ᠬᠦᠮᠦᠨ ᠭᠡᠳᠦᠨ ᠴᠠᠭ ᠤᠨᠳᠠᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2018-07-09
     ᠬᠠᠪᠤᠷ ᠨᠤᠵᠤᠭᠤᠷᠠᠵᠤ ᠨᠠᠮᠤᠷ ᠶᠠᠳᠠᠷᠠᠬᠤ ᠦᠵᠡᠭᠳᠡᠯ ᠢ ᠮᠤᠩᠭᠤᠯ ᠡᠮᠨᠡᠯᠭᠡ ᠶᠢᠨ ᠬᠦᠮᠦᠨ ᠤ ᠪᠡᠶ᠎ᠡ ᠮᠠᠬᠠᠪᠤᠳ ᠢ ᠤᠷᠴᠢᠨ ᠠᠬᠤᠢ ᠴᠠᠭ ᠤᠯᠠᠷᠢᠯ ᠤᠨ ᠬᠤᠪᠢᠷᠠᠯᠳᠠ ᠲᠠᠢ ᠨᠢᠭᠡ ᠴᠤᠭᠴᠠᠵᠢᠭᠤᠯᠤᠨ ᠦᠵᠡᠳᠡᠭ ᠪᠦᠬᠦᠯᠢ ᠴᠤᠬᠴᠠ ᠶᠢᠨ ᠦᠵᠡᠯᠳᠡ ᠪᠠᠷ ᠳᠠᠶᠢᠯᠪᠤᠷᠢᠯᠠᠪᠠᠯ ᠵᠤᠬᠢᠬᠤ ᠪᠢᠵᠡ᠃ ᠭᠡᠪᠡᠴᠦ ᠪᠢᠳᠠ ᠳᠡᠭᠦᠨ ᠢ ᠵᠦᠪᠬᠡᠨ ᠨᠦᠢᠷ ᠳᠤᠳᠠᠭᠰᠠᠨ ᠢᠶᠠᠷ ᠪᠤᠳᠤᠨ ᠬᠦᠮᠦᠨ ᠴᠤᠬᠤᠮ ᠬᠡᠳᠦᠨ ᠴᠠᠭ ᠤᠨᠳᠠᠪᠠᠯ ᠵᠤᠬᠢᠬᠤ ᠪᠤᠢ ᠭᠡᠳᠡᠭ ᠢ ᠦᠵᠡᠶ᠎ᠡ᠃      ᠤᠢᠢᠷ᠎ᠠ ᠳᠤ᠂ ᠠᠮᠧᠷᠢᠺᠠ ᠶᠢᠨ ᠤᠯᠤᠰ ᠤᠨ ᠨᠦᠢᠷ ᠤᠨ ᠰᠠᠭᠤᠷᠢ ᠮᠦᠩᠭᠦᠨ ᠤ ᠨᠡᠶᠢᠭᠡᠮᠯᠢᠭ ᠤᠨ ᠰᠤᠳᠤᠯᠭᠠᠨ ᠤ ᠳᠤᠭᠤᠢᠢᠯᠠᠩ ᠤᠨ ᠬᠢᠨ 2 ᠵᠢᠯ ᠤᠨ ᠴᠠᠭ ᠭᠡᠷᠡᠭᠰᠡᠨ᠂ ᠬᠡᠦᠬᠡᠳ ᠤᠨ ᠰᠠᠯᠠᠭ᠎ᠠ᠂ ᠮᠡᠳᠡᠷᠡᠯ ᠤᠨ ᠰᠠᠯᠠᠭ᠎ᠠ᠂ ᠡᠮᠡᠭᠳᠡᠶᠢᠴᠤᠳ ᠤᠨ ᠰᠠᠯᠠᠭ᠎ᠠ᠂ ᠨᠠᠰᠤᠳᠠᠶᠢᠴᠤᠳ ᠤᠨ ᠰᠠᠯᠠᠭ᠎ᠠ ᠵᠡᠷᠭᠡ 18 ᠰᠠᠯᠠᠭᠠᠨ ᠤ ᠳᠤᠰᠬᠠᠢ ᠮᠡᠷᠭᠡᠵᠢᠯᠳᠠᠨ ᠬᠠᠮᠳᠤ ᠪᠠᠷ ᠰᠤᠳᠤᠯᠵᠤ ᠤᠯᠤᠭᠰᠠᠨ᠂ ᠡᠯ᠎ᠠ ᠨᠠᠰᠤᠨ ᠤ ᠬᠦᠮᠦᠨ ᠤ ᠴᠤᠬᠤᠮ ᠬᠡᠳᠦᠨ ᠴᠠᠭ ᠤᠨᠳᠠᠬᠤ ᠴᠢᠬᠤᠯᠠᠳᠠᠢ ᠭᠡᠳᠡᠭ ᠢ ᠨᠠᠷᠢᠪᠴᠢᠯᠠᠨ ᠳᠤᠳᠤᠯᠠᠭᠰᠠᠨ ᠳ᠋ᠦᠩ ᠢᠶᠠᠨ ᠨᠡᠶᠢᠳᠡᠯᠡᠵᠠᠢ᠃      ᠳᠤᠰ ᠰᠤᠳᠤᠯᠭᠠᠨ ᠳᠤ᠂ 3 ᠨᠠᠰᠤᠨ ᠠᠴᠠ ᠳᠤᠷᠤᠭᠰᠢᠬᠢ ᠨᠢᠯᠬᠠᠰ ᠡᠳᠦᠷ ᠲᠤ 14 — 17 ᠴᠠᠭ᠂ 4 — 11 ᠨᠠᠰᠤᠨ ᠤ ᠬᠡᠦᠬᠡᠳ 12 — 15 ᠴᠠᠭ ᠤᠨᠳᠠᠬᠤ ᠴᠢᠬᠤᠯᠠᠳᠠᠢ ᠪᠠᠶᠢᠵᠤ᠂ ᠡᠭᠦᠨ ᠳᠤ ᠤᠨᠴᠠᠭᠠᠢᠢᠯᠠᠨ ᠠᠩᠬᠠᠷᠤᠭᠤᠰᠢᠳᠠᠢ ᠨᠢ 1 — 2 ᠨᠠᠰᠤᠨ ᠤ ᠨᠢᠯᠬ᠎ᠠ ᠬᠡᠦᠬᠡᠳ ᠤᠨ ᠤᠨᠳᠠᠬᠤ ᠴᠠᠭ ᠢ 11 — 14 ᠴᠠᠭ ᠢᠶᠠᠷ ᠬᠢᠵᠠᠭᠠᠷᠯᠠᠬᠤ ᠭᠡᠷᠡᠭᠳᠡᠢ ᠭᠡᠰᠡᠨ ᠳ᠋ᠦᠩ ᠢ ᠤᠯᠤᠭᠰᠠᠨ ᠪᠠᠶᠢᠨ᠎ᠠ᠃ ᠨᠠᠰᠤ ᠵᠢᠯ ᠤᠨ ᠨᠡᠮᠡᠭᠳᠡᠬᠦ ᠶᠢ ᠳᠠᠭᠠᠯᠳᠤᠨ᠂ ᠬᠦᠮᠦᠨ ᠤ ᠪᠡᠶ᠎ᠡ ᠶᠢᠨ ᠭᠡᠷᠡᠭᠰᠡᠬᠦ ᠤᠨᠳᠠᠯᠭ᠎ᠠ ᠶᠢᠨ ᠴᠠᠭ ᠨᠢ ᠬᠠᠰᠤᠭᠳᠠᠳᠠᠭ ᠪᠠᠶᠢᠨ᠎ᠠ᠃ 3 — 5 ᠨᠠᠰᠤᠨ ᠤ ᠴᠡᠴᠡᠷᠯᠢᠭ ᠤᠨ ᠱᠠᠳᠤᠨ ᠤ ᠬᠡᠦᠬᠡᠳ 10 — 13 ᠴᠠᠭ᠂ 6 — 13 ᠨᠠᠰᠤᠨ ᠤ ᠪᠠᠭ᠎ᠠ ᠰᠤᠷᠭᠠᠭᠤᠯᠢ ᠶᠢᠨ ᠱᠠᠳᠤᠨ ᠤ ᠬᠡᠦᠬᠡᠳ 9 — 11 ᠴᠠᠭ ᠤᠨᠳᠠᠬᠤ ᠴᠢᠬᠤᠯᠠᠳᠠᠢ ᠪᠠᠶᠢᠳᠠᠭ ᠪᠤᠯ᠂ 8 — 10 ᠨᠠᠰᠤᠨ ᠤ ᠬᠡᠦᠬᠡᠳ ᠰᠤᠷᠭᠠᠭᠤᠯᠢ ᠳᠤ ᠶᠠᠪᠤᠬᠤ ᠦᠭᠡᠢ ᠦᠶ᠎ᠡ ᠳᠡᠭᠡᠨ ᠪᠤᠯ 8 — 10 ᠴᠠᠭ ᠤᠨ ᠤᠨᠳᠠᠯᠭ᠎ᠠ ᠶᠢ ᠱᠠᠭᠠᠷᠳᠠᠳᠠᠭ ᠪᠠᠶᠢᠨ᠎ᠠ᠃      ᠨᠠᠰᠤᠨ ᠳᠤ ᠬᠦᠷᠦᠭᠰᠡᠳ ᠤᠨ ᠤᠨᠳᠠᠯᠭ᠎ᠠ ᠶᠢᠨ ᠴᠠᠭ ᠤᠨ ᠱᠠᠭᠠᠷᠳᠠᠯᠭ᠎ᠠ ᠨᠢ ᠨᠡᠩ ᠤᠬᠤᠷ ᠪᠤᠯᠳᠠᠭ᠂ 18 — 64 ᠨᠠᠰᠤᠨ ᠤ ᠬᠤᠭᠤᠷᠤᠨᠳᠤᠬᠢ ᠬᠦᠮᠦᠰ ᠡᠳᠦᠷ ᠲᠤ 7 — 9 ᠴᠠᠬ ᠤᠨᠳᠠᠬᠤ ᠱᠠᠭᠠᠷᠳᠠᠯᠭ᠎ᠠ ᠲᠠᠢ ᠪᠠᠶᠢᠵᠤ᠂ 65 ᠨᠠᠰᠤ ᠶᠢ ᠳᠠᠪᠠᠭᠰᠠᠨ ᠨᠠᠰᠤᠳᠠᠶᠢᠴᠤᠳ ᠪᠤᠯ ᠡᠳᠦᠷ ᠲᠤ 7 — 8 ᠴᠠᠭ ᠤᠨᠳᠠᠬᠤ ᠨᠢ ᠬᠠᠮᠤᠭ ᠤᠨ ᠳᠤᠬᠢᠷᠠᠮᠵᠢᠳᠠᠢ ᠪᠠᠶᠢᠳᠠᠭ᠃ᠬᠦᠮᠦᠰ ᠤᠨ ᠪᠡᠶ᠎ᠡ ᠶᠢᠨ ᠪᠠᠶᠢᠳᠠᠯ ᠬᠤᠪᠢᠷᠠᠯᠳᠠ ᠶᠡᠬᠡᠳᠡᠢ ᠪᠠᠶᠢᠳᠠᠭ ᠪᠤᠯᠬᠤᠷ ᠬᠡᠨ ᠨᠢ ᠬᠡᠳᠦᠢ ᠴᠠᠭ ᠤᠨᠳᠠᠪᠠᠯ ᠵᠤᠬᠢᠨ᠎ᠠ ᠭᠡᠵᠦ ᠬᠡᠯᠡᠬᠦ ᠳᠤ ᠳᠤᠩ ᠪᠡᠷᠭᠡᠳᠡᠢ᠂ ᠡᠶᠢᠮᠦ ᠠᠴᠠ ᠬᠦᠮᠦᠰ ᠡᠷᠡᠭᠦᠯ ᠴᠢᠬᠢᠷᠠᠭ ᠤᠨ ᠡᠯ᠎ᠠ ᠵᠦᠢᠯ ᠤᠨ ᠵᠢᠭᠠᠯᠳᠠ ᠳᠤᠭ᠎ᠠ ᠪᠠᠨ ᠦᠨᠳᠦᠰᠦᠯᠡᠨ ᠪᠡᠶ᠎ᠡ ᠳᠡᠭᠡᠨ ᠳᠤᠬᠢᠷᠠᠭᠰᠠᠨ ᠤᠨᠳᠠᠯᠭ᠎ᠠ ᠶᠢᠨ ᠵᠢᠮ᠎ᠠ ᠶᠤᠰᠤ ᠶᠢ ᠤᠯᠵᠤ ᠪᠤᠯᠤᠨ᠎ᠠ᠃      ᠬᠡᠷᠪᠡ ᠳᠡᠭᠡᠷ᠎ᠡ ᠵᠢᠭᠠᠭᠰᠠᠨ ᠮᠡᠳᠦ ᠪᠠᠷ᠂ ᠤᠨᠳᠠᠯᠭ᠎ᠠ ᠳᠤ ᠱᠠᠭᠠᠷᠳᠠᠬᠤ ᠴᠠᠭ ᠤᠨ ᠬᠡᠮᠵᠢᠶ᠎ᠠ ᠪᠠᠷ ᠤᠨᠳᠠᠴᠢᠬᠠᠭᠠᠳ ᠪᠠᠰᠠ ᠨᠦᠢᠷ ᠦᠯᠦ ᠬᠠᠨᠤᠬᠰᠠᠨ ᠪᠠᠶᠢᠳᠠᠯ ᠲᠠᠢ ᠪᠠᠶᠢᠪᠠᠯ᠂ ᠤᠨᠳᠠᠯᠭ᠎ᠠ ᠶᠢᠨ ᠤᠷᠴᠢᠨ ᠳᠤᠭᠤᠷᠢᠨ ᠳᠠᠭᠠᠨ ᠵᠤᠬᠢᠴᠠᠬᠤ ᠦᠭᠡᠢ ᠪᠠᠶᠢᠭ᠎ᠠ ᠠᠴᠠ ᠪᠤᠯᠤᠭᠰᠠᠨ ᠪᠠᠶᠢᠵᠤ ᠮᠡᠳᠡᠨ᠎ᠠ ᠭᠡᠵᠦ ᠰᠤᠳᠤᠯᠭᠠᠳᠠᠳ ᠢᠯᠡᠷᠭᠡᠶᠢᠯᠡᠵᠡᠢ᠃
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号