ᠥᠪᠥᠷ ᠮᠣᠩᠭᠤᠯ᠄ ᠪᠠᠭ᠎ᠠ ᠰᠤᠷᠭᠠᠭᠤᠯᠢ ᠶᠢᠨ ᠰᠤᠷᠤᠭᠴᠢ 8 ᠴᠠᠭ ᠠᠴᠠ ᠡᠷᠲᠡ ᠰᠤᠷᠭᠠᠭᠤᠯᠢ ᠳᠠᠭᠠᠨ  ᠬᠦᠷᠴᠦ ᠪᠣᠯᠬᠤ ᠦᠭᠡᠢ
ᠨᠡᠶᠢᠲᠡᠯᠡᠭᠰᠡᠨ ᠴᠠᠭ᠄
2018-07-09
     ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠶᠢᠯᠠᠭᠠᠭᠰᠠᠨ ᠢᠶᠠᠷ᠂  ᠦᠨᠦᠳᠦᠷ ᠠᠴᠠ ᠡᠬᠢᠯᠡᠨ ᠪᠦᠬᠦ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ  ᠬᠦᠷᠬᠦ ᠴᠠᠭ ᠢ ᠪᠠᠭ᠎ᠠ ᠰᠤᠷᠭᠠᠭᠤᠯᠢ 8᠄ 00 ᠴᠠᠭ ᠠᠴᠠ ᠡᠷᠳᠡ ᠪᠠᠶᠢᠵᠤ ᠪᠤᠯᠬᠤ ᠦᠬᠡᠢ᠂ ᠠᠩᠬ᠎ᠠ ᠳᠤᠮᠳᠠᠳᠤ 7 ᠄  50 ᠮᠢᠨᠦ᠋ᠲ ᠠᠴᠠ ᠡᠷᠳᠡ ᠪᠠᠶᠢᠵᠤ ᠪᠤᠯᠬᠤ ᠦᠬᠡᠢ᠂ ᠦᠨᠳᠦᠷ ᠳᠤᠮᠳᠠᠳᠤ 7᠄ 30 ᠮᠢᠨᠦ᠋ᠲ ᠠᠴᠠ ᠡᠷᠳᠡ  ᠪᠠᠶᠢᠵᠤ ᠪᠤᠯᠬᠤ ᠦᠬᠡᠢ ᠬᠡᠵᠦ ᠳᠤᠬᠢᠷᠠᠭᠤᠯᠤᠯᠳᠠ ᠬᠢᠪᠡ᠃ ᠬᠦᠢᠳᠡᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ  ᠤᠯᠠᠷᠢᠯ ᠤᠨ ᠪᠠᠶᠢᠳᠠᠯ᠂ ᠠᠭᠤᠷ ᠠᠮᠢᠰᠬᠤᠯ ᠤᠨ ᠬᠤᠪᠢᠷᠠᠯᠳᠠ ᠶᠢ ᠦᠨᠳᠦᠰᠦᠯᠡᠵᠦ᠂ ᠰᠤᠷᠭᠠᠭᠤᠯᠢ ᠳᠤ ᠬᠦᠷᠬᠦ ᠪᠠ  ᠪᠤᠴᠠᠬᠤ ᠴᠠᠭ ᠢ ᠵᠤᠬᠢᠰᠳᠠᠢ ᠳᠤᠬᠢᠷᠠᠭᠤᠯᠵᠦ ᠪᠤᠯᠤᠨ᠎ᠠ᠃        ᠮᠠᠨ ᠤ ᠤᠷᠤᠨ ᠰᠤᠷᠤᠭᠴᠢ ᠶᠢᠨ ᠰᠤᠷᠭᠠᠭᠤᠯᠢ ᠳᠤ ᠪᠠᠶᠢᠬᠤ ᠴᠠᠭ ᠲᠤ ᠴᠦ ᠳᠤᠳᠤᠷᠬᠠᠢ ᠳᠤᠭᠳᠠᠭᠠᠯ  ᠭᠠᠷᠭᠠᠪᠠ᠃ ᠬᠡᠷ ᠠᠴᠠ ᠪᠠᠨ ᠶᠠᠪᠣᠵᠤ ᠰᠤᠷᠤᠯᠴᠠᠵᠤ ᠪᠠᠶᠢᠬᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ  ᠰᠤᠷᠭᠠᠭᠤᠯᠢ ᠳᠤ ᠲᠦᠪᠯᠡᠷᠡᠬᠦᠯᠦᠨ ᠰᠤᠷᠤᠯᠴᠠᠬᠤ ᠴᠠᠭ ᠢ 6 ᠴᠠᠭ ᠠᠴᠠ ᠬᠡᠳᠦᠷᠡᠬᠦᠯᠵᠦ ᠪᠤᠯᠬᠤ ᠦᠬᠡᠢ᠂ ᠠᠩᠬ᠎ᠠ  ᠳᠤᠮᠳᠠᠳᠤ ᠶᠢᠨ ᠬᠢ ᠶᠢ 7 ᠴᠠᠭ ᠠᠴᠠ ᠬᠡᠳᠦᠷᠡᠬᠦᠯᠵᠦ ᠪᠤᠯᠬᠤ ᠦᠬᠡᠢ᠂ ᠦᠨᠳᠦᠷ ᠳᠤᠮᠳᠠᠳᠤ ᠶᠢᠨ ᠬᠢ ᠶᠢ 8  ᠴᠠᠭ ᠠᠴᠠ ᠬᠡᠳᠦᠷᠡᠬᠦᠯᠵᠦ ᠪᠤᠯᠬᠤ ᠦᠬᠡᠢ᠃ ᠦᠳᠡ ᠶᠢᠨ ᠬᠤᠶᠢᠨ᠎ᠠ ᠰᠤᠷᠭᠠᠭᠤᠯᠢ ᠲᠠᠷᠬᠠᠬᠤ ᠴᠠᠭ ᠢ ᠪᠠᠭ᠎ᠠ  ᠰᠤᠷᠭᠠᠭᠤᠯᠢ ᠶᠢᠨ ᠰᠤᠷᠤᠭᠴᠢ 17᠄ 30᠂ ᠠᠩᠬ᠎ᠠ ᠳᠤᠮᠳᠠᠳᠤ ᠶᠢᠨ ᠰᠤᠷᠤᠭᠴᠢ 18᠄ 00᠂ ᠦᠨᠳᠦᠷ  ᠳᠤᠮᠳᠠᠳᠤ ᠶᠢᠨ ᠰᠤᠷᠤᠭᠴᠢ 18᠄ 30᠎ ᠠᠴᠠ ᠤᠷᠤᠢ ᠪᠠᠶᠢᠵᠤ ᠪᠤᠯᠬᠤ ᠦᠬᠡᠢ᠃ ᠬᠡᠷ ᠠᠴᠠ ᠪᠠᠨ ᠶᠠᠪᠤᠵᠤ  ᠰᠤᠷᠤᠯᠴᠠᠵᠤ ᠪᠠᠶᠢᠬᠤ ᠰᠤᠷᠤᠭᠴᠢ ᠶᠢ ᠤᠷᠤᠢ ᠶᠢᠨ ᠳᠠᠪᠳᠠᠯᠭ᠎ᠠ ᠤᠷᠤᠭᠤᠯᠬᠤ ᠶᠢ ᠳᠠᠰᠤ ᠬᠤᠷᠢᠬᠯᠠᠨ᠎ᠠ᠃  ᠰᠤᠷᠭᠠᠭᠤᠯᠢ ᠳᠤ ᠬᠦᠷᠬᠦ ᠳᠤᠭᠳᠠᠭᠰᠠᠨ ᠴᠠᠭ ᠠᠴᠠ ᠡᠮᠦᠨ᠎ᠡ᠂ ᠪᠠᠶᠢᠷᠢ ᠳᠤ ᠰᠠᠭᠤᠭ᠎ᠠ ᠰᠤᠷᠤᠭᠴᠢ ᠶᠢ ᠵᠤᠬᠢᠶᠠᠨ  ᠪᠠᠶᠢᠭᠤᠯᠤᠨ ᠬᠢᠴᠢᠶᠡᠯ ᠤᠷᠤᠵᠤ ᠪᠣᠯᠬᠤ ᠦᠭᠡᠢ᠃        ᠱᠠᠭᠠᠷᠳᠠᠯᠭ᠎ᠠ ᠶᠤᠰᠤᠭᠠᠷ᠂ ᠪᠦᠬᠦ ᠤᠷᠤᠨ ᠤ ᠡᠯ᠎ᠠ ᠭᠠᠵᠠᠷ ᠤᠨ ᠰᠤᠷᠭᠠᠨ ᠬᠦᠮᠦᠵᠢᠯ ᠤᠨ ᠵᠠᠰᠠᠭ  ᠵᠠᠬᠢᠷᠭᠠᠨ ᠤ ᠰᠠᠯᠠᠭ᠎ᠠ ᠮᠦᠴᠢᠷ ᠤᠨ ᠬᠠᠷᠢᠶᠠᠨ ᠳᠠᠬᠢ ᠳᠤᠮᠳᠠᠳᠤ ᠪᠠᠭ᠎ᠠ ᠰᠤᠷᠭᠠᠭᠤᠯᠢ ︵ᠠᠷᠠᠳ ᠠᠴᠠ ᠡᠷᠬᠢᠯᠡᠭᠰᠡᠨ  ᠰᠤᠷᠭᠠᠭᠤᠯᠢ ᠶᠢ ᠪᠠᠭᠳᠠᠭᠠᠨ᠎ᠠ︶᠎ ᠶᠢ ᠨᠢᠬᠡᠳᠦᠯᠳᠡᠢ ᠵᠢᠯᠤᠭᠤᠳᠴᠤ ᠠᠵᠢᠯᠯᠠᠵᠤ ᠠᠮᠠᠷᠠᠬᠤ ᠴᠠᠭ ᠲᠤ ᠳᠤᠬᠢᠷᠠᠭᠤᠯᠤᠯᠳᠠ  ᠬᠢᠬᠦ ᠠᠵᠢᠯ ᠤᠨ ᠲᠦᠰᠦᠯ ᠭᠠᠷᠭᠠᠵᠤ᠂ ᠡᠯ᠎ᠠ ᠰᠤᠷᠭᠠᠭᠤᠯᠢ ᠠᠵᠢᠯᠯᠠᠵᠤ ᠠᠮᠠᠷᠠᠬᠤ ᠴᠠᠭ ᠲᠠᠭᠠᠨ ᠳᠠᠬᠢᠨ  ᠳᠤᠬᠢᠷᠠᠭᠤᠯᠤᠯᠳᠠ ᠬᠢᠵᠦ᠂ ᠰᠤᠷᠭᠠᠭᠤᠯᠢ ᠪᠠ ᠬᠡᠷ ᠪᠦᠯᠢ ᠬᠠᠮᠳᠤᠷᠠᠯᠴᠠᠵᠤ᠂ ᠡᠳᠦᠷ ᠪᠦᠷᠢ ᠪᠠᠭ᠎ᠠ ᠰᠤᠷᠭᠠᠭᠤᠯᠢ ᠶᠢᠨ  ᠰᠤᠷᠤᠭᠴᠢ 10 ᠴᠠᠭ ᠤᠨᠳᠠᠬᠤ᠂ ᠠᠩᠬ᠎ᠠ ᠳᠤᠮᠳᠠᠳᠤ ᠶᠢᠨ ᠰᠤᠷᠤᠭᠴᠢ 9 ᠴᠠᠭ ᠤᠨᠳᠠᠬᠤ᠂ ᠦᠨᠳᠦᠷ  ᠳᠤᠮᠳᠠᠳᠤ ᠶᠢᠨ ᠰᠤᠷᠤᠭᠴᠢ 8 ᠴᠠᠭ ᠤᠨᠳᠠᠬᠤ ᠶᠢ ᠪᠠᠳᠤᠯᠠᠬᠤ ᠬᠡᠷᠡᠭᠳᠡᠢ᠃        ᠠᠵᠢᠯ ᠢ ᠳᠤᠤᠱᠳᠠᠢ ᠨᠠᠶᠢᠳᠠᠪᠤᠷᠢᠵᠢᠭᠤᠯᠬᠤ ᠶᠢᠨ ᠲᠦᠯᠦᠬᠡ᠂ ᠥᠪᠥᠷ ᠮᠣᠩᠭᠤᠯ ᠲᠦᠷᠢᠮ  ᠳᠤᠭᠳᠠᠭᠠᠯ ᠠᠴᠠ ᠵᠦᠷᠢᠴᠡᠭᠰᠡᠨ ᠰᠤᠷᠭᠠᠭᠤᠯᠢ ᠪᠠ ᠬᠠᠮᠢᠶ᠎ᠠ ᠪᠦᠬᠦᠢ ᠬᠠᠷᠢᠭᠤᠴᠠᠯᠭᠠᠳᠠᠨ ᠢ ᠪᠠᠶᠢᠴᠠᠭᠠᠨ ᠭᠠᠷᠭᠠᠬᠤ  ᠡᠷᠴᠢᠮ ᠢᠶᠠᠨ ᠴᠢᠩᠭᠠᠷᠠᠭᠤᠯᠬᠤ ᠪᠤᠯᠤᠨ᠎ᠠ᠃ ᠱᠠᠭᠠᠷᠳᠠᠯᠭ᠎ᠠ ᠪᠠᠷ ᠪᠤᠯ᠂ ᠡᠯ᠎ᠠ ᠳᠤᠮᠳᠠᠳᠤ ᠪᠠᠭ᠎ᠠ ᠰᠤᠷᠭᠠᠭᠤᠯᠢ ᠶᠢᠨ  ᠵᠠᠬᠢᠷᠤᠯ ᠨᠢᠬᠡᠳᠦᠬᠡᠷ ᠬᠠᠷᠢᠭᠤᠴᠠᠯᠭᠠᠳᠠᠨ ᠮᠦᠨ᠂ ᠰᠤᠷᠭᠠᠭᠤᠯᠢ ᠳᠤ ᠣᠴᠢᠬᠤ ᠴᠠᠭ ᠢ ᠬᠡᠷᠡᠭᠵᠢᠬᠦᠯᠬᠦ ᠦᠬᠡᠢ ᠪᠤᠶᠤ  ᠬᠡᠯᠪᠡᠷᠢ ᠶᠢ ᠨᠢ ᠬᠤᠪᠢᠷᠠᠭᠤᠯᠤᠨ ᠬᠡᠷᠡᠭᠵᠢᠭᠦᠯᠬᠦ᠂ ᠰᠤᠷᠤᠭᠴᠢᠳ ᠢ ᠰᠤᠷᠭᠠᠭᠤᠯᠢ ᠳᠤ ᠡᠷᠲᠡ ᠣᠴᠢᠭᠤᠯᠬᠤ ᠪᠠᠷ  ᠱᠠᠭᠠᠷᠳᠠᠭᠰᠠᠨ ᠰᠤᠷᠭᠠᠭᠤᠯᠢ ᠶᠢᠨ ᠭᠤᠣᠯ ᠬᠠᠷᠢᠭᠤᠴᠠᠯᠭᠠᠳᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠠ  ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠳᠤᠬᠢᠷᠠᠭᠤᠯᠤᠯᠳᠠ ᠬᠢᠭᠰᠡᠨ ᠤ  ᠳᠠᠷᠠᠭᠠᠬᠢ ᠰᠤᠷᠤᠭᠴᠢᠳ ᠤᠨ ᠰᠤᠷᠭᠠᠭᠤᠯᠢ ᠳᠤ ᠬᠦᠷᠬᠦ ᠴᠠᠭ ᠲᠤ ᠬᠢᠨᠠᠯᠳᠠ ᠳᠠᠯᠪᠢᠬᠤ ᠪᠠᠨ ᠴᠢᠩᠭᠠᠳᠬᠠᠬᠤ ᠬᠡᠷᠡᠭᠳᠡᠢ  ᠃ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠴᠤ ᠰᠢᠮᠳᠠᠭᠤᠯᠤᠨ ᠪᠠᠶᠢᠴᠠᠭᠠᠬᠤ  ᠳᠤᠭᠤᠶᠢᠯᠠᠩ ᠪᠠᠶᠢᠭᠤᠯᠵᠤ᠂ ᠡᠯ᠎ᠠ ᠭᠠᠵᠠᠷ ᠤᠨ ᠰᠤᠷᠤᠭᠴᠢᠳ ᠤᠨ ᠰᠤᠷᠭᠠᠭᠤᠯᠢ ᠳᠤ ᠬᠦᠷᠴᠦ ᠪᠠᠶᠢᠬᠤ ᠴᠠᠭ ᠢ  ᠳᠤᠭᠤᠷᠢᠨ ᠪᠠᠶᠢᠴᠠᠭᠠᠵᠤ᠂ ᠬᠢᠨᠠᠯᠲᠠ ᠬᠠᠮᠢᠶᠠᠷᠤᠯᠳᠠ ᠪᠠᠷ ᠬᠦᠷᠦᠯᠴᠡᠬᠦ ᠦᠬᠡᠢ ᠰᠤᠷᠭᠠᠨ ᠬᠦᠮᠦᠵᠢᠯ ᠤᠨ ᠵᠠᠰᠠᠭ  ᠵᠠᠬᠢᠷᠭᠠᠨ ᠤ ᠰᠠᠯᠠᠭ᠎ᠠ ᠮᠦᠴᠢᠷ ᠤᠨ ᠤᠳᠤᠷᠢᠳᠤᠯᠭ᠎ᠠ ᠲᠠᠢ ᠪᠤᠯᠵᠤᠨ ᠶᠠᠷᠢᠯᠴᠠᠬᠤ ᠪᠦᠭᠡᠳ ᠬᠠᠮᠢᠶ᠎ᠠ ᠪᠦᠬᠦᠢ  ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号