ᠰᠤᠷᠭᠠᠨ ᠬᠦᠮᠦᠵᠢᠯ ᠪᠠ ᠰᠤᠶᠤᠯ ᠤᠨ ᠳᠡᠮᠵᠢᠯᠭᠡ ᠶᠢᠨ ᠳᠤᠬᠠᠢ ︽ᠦᠨᠳᠦᠰᠦᠲᠡᠨ ᠤ ᠤᠷᠤᠨ ᠤ  ᠦᠪᠡᠷᠲᠡᠭᠡᠨ ᠵᠠᠰᠠᠬᠤ ᠬᠠᠤᠯᠢ︾᠎ ᠳᠤ ᠶᠠᠭᠤ ᠭᠡᠵᠤ ᠲᠤᠭᠲᠠᠭᠠᠭᠰᠠᠨ ᠪᠤᠢ︖
ᠨᠡᠶᠢᠲᠡᠯᠡᠭᠰᠡᠨ ᠴᠠᠭ᠄
2018-07-09
     ︽ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ︾᠎ ᠳᠤ᠂ ᠦᠨᠳᠦᠰᠦᠲᠡᠨ ᠤ ᠦᠪᠡᠷᠲᠡᠭᠡᠨ  ᠵᠠᠰᠠᠬᠤ ᠭᠠᠵᠠᠷ ᠤᠷᠤᠨ ᠪᠠᠶᠢᠷᠢ ᠳᠤ ᠰᠠᠭᠤᠬᠤ ᠪᠠᠷ ᠭᠤᠤᠯ ᠪᠤᠯᠭᠠᠭᠰᠠᠨ ᠪᠠ ᠲᠡᠳᠭᠦᠮᠵᠢ ᠶᠢᠨ ᠮᠦᠡᠭᠭᠦ ᠪᠠᠷ ᠭᠤᠤᠯ  ᠪᠤᠯᠭᠠᠭᠰᠠᠨ ᠠᠯᠪᠠᠨ ᠠᠴᠠ ᠡᠷᠬᠢᠯᠡᠭᠰᠡᠨ ᠦᠨᠳᠦᠰᠦᠲᠡᠨ ᠤ ᠪᠠᠭ᠎ᠠ ᠰᠤᠷᠭᠠᠭᠤᠯᠢ ᠪᠠ ᠦᠨᠳᠦᠰᠦᠲᠡᠨ ᠤ ᠳᠤᠮᠳᠠᠳᠤ  ᠰᠤᠷᠭᠠᠭᠤᠯᠢ ᠶᠢ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠯᠭ᠎ᠠ ᠶᠢ  ᠰᠤᠷᠤᠯᠴᠠᠵᠤ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠡᠷᠬᠢᠯᠡᠬᠦ ᠵᠠᠷᠤᠳᠠᠯ ᠮᠦᠡᠭᠭᠦ ᠪᠠ  ᠲᠡᠳᠬᠦᠮᠵᠢ ᠶᠢᠨ ᠮᠦᠡᠭᠭᠦ ᠶᠢ ᠲᠤᠬᠠᠢ ᠶᠢᠨ ᠭᠠᠵᠠᠷ ᠤᠨ ᠡᠳ᠋ ᠶᠢᠨ ᠵᠠᠰᠠᠭ ᠠᠴᠠ ᠰᠢᠢᠳᠪᠦᠷᠢᠯᠡᠨ᠂ ᠲᠤᠬᠠᠢ ᠶᠢᠨ  ᠭᠠᠵᠠᠷ ᠤᠨ ᠡᠳ᠋ ᠶᠢᠨ ᠵᠠᠰᠠᠭ ᠬᠦᠴᠢᠷᠲᠡᠢ ᠪᠤᠯ ᠳᠡᠭᠡᠳᠤ ᠱᠠᠲᠤᠨ ᠤ ᠡᠳ᠋ ᠶᠢᠨ ᠵᠠᠰᠠᠭ ᠠᠴᠠ ᠨᠦᠬᠦᠪᠦᠷᠢ ᠤᠯᠭᠤᠬᠤ  ᠬᠡᠷᠡᠭᠲᠡᠢ᠃ ᠴᠦᠭᠡᠨ ᠲᠤᠭᠠᠲᠤ ᠦᠨᠳᠦᠰᠦᠲᠡᠨ ᠤ ᠰᠤᠷᠤᠭᠴᠢ ᠪᠠᠷ ᠭᠤᠤᠯ ᠪᠤᠯᠭᠠᠭᠰᠠᠨ ᠰᠤᠷᠭᠠᠭᠤᠯᠢ ᠳᠤ ᠬᠤᠤᠰ  ᠬᠡᠯᠡᠨ ᠤ ᠵᠢᠭᠠᠨ ᠰᠤᠷᠭᠠᠯᠲᠠ ᠶᠠᠪᠤᠭᠤᠯᠵᠤ᠂ ᠡᠯ᠎ᠠ ᠱᠠᠲᠤᠨ ᠤ ᠵᠠᠰᠠᠭ ᠤᠨ ᠤᠷᠳᠤᠨ ᠴᠦᠭᠡᠨ ᠲᠤᠭᠠᠲᠤ  ᠦᠨᠳᠦᠰᠦᠲᠡᠨ ᠤ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠤᠨ ᠨᠠᠶᠢᠷᠠᠭᠤᠯᠬᠤ ᠪᠠ ᠬᠡᠪᠯᠡᠬᠦ ᠠᠵᠢᠯ ᠳᠤ ᠳᠡᠮᠵᠢᠯᠭᠡ  ᠦᠵᠡᠭᠦᠯᠬᠦ ᠬᠡᠷᠡᠭᠲᠡᠢ᠃ ᠶᠡᠭᠡ ᠳᠡᠭᠡᠳᠤ ᠰᠤᠷᠭᠠᠭᠤᠯᠢ ᠪᠤᠯᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ  ᠰᠤᠷᠭᠠᠭᠤᠯᠢ ᠰᠤᠷᠤᠭᠴᠢ ᠡᠯᠰᠡᠬᠦ ᠪᠠᠷᠢᠮᠵᠢᠶ᠎ᠠ ᠪᠠ ᠨᠦᠬᠦᠴᠡᠯ ᠳᠡᠭᠡᠨ ᠴᠦᠭᠡᠨ ᠲᠤᠭᠠᠳᠤ ᠦᠨᠳᠦᠰᠦᠲᠡᠨ ᠤ ᠰᠤᠷᠤᠭᠴᠢ ᠳᠤ ᠬᠠᠷᠠᠭᠠᠯᠵᠠᠯ ᠦᠵᠡᠭᠦᠯᠵᠦ᠂ ᠬᠦᠮᠦᠨ ᠠᠮᠠ ᠪᠠᠷ ᠴᠦᠭᠡᠪᠲᠤᠷ ᠴᠦᠭᠡᠨ ᠲᠤᠭᠠᠲᠤ ᠦᠨᠳᠦᠰᠦᠲᠡᠨ ᠳᠤ  ᠤᠨᠴᠠᠭᠠᠢ ᠬᠠᠷᠠᠭᠠᠯᠵᠠᠯ ᠦᠵᠡᠭᠦᠯᠬᠦ ᠬᠡᠷᠡᠭᠲᠡᠢ᠃ ᠡᠯ᠎ᠠ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠯᠤᠨ  ᠰᠤᠷᠭᠠᠭᠤᠯᠢ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠠᠮᠢᠳᠤᠷᠠᠯ ᠬᠦᠴᠢᠷᠳᠡᠯᠲᠡᠢ ᠴᠦᠭᠡᠨ ᠲᠤᠭᠠᠲᠤ  ᠦᠨᠳᠦᠰᠦᠲᠡᠨ ᠤ ᠰᠤᠷᠤᠭᠴᠢ ᠶᠢᠨ ᠰᠤᠷᠤᠯᠭ᠎ᠠ ᠪᠠᠨ ᠲᠡᠭᠦᠰᠬᠡᠬᠦ ᠳᠤ ᠲᠤᠰᠠᠯᠠᠬᠤ ᠬᠡᠷᠡᠭᠲᠡᠢ᠃ ᠤᠯᠤᠰ ᠠᠴᠠ  ᠰᠤᠷᠭᠠᠨ ᠬᠦᠮᠦᠵᠢᠯ ᠤᠨ ᠲᠠᠯ᠎ᠠ ᠪᠠᠷ ᠬᠢ ᠪᠠᠯᠠ ᠤᠷᠤᠭᠤᠯᠤᠯᠲᠠ ᠪᠠᠨ ᠨᠡᠮᠡᠭᠳᠡᠭᠦᠯᠵᠤ᠂ ᠤᠨᠴᠠᠭᠠᠢ ᠠᠷᠭ᠎ᠠ ᠬᠡᠮᠵᠢᠶ᠎ᠡ  ᠠᠪᠴᠤ ᠶᠢᠰᠦᠨ ᠵᠢᠯ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠦᠭᠡᠮᠡᠯᠵᠢᠬᠦ ᠶᠢ ᠬᠠᠪᠰᠤᠷᠤᠨ  ᠲᠦᠷᠭᠡᠳᠬᠡᠵᠤ᠂ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠂ ᠬᠠᠨᠭ᠍ᠭᠠᠯᠲᠠ ᠲᠠᠢ ᠴᠠᠯᠢᠩ ᠬᠦᠯᠦᠰᠤ ᠤᠯᠭᠤᠬᠤ  ᠬᠡᠷᠡᠭᠲᠡᠢ᠃      ᠰᠤᠶᠤᠯ ᠤᠨ ᠠᠵᠢᠯ ᠦᠢᠯᠡᠰ ᠤᠨ ᠪᠠᠯᠡ ᠤᠷᠤᠭᠤᠯᠤᠯᠲᠠ ᠶᠢ ᠨᠡᠮᠡᠭᠳᠡᠭᠦᠯᠵᠤ᠂ ᠰᠤᠶᠤᠯ ᠤᠨ ᠰᠠᠭᠤᠷᠢ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠠ ᠲᠦᠷᠦᠯ ᠤᠨ ᠰᠤᠶᠤᠯ ᠤᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠵᠠᠯᠭᠠᠮᠵᠢᠯᠠᠨ  ᠬᠦᠭᠵᠢᠭᠦᠯᠬᠦ ᠬᠡᠷᠡᠭᠲᠡᠢ ᠭᠡᠵᠤ ᠲᠤᠭᠲᠠᠭᠠᠵᠠᠢ᠃
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号