᠢ ᠰᠢᠯᠵᠢᠬᠦᠯᠵᠤ ᠠᠷᠠᠯᠵᠢᠶᠠᠯᠠᠬᠤ  ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠂ ᠵᠠᠬ᠎ᠠ ᠳᠡᠯᠬᠡᠬᠦᠷ ᠤᠨ ᠠᠷᠠᠯᠵᠢᠶᠠᠨ ᠤ ᠲᠦᠷᠢᠮ ᠢ ᠪᠦᠷᠢᠨᠰᠢᠬᠦᠯᠵᠦ᠂  ᠠᠵᠢᠯᠯᠠᠭᠠᠨ ᠤ ᠳᠤᠭᠳᠠᠴᠠ ᠶᠢ ᠳᠡᠬᠦᠯᠳᠡᠷᠵᠢᠬᠦᠯᠵᠦ᠂ ᠢᠯᠡ ᠪᠠᠷ ᠠᠷᠠᠯᠵᠢᠶᠠᠯᠠᠬᠤ ᠶᠢ ᠬᠡᠷᠡᠭᠵᠢᠬᠦᠯᠵᠦ᠂ ᠮᠠᠯᠵᠢᠬᠤ  ᠳᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢ ᠰᠢᠯᠵᠢᠬᠦᠯᠦᠨ ᠠᠷᠠᠯᠵᠢᠶᠠᠯᠠᠬᠤ ᠦᠢᠯᠡᠴᠢᠯᠡᠭᠡ ᠪᠠ ᠬᠢᠨᠠᠯᠳᠠ  ᠳᠠᠯᠪᠢᠵᠤ ᠬᠠᠮᠢᠶᠠᠷᠤᠯᠳᠠ ᠶᠢ ᠴᠢᠩᠭᠠᠳᠬᠠᠨ᠎ᠠ᠃ ᠭᠠᠵᠠᠷ ᠰᠢᠷᠤᠢ᠂ ᠰᠢᠭᠤᠢᠢᠳᠤ ᠭᠠᠵᠠᠷ᠂ ᠨᠤᠳᠤᠭ ᠪᠡᠯᠴᠢᠬᠡᠷ᠂  ᠤᠰᠤᠨ ᠠᠰᠢᠬᠯᠠᠯᠳᠠ ᠶᠢᠨ ᠳᠤᠨᠤᠭ ᠲᠦᠬᠦᠬᠡᠷᠦᠮᠵᠢ ᠵᠡᠷᠬᠡ ᠦᠮᠴᠢᠯᠡᠯ ᠤᠨ ᠡᠷᠬᠡ ᠶᠢ ᠰᠢᠯᠵᠢᠬᠦᠯᠦᠨ  ᠠᠷᠠᠯᠵᠢᠶᠠᠯᠠᠭᠰᠠᠨ ᠤ ᠳᠠᠷᠠᠭᠠᠬᠢ ᠨᠡᠬᠡᠬᠡᠨ ᠠᠰᠢᠬᠯᠠᠬᠤ ᠶᠢ ᠬᠢᠨᠠᠨ ᠬᠠᠮᠢᠶᠠᠷᠴᠤ᠂ ᠬᠡᠷᠡᠭᠴᠡᠭᠡ ᠶᠢ ᠨᠢ ᠬᠤᠪᠢᠷᠠᠭᠤᠯᠬᠤ  ᠦᠬᠡᠢ᠂ ᠮᠠᠯ ᠠᠵᠤ ᠠᠬᠤᠢ ᠳᠠᠷᠢᠶᠠᠯᠠᠩ ᠤᠨ ᠦᠢᠯᠡᠰ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ  ᠡᠪᠳᠡᠬᠦ ᠦᠬᠡᠢ᠂ ᠠᠮᠢ ᠠᠬᠤᠢ ᠶᠢᠨ ᠴᠢᠳᠠᠪᠤᠷᠢ ᠶᠢ ᠡᠪᠳᠡᠬᠦ ᠦᠬᠡᠢ ᠪᠠᠶᠢᠬᠤ ᠶᠢ ᠪᠠᠳᠤᠯᠠᠨ᠎ᠠ᠃      ᠵᠢᠷᠭᠤᠭ᠎ᠠ᠂ ᠨᠠᠮ ᠤᠨ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ  ᠲᠦᠷᠢᠮ ᠤᠨ ᠦᠬᠡᠷᠡᠴᠢᠯᠡᠯᠳᠡ ᠶᠢᠨ ᠠᠵᠢᠯ ᠤᠨ ᠲᠤᠬᠠᠢ ᠤᠳᠤᠷᠢᠳᠤᠯᠭ᠎ᠠ ᠶᠢ ᠴᠢᠩᠭᠠᠳᠬᠠᠨ᠎ᠠ      ︵ᠠᠷᠪᠠ ᠶᠢᠰᠤ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠠ ᠱᠠᠳᠤᠨ ᠤ  ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ  ᠡᠷᠬᠡ ᠶᠢᠨ ᠲᠦᠷᠢᠮ ᠤᠨ ᠦᠬᠡᠷᠡᠴᠢᠯᠡᠯᠳᠡ ᠶᠢᠨ ᠠᠵᠢᠯ ᠢ ᠳᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠨᠠᠷᠢᠨ ᠨᠢᠮᠪᠠᠢ  ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠡᠯ᠎ᠠ ᠵᠦᠢᠯ ᠤᠨ ᠦᠬᠡᠷᠡᠴᠢᠯᠡᠯᠳᠡ ᠶᠢᠨ ᠠᠷᠭ᠎ᠠ ᠪᠠᠷᠢᠯ ᠢ  ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠱᠦᠵᠢ᠂ ᠢᠯᠠᠩᠭᠤᠶ᠎ᠠ ᠬᠤᠰᠢᠭᠤ ᠰᠢᠶᠠᠨ ︵ᠬᠤᠳᠠ᠂ ᠳᠤᠭᠤᠷᠢᠭ︶᠂ ᠰᠤᠮᠤ ᠰᠢᠶᠠᠩ ᠪᠠᠯᠭᠠᠰᠤ ᠶᠢᠨ ᠨᠠᠮ ᠤᠨ  ᠬᠤᠷᠢᠶ᠎ᠠ ᠶᠢᠨ ᠱᠦᠵᠢ ᠪᠡᠶ᠎ᠠ ᠪᠠᠷ ᠢᠶᠠᠨ ᠳᠠᠭᠠᠭᠤᠯᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠬᠦᠷᠬᠡᠯᠡᠨ᠎ᠠ᠃  ᠦᠪᠡᠷᠳᠡᠬᠡᠨ ᠵᠠᠰᠠᠬᠤ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ  ᠲᠦᠷᠢᠮ ᠤᠨ ᠦᠬᠡᠷᠡᠴᠢᠯᠡᠯᠳᠡ ᠶᠢᠨ ᠠᠵᠢᠯ ᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠠᠯᠵᠢᠬᠤ  ᠳᠠᠷᠢᠶᠠᠯᠠᠬᠤ ᠤᠷᠤᠨ ᠤ ᠠᠵᠢᠯ ᠤᠨ ᠤᠳᠤᠷᠢᠳᠬᠤ ᠳᠤᠭᠤᠢᠢᠯᠠᠩ ᠵᠤᠬᠢᠶᠠᠨ ᠪᠠᠶᠢᠭᠤᠯᠤᠨ ᠤᠳᠤᠷᠢᠳᠴᠤ᠂  ᠦᠪᠡᠷᠳᠡᠬᠡᠨ ᠵᠠᠰᠬᠠᠤ ᠤᠷᠤᠨ ᠤ ᠮᠠᠯ ᠠᠵᠤ ᠠᠬᠤᠢ ᠳᠠᠷᠢᠶᠠᠯᠠᠩ ᠤᠨ ᠲᠢᠩᠬᠢᠮ᠂ ᠨᠠᠮ ᠤᠨ ᠬᠤᠷᠢᠶ᠎ᠠ ᠶᠢᠨ ᠮᠠᠯᠵᠢᠬᠤ  ᠳᠠᠷᠢᠶᠠᠯᠠᠬᠤ ᠤᠷᠤᠨ ᠤ ᠠᠯᠪᠠᠨ ᠬᠡᠷ ᠠᠴᠠ ᠳᠠᠭᠠᠭᠤᠯᠤᠨ ᠬᠡᠷᠡᠭᠵᠢᠬᠦᠯᠵᠦ᠂ ᠠᠵᠢᠯ ᠤᠨ ᠵᠤᠬᠢᠴᠠᠭᠤᠯᠬᠤ  ᠳᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠦᠬᠡᠷᠡᠴᠢᠯᠡᠯᠳᠡ ᠶᠢᠨ ᠳᠤᠮᠳᠠ ᠳᠤᠬᠢᠶᠠᠯᠳᠤᠭᠰᠠᠨ ᠬᠦᠴᠢᠷᠳᠡᠯ ᠪᠠ  ᠠᠰᠠᠭᠤᠳᠠᠯ ᠢ ᠴᠠᠭ ᠳᠤᠬᠠᠢ ᠳᠤᠨᠢ ᠰᠤᠳᠤᠯᠤᠨ ᠰᠢᠢᠳᠪᠦᠷᠢᠯᠡᠵᠦ᠂ ᠦᠬᠡᠷᠡᠴᠢᠯᠡᠯᠳᠡ ᠶᠢᠨ ᠯᠠᠪᠳᠠᠭᠤᠨ ᠪᠠᠳᠤᠳᠠᠢ  ᠡᠮᠬᠢ ᠴᠡᠭᠴᠡᠳᠠᠢ ᠠᠬᠢᠬᠤ ᠶᠢ ᠪᠠᠳᠤᠯᠠᠨ᠎ᠠ᠃ ᠡᠯ᠎ᠠ ᠠᠶᠢᠮᠠᠭ᠂ ᠬᠤᠳᠠ᠂ ᠬᠤᠰᠢᠭᠤ ᠰᠢᠶᠠᠨ ︵ᠬᠤᠳᠠ᠂ ᠳᠤᠭᠤᠷᠢᠭ  ︶᠂ ᠰᠤᠮᠤ ᠰᠢᠶᠠᠩ ᠪᠠᠯᠭᠠᠰᠤ ᠦᠨᠡᠨᠬᠦ ᠶᠠᠪᠤᠭᠳᠠᠭᠤᠯᠵᠤ ᠪᠤᠯᠬᠤ ᠠᠵᠢᠯ ᠤᠨ ᠲᠦᠰᠦᠯ ᠳᠤᠭᠳᠠᠭᠠᠵᠤ᠂ ᠤᠳᠤᠷᠢᠳᠬᠤ  ᠪᠠᠶᠢᠭᠤᠯᠤᠮᠵᠢ ᠪᠠ ᠠᠵᠢᠯ ᠤᠨ ᠳᠤᠭᠳᠠᠴᠠ ᠶᠢ ᠳᠡᠬᠦᠯᠳᠡᠷᠵᠢᠬᠦᠯᠵᠦ᠂ ᠴᠠᠭ ᠤᠨ ᠬᠦᠰᠦᠨᠦᠭᠳᠤ ᠪᠠ ᠵᠠᠮ ᠱᠤᠭᠤᠮ ᠤᠨ  ᠵᠢᠷᠤᠭ ᠢ ᠳᠤᠳᠤᠷᠬᠠᠢᠢᠯᠠᠵᠤ᠂ ᠦᠬᠡᠷᠡᠴᠢᠯᠡᠯᠳᠡ ᠶᠢᠨ ᠡᠬᠦᠷᠬᠡ ᠶᠢ ᠳᠤᠭᠳᠠᠭᠰᠠᠨ ᠬᠤᠭᠤᠴᠠᠭᠠᠨ ᠳᠤ ᠴᠢᠨᠠᠷ ᠰᠠᠶᠢᠳᠠᠢ  ᠪᠡᠶᠡᠯᠡᠬᠦᠯᠬᠦ ᠶᠢ ᠪᠠᠳᠤᠯᠠᠨ᠎ᠠ᠃      ︵ᠬᠤᠷᠢ︶ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ  ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ  ᠬᠦᠳᠦᠯᠦᠨ ᠵᠢᠯᠤᠭᠤᠳᠬᠤ᠂ ᠤᠯᠠᠨ ᠬᠡᠯᠪᠡᠷᠢ ᠪᠠᠷ ᠪᠡᠯᠡ ᠤᠷᠤᠭᠤᠯᠵᠤ ᠬᠠᠮᠳᠤ ᠪᠠᠷ ᠳᠡᠳᠬᠦᠨ ᠳᠡᠮᠵᠢᠬᠦ ᠬᠠᠮᠳᠤ ᠶᠢᠨ  ᠠᠵᠤ ᠠᠬᠤᠢ ᠶᠢᠨ ᠬᠦᠭᠵᠢᠯᠳᠡ ᠶᠢᠨ ᠳᠤᠭᠳᠠᠴᠠ ᠶᠢ ᠤᠯᠠᠮ ᠴᠢᠨᠠᠭᠰᠢᠳᠠ ᠳᠡᠬᠦᠯᠳᠡᠷᠵᠢᠬᠦᠯᠦᠨ᠎ᠡ᠃ ᠵᠠᠰᠠᠭ ᠤᠨ  ᠤᠷᠳᠤᠨ ᠠᠴᠠ ᠪᠡᠯᠡ ᠮᠦᠡᠭᠬᠦ ᠪᠠᠭᠤᠯᠭᠠᠬᠤ᠂ ᠭᠠᠶᠢᠯᠢ ᠶᠢᠨ ᠰᠦᠢᠳᠬᠡᠯ ᠢ ᠬᠠᠰᠤᠵᠤ ᠬᠡᠯᠳᠦᠷᠢᠬᠦᠯᠬᠦ ᠵᠡᠷᠬᠡ  ᠬᠡᠯᠪᠡᠷᠢ ᠪᠠᠷ ᠡᠳ᠋ ᠬᠦᠷᠦᠩᠬᠡ ᠶᠢ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ  ᠪᠠᠶᠢᠭᠤᠯᠤᠯᠳᠠ ᠳᠤ ᠦᠮᠴᠢᠯᠡᠬᠦᠯᠵᠦ᠂ ᠬᠠᠮᠳᠤ ᠶᠢᠨ ᠪᠦᠷᠢᠯᠳᠦᠬᠦᠨ ᠤ ᠡᠵᠡᠮᠰᠢᠵᠦ ᠪᠠᠶᠢᠭ᠎ᠠ ᠬᠤᠪᠢᠴᠠᠭ᠎ᠠ ᠶᠢ  ᠬᠡᠮᠵᠢᠶᠡᠯᠡᠨ᠎ᠠ᠃ ᠵᠠᠰᠠᠭ ᠤᠨ ᠤᠷᠳᠤᠨ ᠤ ᠮᠠᠯᠵᠢᠬᠤ ᠳᠠᠷᠢᠶᠠᠯᠠᠬᠤ ᠤᠷᠤᠨ ᠤ ᠤᠯᠠᠨ ᠨᠡᠶᠢᠳᠡ ᠶᠢᠨ ᠦᠢᠯᠡᠴᠢᠯᠡᠬᠡᠨ ᠤ  ᠵᠠᠷᠤᠯᠭ᠎ᠠ ᠶᠢ ᠠᠭᠠᠵᠢᠮ ᠢᠶᠠᠷ ᠨᠡᠮᠡᠭᠳᠡᠬᠦᠯᠵᠦ᠂ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ  ᠵᠤᠬᠢᠶᠠᠨ ᠪᠠᠶᠢᠭᠤᠯᠤᠯᠳᠠ ᠶᠢᠨ ᠳᠠᠷᠤᠭᠠᠰᠤ ᠶᠢ ᠪᠠᠭᠠᠰᠬᠠᠨ᠎ᠠ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠠᠴᠠ  ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠪᠡᠯᠡ  ᠬᠤᠷᠠᠮᠳᠤᠭᠤᠯᠬᠤ᠂ ᠪᠠᠳᠤᠯᠨᠨ ᠳᠠᠭᠠᠭᠠᠬᠤ ᠵᠡᠷᠬᠡ ᠲᠦᠷᠦ ᠶᠢᠨ ᠪᠤᠳᠤᠯᠭ᠎ᠠ ᠶᠢ ᠪᠠᠶᠢᠭᠤᠯᠤᠨ ᠪᠦᠷᠢᠨᠰᠢᠬᠦᠯᠵᠦ᠂  ᠲᠦᠭᠰᠢᠬᠦᠷᠢ ᠶᠢ ᠰᠡᠷᠬᠡᠶᠢᠯᠡᠵᠤ ᠬᠤᠪᠢᠳᠠᠨ ᠬᠠᠷᠢᠭᠤᠴᠠᠬᠤ ᠳᠤᠭᠳᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃  ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠦᠭᠵᠢᠯᠳᠡ ᠶᠢᠨ  ᠱᠠᠭᠠᠷᠳᠠᠯᠭ᠎ᠠ ᠳᠤ ᠬᠡᠷᠡᠭᠯᠡᠬᠦ ᠭᠠᠵᠠᠷ ᠢ ᠨᠢᠬᠡᠳᠦᠯᠳᠡᠢ ᠲᠦᠯᠦᠪᠯᠡᠨ ᠳᠤᠬᠢᠷᠠᠭᠤᠯᠤᠨ᠎ᠠ᠃ ᠮᠠᠯᠵᠢᠬᠤ ᠳᠠᠷᠢᠶᠠᠯᠠᠬᠤ  ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠳᠤ ᠬᠡᠷᠡᠭᠰᠡᠬᠦ ᠵᠠᠷᠤᠯᠭ᠎ᠠ ᠶᠢ ᠡᠯ᠎ᠠ  ᠱᠠᠳᠤᠨ ᠤ ᠵᠠᠰᠠᠭ ᠤᠨ ᠤᠷᠳᠤᠨ ᠡᠷᠬᠡ ᠳᠤᠰᠢᠶᠠᠯ ᠤᠨ ᠶᠤᠰᠤᠭᠠᠷ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ  ᠂ ᠭᠠᠴᠠᠭ᠎ᠠ ᠳᠤᠰᠬᠤᠨ ᠤ ᠬᠠᠮᠳᠤ ᠨᠡᠶᠢᠳᠡ ᠪᠠ ᠮᠠᠯᠴᠢᠨ ᠳᠠᠷᠢᠶᠠᠴᠢᠨ ᠡᠷᠦᠬᠡ ᠠᠴᠠ ᠶᠠᠮᠠᠷ ᠴᠤ ᠰᠦᠢᠳᠬᠡᠯ  ᠬᠤᠷᠢᠶᠠᠵᠤ ᠪᠤᠯᠬᠤ ᠦᠬᠡᠢ᠃      ︵ᠬᠤᠷᠢᠨ ᠨᠢᠬᠡ︶ ᠤᠬᠠᠭᠤᠯᠭ᠎ᠠ ᠪᠤᠯᠪᠠᠰᠤᠷᠠᠯ ᠢ ᠴᠢᠩᠭᠠᠳᠬᠠᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ᠂  ᠵᠠᠰᠠᠭ ᠤᠨ ᠤᠷᠳᠤᠨ ᠪᠠ ᠡᠯ᠎ᠠ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠮᠠᠯᠵᠢᠬᠤ ᠳᠠᠷᠢᠶᠠᠯᠠᠬᠤ ᠤᠷᠤᠨ ᠤ  ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢᠨ ᠠᠵᠢᠯ ᠤᠨ ᠤᠬᠠᠭᠤᠯᠭ᠎ᠠ ᠬᠦᠳᠦᠯᠦᠨ  ᠵᠢᠯᠤᠭᠤᠳᠬᠤ ᠶᠢ ᠴᠢᠩᠭᠠᠳᠬᠠᠵᠤ᠂ ᠷᠠᠳᠢᠣ᠋ ᠲᠧᠯᠧᠢᠰ᠂ ᠰᠤᠨᠢᠨ᠂ ᠰᠢᠨ᠎ᠡ ᠵᠠᠭᠤᠴᠢᠯᠠᠭᠤᠷ᠂ ᠲᠦᠷᠦ ᠶᠢᠨ  ᠪᠤᠳᠤᠯᠭ᠎ᠠ ᠶᠢ ᠤᠬᠠᠭᠤᠯᠤᠨ ᠳᠠᠶᠢᠯᠪᠤᠷᠢᠯᠠᠬᠤ ᠬᠤᠷᠠᠯ᠂ ᠳᠤᠰᠬᠤᠨ ᠤ ᠶᠠᠪᠤᠳᠠᠯ ᠢ ᠢᠯᠡ ᠨᠡᠶᠢᠳᠡᠯᠡᠬᠦ ᠰᠠᠮᠪᠠᠷ᠎ᠠ ᠵᠡᠷᠬᠡ  ᠤᠯᠠᠨ ᠬᠡᠯᠪᠡᠷᠢ ᠪᠠᠷ ᠲᠠᠮᠵᠢᠭᠤᠯᠤᠨ᠂ ᠦᠬᠡᠷᠡᠴᠢᠯᠡᠯᠳᠡ ᠶᠢᠨ ᠵᠤᠷᠢᠭ ᠰᠨᠠᠠᠭ᠎ᠠ ᠪᠠ ᠲᠦᠷᠦ ᠶᠢᠨ ᠪᠤᠳᠤᠯᠭ᠎ᠠ ᠶᠢᠨ  ᠱᠠᠭᠠᠷᠳᠠᠯᠭ᠎ᠠ ᠶᠢ ᠬᠦᠨᠵᠡᠬᠡᠢ ᠳᠠᠶᠢᠯᠪᠤᠷᠢᠯᠠᠵᠤ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ  ᠦᠬᠡᠷᠡᠴᠢᠯᠡᠯᠳᠡ ᠳᠤ ᠤᠷᠤᠯᠴᠠᠬᠤ ᠢᠳᠡᠪᠬᠢ ᠴᠢᠨᠠᠷ ᠪᠠ ᠰᠠᠨᠠᠭᠠᠴᠢᠯᠠᠭᠠᠳᠤ ᠴᠢᠨᠠᠷ ᠢ ᠬᠦᠢᠴᠡᠳ ᠳᠠᠶᠢᠴᠢᠯᠠᠨ᠎ᠡ᠃  ᠨᠠᠮ ᠵᠠᠰᠠᠭ ᠤᠨ ᠤᠳᠤᠷᠢᠳᠤᠯᠭ᠎ᠠ᠂ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠳᠤᠬᠠᠢᠢᠯᠠᠭᠰᠠᠨ ᠠᠵᠢᠯ ᠤᠨ  ᠭᠤᠤᠯᠯᠠᠬᠤ ᠴᠢᠳᠠᠪᠤᠷᠢᠳᠠᠨ ᠤ ᠪᠤᠯᠪᠠᠰᠤᠷᠠᠯ ᠤᠨ ᠠᠵᠢᠯ ᠢ ᠰᠠᠶᠢᠳᠤᠷ ᠠᠳᠬᠤᠵᠤ᠂ ᠲᠦᠪ ᠤᠨ ᠲᠦᠷᠦ ᠶᠢᠨ  ᠪᠤᠳᠤᠯᠭ᠎ᠠ ᠶᠢᠨ ᠵᠤᠷᠢᠭ ᠰᠠᠨᠠᠭ᠎ᠠ ᠶᠢ ᠵᠦᠪ ᠤᠨᠤᠪᠴᠢᠳᠠᠢ ᠤᠢᠢᠯᠠᠭᠠᠨ ᠡᠵᠡᠮᠰᠢᠬᠦ ᠶᠢ ᠪᠠᠳᠤᠯᠠᠵᠤ᠂ ᠮᠠᠯᠵᠢᠬᠤ  ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢᠨ ᠠᠵᠢᠯ ᠢ  ᠪᠤᠳᠠᠳᠠᠢ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃      ︵ᠬᠤᠷᠢᠨ ᠬᠤᠶᠠᠷ︶ ᠨᠡᠶᠢᠬᠡᠮ ᠤᠨ ᠳᠤᠭᠳᠠᠭᠤᠨ ᠢ ᠬᠠᠮᠠᠭᠠᠯᠠᠨ᠎ᠠ᠃ ᠮᠠᠯᠵᠢᠬᠤ ᠳᠠᠷᠢᠶᠠᠯᠠᠬᠤ ᠤᠷᠤᠨ ᠤ  ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠨᠢ ᠬᠤᠯᠪᠤᠭᠳᠠᠬᠤ ᠬᠡᠪᠴᠢᠶ᠎ᠠ ᠨᠢ ᠦᠷᠬᠡᠨ᠂  ᠲᠦᠷᠦ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ᠂ ᠰᠡᠷᠬᠡᠭ ᠴᠢᠨᠠᠷ ᠢᠶᠠᠷ ᠦᠨᠳᠦᠷ ᠪᠠᠶᠢᠵᠤ ᠵᠤᠬᠢᠰᠳᠠᠢ  ᠰᠢᠢᠳᠪᠦᠷᠢᠯᠡᠬᠦ ᠦᠬᠡᠢ ᠪᠤᠯ ᠳᠤᠭᠳᠠᠭᠤᠨ ᠪᠤᠰᠤ ᠡᠯᠧᠮᠧᠨ᠋ᠲ ᠢ ᠡᠬᠦᠰᠬᠡᠵᠤ ᠮᠡᠳᠡᠨ᠎ᠡ᠃ ᠡᠯ᠎ᠠ ᠭᠠᠵᠠᠷ ᠤᠷᠤᠨ ᠤ ᠬᠢᠨ  ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠷᠠᠭᠤᠯᠵᠤ᠂ ᠬᠠᠷᠢᠶ᠎ᠠ ᠭᠠᠵᠠᠷ ᠤᠷᠤᠨ ᠤ ᠬᠠᠮᠢᠶᠠᠷᠤᠯᠳᠠ ᠶᠢᠨ  ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠰᠠᠭᠤᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂  ᠵᠦᠷᠢᠴᠡᠯ ᠵᠢᠭᠤᠷᠠᠭᠠᠨ ᠢ ᠴᠠᠬ ᠲᠤᠬᠠᠢ ᠳᠤᠨᠢ ᠪᠠᠶᠢᠴᠠᠭᠠᠨ ᠢᠯᠡᠷᠡᠬᠦᠯᠵᠤ ᠰᠢᠢᠳᠪᠦᠷᠢᠯᠡᠨ ᠨᠠᠮᠳᠠᠭᠠᠵᠤ᠂ ᠮᠠᠯᠵᠢᠬᠤ  ᠳᠠᠷᠢᠶᠠᠯᠠᠬᠤ ᠤᠷᠤᠨ ᠤ ᠨᠡᠶᠢᠬᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠪᠠᠳᠤᠯᠠᠬᠤ ᠬᠡᠷᠡᠭᠳᠡᠢ᠃  ᠦᠬᠡᠷᠡᠴᠢᠯᠡᠯᠳᠡ ᠶᠢᠨ ᠳᠤᠮᠳᠠ ᠠᠷᠠᠳᠴᠢᠯᠠᠯ ᠤᠨ ᠪᠤᠰᠤ᠂ ᠢᠯᠡ ᠪᠤᠰᠤ᠂ ᠲᠤᠳᠤ ᠪᠤᠰᠤ᠂ ᠬᠤᠳᠠᠯ ᠬᠠᠭᠤᠷᠮᠠᠭ  ᠵᠡᠷᠬᠡ ᠠᠴᠠ ᠪᠤᠯᠵᠤ ᠤᠯᠠᠨ ᠲᠦᠮᠡᠨ ᠬᠠᠮᠳᠤᠪᠡᠷ ᠵᠠᠬᠢᠳᠠᠯ ᠰᠤᠷᠪᠤᠯᠵᠢᠯᠠᠭ᠎ᠠ ᠬᠢᠬᠦ ᠶᠠᠪᠤᠳᠠᠯ ᠡᠬᠦᠰᠬᠦ ᠵᠢᠴᠢ ᠬᠠᠮᠢᠶ᠎ᠠ  ᠪᠦᠬᠦᠢ ᠰᠠᠯᠠᠭ᠎ᠠ ᠮᠦᠴᠢᠷ ᠨᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠳᠡᠭᠡᠨ  ᠳᠤᠰᠢᠶᠠᠯ ᠳᠠᠭᠠᠨ ᠤᠰᠤᠯᠳᠠᠬᠤ᠂ ᠬᠠᠷᠢᠭᠤᠴᠠᠯᠭ᠎ᠠ ᠪᠠᠨ ᠠᠯᠳᠠᠬᠤ᠂ ᠤᠴᠢᠷ ᠶᠠᠪᠤᠳᠠᠯ ᠬᠢᠬᠦ ᠦᠬᠡᠢ ᠵᠡᠷᠬᠡ  ᠠᠰᠠᠭᠤᠳᠠᠯ ᠳᠤ ᠴᠢᠭᠯᠡᠬᠦᠯᠦᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃  
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号