ᠮᠠᠨ ᠤ ᠤᠷᠤᠨ ᠤ ᠲᠠᠷᠢᠶᠠᠨ ᠭᠠᠵᠠᠷ ᠢ ᠬᠠᠮᠠᠭᠠᠯᠠᠬᠤ ᠰᠠᠭᠤᠷᠢ ᠤᠯᠠᠮ ᠨᠢᠭᠡ ᠠᠯᠬᠤᠮ ᠪᠠᠳᠤᠵᠢᠪᠠ
ᠨᠡᠶᠢᠲᠡᠯᠡᠭᠰᠡᠨ ᠴᠠᠭ᠄
2018-07-09
     ᠰᠤᠷᠪᠤᠯᠵᠢᠯᠠᠭᠴᠢ ᠪᠦᠬᠦ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠡᠯᠪᠡᠷᠢ ᠪᠠᠨ  ᠬᠤᠪᠢᠷᠠᠭᠤᠯᠤᠨ ᠬᠦᠭᠵᠢᠭᠦᠯᠬᠦ ᠪᠠ ᠤᠷᠴᠢᠨ ᠲᠣᠭᠤᠷᠢᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠠᠴᠠ  ᠣᠶᠢᠯᠠᠭᠠᠭᠰᠠᠨ ᠢᠶᠠᠷ᠂ ᠮᠠᠨ ᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠰᠠᠭᠤᠷᠢ ᠤᠯᠠᠮ ᠨᠢᠭᠡ ᠠᠯᠬᠤᠮ  ᠪᠠᠳᠤᠵᠢᠵᠤ᠂ ᠨᠢᠳᠤᠨᠤᠨ ᠵᠢᠯ ᠪᠦᠬᠦ ᠣᠷᠣᠨ ᠪᠦᠰᠡ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠡᠶᠢᠳᠡ  9330 ᠲᠦᠮᠡᠨ ᠮᠦ ᠵᠢᠷᠤᠵᠤ ᠲᠤᠭᠳᠠᠭᠠᠨ᠂ ᠤᠯᠤᠰ ᠤᠨ ᠪᠠᠭᠤᠯᠭᠠᠭᠰᠠᠨ ᠡᠭᠦᠷᠭᠡ ᠶᠢ 30 ᠲᠦᠮᠡᠨ ᠮᠦ  ᠳᠠᠪᠠᠭᠤᠯᠵᠠᠢ᠃      ᠨᠢᠳᠤᠨᠤᠨ᠂ ᠦᠨᠳᠦᠷ ᠪᠠᠷᠢᠮᠵᠢᠶᠠᠳᠤ ᠦᠨᠳᠦᠰᠦᠨ ᠲᠠᠷᠢᠶᠠᠨ ᠭᠠᠵᠠᠷ ᠤᠨ ᠪᠠᠶᠢᠭᠤᠯᠤᠯᠲᠠ ᠶᠢ 307 ᠲᠦᠮᠡᠨ  ᠮᠦ ᠪᠡᠶᠡᠯᠡᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠪᠤᠯᠤᠨ ᠠᠮᠢ ᠠᠬᠤᠢ ︽ᠭᠤᠷᠪᠠ ᠶᠢ  ᠨᠢᠭᠡ ᠴᠤᠭᠴᠠᠵᠢᠭᠤᠯᠬᠤ︾  ᠬᠠᠮᠠᠭᠠᠯᠠᠯᠲᠠ ᠶᠢ ᠠᠬᠢᠭᠤᠯᠵᠠᠢ᠃ 70.47 ᠲᠦᠮᠡᠨ ᠮᠦ ᠭᠠᠵᠠᠷ ᠲᠤ PPP  ᠲᠦᠷᠦᠯ ᠵᠦᠢᠯ ᠢ ᠬᠡᠷᠡᠭᠵᠢᠭᠦᠯᠵᠦ᠂ ᠨᠡᠶᠢᠭᠡᠮ ᠤᠨ ᠪᠡᠯᠡ ᠣᠷᠣᠭᠤᠯᠣᠯᠲᠠ ᠶᠢ 4.2 ᠳ᠋ᠦᠩᠰᠢᠭᠤᠷ ᠲᠦᠭᠦᠷᠢᠭ  ᠲᠠᠶᠢᠴᠢᠯᠠᠵᠠᠢ᠃      ᠡᠨᠡ ᠵᠢᠯ ᠮᠠᠨ ᠤ ᠣᠷᠣᠨ ᠬᠠᠮᠤᠭ ᠤᠨ ᠴᠢᠩᠭ᠎ᠠ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ  ᠦᠷᠭᠦᠯᠵᠢᠯᠡᠨ ᠪᠠᠷᠢᠮᠳᠠᠯᠠᠵᠤ᠂ ᠬᠠᠮᠢᠶᠠᠷᠤᠨ ᠡᠵᠡᠮᠳᠡᠬᠦ ᠴᠢᠨᠠᠷᠳᠠᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠴᠢᠨᠠᠷᠳᠠᠢ  ᠬᠠᠮᠠᠭᠠᠯᠠᠬᠤ ᠶᠢ ᠪᠠᠷᠢᠮᠳᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ ᠤᠨ ᠬᠢᠵᠠᠭᠠᠷᠯᠠᠯ ᠪᠠ ᠲᠠᠷᠢᠶᠠᠨ  ᠭᠠᠵᠠᠷ ᠢ ᠬᠠᠮᠠᠭᠠᠯᠠᠬᠤ ᠬᠠᠷᠠᠯᠳᠠᠳᠤ ᠬᠢᠨᠡᠨ ᠰᠢᠯᠭᠠᠯᠲᠠ ᠶᠢ ᠴᠢᠩᠭᠠᠳᠬᠠᠨ᠂ ᠵᠠᠰᠠᠭ ᠤᠨ ᠣᠷᠳᠤᠨ ᠤ ᠭᠤᠣᠯ  ᠴᠤᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ  ᠬᠠᠷᠢᠭᠤᠴᠠᠯᠭ᠎ᠠ ᠶᠢ  ᠪᠤᠳᠠᠳᠠᠶᠢᠵᠢᠭᠤᠯᠵᠤ᠂ ᠤᠯᠤᠰ ᠤᠨ ᠵᠢᠷᠤᠵᠤ ᠲᠤᠭᠳᠠᠭᠠᠭᠰᠠᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ  ᠲᠠᠯᠠᠪᠠᠢ ᠶᠢ ᠦᠨᠡᠨᠬᠦ ᠬᠠᠷᠠᠵᠤ ᠬᠠᠮᠠᠭᠠᠯᠠᠬᠤ ᠶᠢ ᠪᠠᠳᠤᠯᠠᠨ᠎ᠠ᠃                    
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号