| ᠭᠠᠷ ᠤᠳᠠᠰᠤ ᠨᠢ ᠬᠦᠮᠦᠰ ᠤᠨ ᠠᠮᠢᠳᠤᠷᠠᠯ ᠳᠤ ᠮᠠᠰᠢ ᠤᠯᠠᠨ ᠲᠦᠬᠦᠮ ᠨᠦᠬᠦᠴᠡᠯ ᠠᠪᠴᠢᠷᠠᠭᠰᠠᠨ ᠪᠤᠯᠪᠠᠴᠤ | ᠬᠤᠤᠷ ᠬᠦᠨᠦᠭᠡᠯ ᠨᠢ ᠴᠤ ᠪᠠᠭ᠎ᠠ ᠪᠤᠰᠤ᠃ ᠤᠢᠢᠷ᠎ᠠ ᠳᠤ᠂ ᠠᠩᠭ᠍ᠯᠢ ᠶᠢᠨ ᠨᠢᠶᠦ᠋ᠺᠢᠨ ᠶᠡᠭᠡ ᠰᠤᠷᠭᠠᠭᠤᠯᠢ ᠶᠢᠨ | ᠮᠡᠳᠡᠷᠡᠯ ᠤᠨ ᠲᠠᠰᠤᠭ ᠤᠨ ᠰᠤᠳᠤᠯᠭᠠᠳᠠᠳ ᠤᠨ ᠰᠡᠷᠡᠮᠵᠢᠯᠡᠬᠦᠯᠦᠭᠰᠡᠨ ᠢᠶᠠᠷ᠂ ᠭᠠᠷ ᠤᠳᠠᠰᠤ ᠦᠷᠬᠦᠯᠵᠢ ᠨᠠᠭᠠᠳᠪᠠᠯ | ᠬᠦᠮᠦᠨ ᠤ ᠳᠠᠷᠢᠬᠢ ᠬᠦᠳᠡᠯᠬᠦ ᠨᠢ ᠤᠳᠠᠭᠠᠯᠢᠭ ᠪᠤᠯᠤᠨ᠎ᠠ᠃ | ᠳᠤᠰᠬᠠᠢ ᠮᠡᠷᠭᠡᠵᠢᠯᠳᠡᠳ ᠤᠨ ᠦᠵᠡᠬᠦ ᠪᠠᠷ᠂ ᠲᠡᠭᠡᠳᠦ ᠲᠧᠭᠨᠤᠯᠤᠬᠢ ᠶᠢᠨ ᠪᠦᠳᠦᠬᠡᠭᠳᠡᠬᠦᠨ ᠢ ᠦᠷᠭᠡᠨ ᠢᠶᠠᠷ | ᠠᠰᠢᠭᠯᠠᠬᠤ ᠶᠢ ᠳᠠᠭᠠᠯᠳᠤᠨ᠂ ᠤᠳᠤ ᠦᠶ᠎ᠡ ᠶᠢᠨ ᠬᠢᠨ ᠤᠯᠠᠮ ᠠᠴᠠ ᠤᠯᠠᠮ ᠳᠤᠰᠠᠭᠠᠷ ᠢᠶᠠᠨ ᠠᠰᠠᠭᠤᠳᠠᠯ | ᠰᠢᠢᠳᠪᠦᠷᠢᠯᠡᠬᠦ ᠪᠠ ᠮᠡᠳᠡᠯᠭᠡ ᠬᠤᠷᠠᠮᠳᠤᠭᠤᠯᠬᠤ ᠭᠡᠷᠡᠭ ᠦᠭᠡᠢ ᠪᠤᠯᠤᠭᠰᠠᠨ᠂ ᠭᠠᠷ ᠤᠳᠠᠰᠤ ᠶᠡᠭᠡᠩᠭᠡᠢ ᠶᠢ ᠨᠢ | ᠬᠠᠮᠵᠢᠭᠠᠳ ᠰᠢᠢᠳᠪᠦᠷᠢᠯᠡᠴᠢᠭᠡᠨᠡ᠃ ᠶᠠᠬ ᠡᠶᠢᠮᠦ ᠠᠴᠠ᠂ ᠶᠡᠭᠡ ᠳᠠᠷᠢᠬᠢᠨ ᠤ ᠴᠢᠳᠠᠪᠬᠢ ︽ᠭᠡᠷᠡᠭᠯᠡᠪᠡᠯ ᠬᠦᠭᠵᠢᠵᠦ | ᠭᠡᠷᠡᠭᠯᠡᠬᠦ ᠦᠭᠡᠢ ᠪᠤᠯ ᠮᠠᠭᠤᠳᠠᠳᠠᠭ︾ ᠵᠠᠷᠴᠢᠮ ᠢᠶᠠᠷ ᠴᠡᠭᠡᠵᠢᠯᠡᠬᠦ ᠴᠢᠳᠠᠪᠤᠷᠢ ᠵᠡᠷᠭᠡ ᠴᠢᠳᠠᠪᠬᠢ ᠴᠦᠮ ᠮᠠᠭᠤᠳᠠᠬᠤ | ᠶᠤᠮ᠃ | ᠮᠡᠷᠭᠡᠵᠢᠯ ᠳᠤ ᠲᠦᠰᠢᠭᠯᠡᠨ ᠰᠤᠷᠠᠭ ᠵᠠᠩᠬᠢ ᠤᠯᠬᠤ ᠨᠢ ᠦᠵᠡᠬᠦ ᠳᠤ ᠬᠤᠬᠢᠷᠠᠯ ᠪᠤᠯᠬᠤ ᠦᠭᠡᠢ ᠪᠤᠯᠪᠠᠴᠤ | ᠦᠨᠡᠨᠳᠡᠭᠡᠨ ᠬᠦᠮᠦᠰ ᠤᠨ ᠡᠳᠦᠷ ᠳᠤᠳᠤᠮ ᠤᠨ ᠪᠤᠳᠤᠯᠢᠶᠠᠨᠳᠠᠢ ᠠᠰᠠᠭᠤᠳᠠᠯ ᠤᠨ ᠳᠤᠬᠠᠢ ᠤᠢᠢᠯᠠᠭᠠᠯᠳᠠ | ᠳᠠᠨᠢᠬᠤᠢ ᠶᠢ ᠬᠦᠨᠳᠦ ᠨᠤᠴᠢᠳᠠᠢ ᠨᠦᠯᠦᠭᠡᠯᠡᠵᠦ ᠪᠠᠶᠢᠳᠠᠭ ᠭᠡᠵᠦ ᠳᠤᠰᠬᠠᠢ ᠮᠡᠷᠭᠡᠵᠢᠯᠳᠡᠳ ᠵᠢᠭᠠᠵᠤ ᠭᠠᠷᠭᠠᠵᠠᠢ᠃ |