ᠡᠯᠧᠺᠲᠷᠤᠨ ︽ᠮᠤᠩᠭᠤᠯ ᠴᠠᠭ ᠤᠯᠠᠷᠢᠯ ᠤᠨ ᠪᠢᠴᠢᠭ︾ ᠬᠡᠷᠡᠭᠯᠡᠯᠳᠡ ᠳᠤ ᠤᠷᠤᠯ᠎ᠠ
ᠨᠡᠶᠢᠲᠡᠯᠡᠭᠰᠡᠨ ᠴᠠᠭ᠄
2018/8/1
     ᠦᠢᠷ᠎ᠠ ᠳᠤ᠂ ᠡᠯᠧᠺᠲᠷᠤᠨ ︽ᠮᠤᠩᠭᠤᠯ ᠴᠠᠭ ᠤᠯᠠᠷᠢᠯ ᠤᠨ ᠪᠢᠴᠢᠭ︾᠎ ᠨᠢ ᠬᠡᠷᠡᠭᠯᠡᠭᠴᠢᠳ ᠤᠨ ᠬᠠᠯᠠᠭᠤᠨ ᠬᠦᠷᠢᠶᠠᠯᠡᠯ ᠢ ᠤᠯᠵᠦ᠂ ᠬᠡᠷᠡᠭᠯᠡᠭᠴᠢᠳ ᠤᠨ ᠲᠤᠭ᠎ᠠ 10 ᠲᠦᠮᠡ ᠶᠢ ᠲᠠᠪᠠᠭᠰᠠᠨ ᠪᠠᠶᠢᠨ᠎ᠠ᠃ ᠡᠨᠡ ᠬᠦ ᠵᠢᠵᠢᠭ ᠰᠤᠹᠲ ᠢ ᠱᠧᠨᠵᠧᠨ ᠬᠤᠳᠠ ᠳᠤ ᠠᠵᠢᠯᠯᠠᠵᠦ ᠪᠠᠶᠢᠭ᠎ᠠ ᠤᠯᠠᠭᠠᠨᠬᠠᠳᠠ ᠬᠤᠳᠠ ᠶᠢᠨ ᠤᠡᠭᠨᠢᠭᠤᠳ ᠬᠤᠰᠢᠭᠤᠨ ᠤ ᠮᠤᠩᠭᠤᠯ ᠵᠠᠯᠠᠭᠤ ᠠᠶᠤᠩᠭ᠎ᠠ ᠬᠡᠳᠦᠨ ᠰᠠᠷ᠎ᠠ ᠶᠢᠨ ᠴᠠᠭ ᠵᠠᠷᠤᠴᠠᠭᠤᠯᠵᠦ ᠦᠪᠡᠰᠦᠪᠡᠨ ᠰᠤᠳᠤᠯᠤᠨ ᠪᠦᠳᠦᠬᠡᠵᠡᠢ᠃ ᠡᠯᠧᠺᠲᠷᠤᠨ ︽ᠮᠤᠩᠭᠤᠯ ᠴᠠᠭ ᠤᠯᠠᠷᠢᠯ ᠤᠨ ᠪᠢᠴᠢᠭ︾᠎ ᠠᠴᠠ ᠠᠷᠭ᠎ᠠ ᠪᠢᠯᠢᠭ ᠤᠨ ᠤᠯᠠᠷᠢᠯ ᠤᠨ ᠡᠳᠦᠷ ᠰᠠᠷ᠎ᠠ᠂ ᠭᠠᠷᠠᠭ ᠤᠨ ᠲᠤᠭ᠎ᠠ᠂ ᠪᠠᠶᠠᠷ ᠲᠤᠷᠠᠰᠬᠠᠯ ᠤᠨ ᠡᠳᠦᠷ᠂ 24 ᠴᠠᠭ ᠠᠭᠤᠷ ᠵᠡᠷᠬᠡ ᠶᠢ ᠦᠵᠡᠵᠦ ᠲᠠᠶᠢᠯᠬᠦ ᠠᠴᠠ ᠭᠠᠳᠠᠨ᠎ᠠ ᠪᠠᠰᠠ ᠨᠡᠷᠡᠳᠤ ᠬᠦᠮᠥᠨ ᠤ ᠨᠡᠷᠡᠳᠤ ᠶᠠᠷᠢᠶ᠎ᠠ᠂ ᠵᠦᠢᠷ ᠰᠡᠴᠡᠨ ᠦᠬᠡ ᠵᠡᠷᠬᠡ ᠶᠢ ᠰᠤᠨᠢᠷᠬᠠᠬᠤ ᠴᠢᠳᠠᠪᠬᠢ ᠲᠠᠢ᠃      ᠠᠶᠤᠩᠭ᠎ᠠ ᠬᠠᠷᠠᠬᠠᠨ ᠪᠠᠭ᠎ᠠ ᠠᠴᠠ ᠪᠠᠨ ᠰᠤᠹᠲ ᠦᠢᠯᠡᠳᠬᠦ ᠲᠠᠯ᠎ᠠ ᠪᠠᠷ ᠲᠤᠷ᠎ᠠ ᠰᠤᠨᠢᠷᠬᠠᠯ ᠲᠠᠢ ᠪᠠᠶᠢᠵᠦ᠂ ᠮᠥᠨ ᠮᠤᠩᠭᠤᠯ ᠬᠡᠷᠡᠭᠯᠡᠭᠴᠢᠳ ᠲᠤ ᠪᠠᠨ ᠲᠦᠬᠦᠮ ᠦᠵᠡᠬᠦᠯᠬᠦ ᠡᠬᠦᠳᠡᠨ ᠠᠴᠠ ᠦᠪᠡᠷ ᠢᠶᠠᠨ ᠡᠬᠢᠯᠡᠨ ᠭᠠᠷ ᠤᠷᠤᠯᠳᠤᠵᠦ᠂ ᠠᠯᠢᠪᠠ ᠵᠠᠷᠤᠳᠠᠯ ᠢ ᠦᠪᠡᠰᠦᠪᠡᠨ ᠭᠠᠷᠭᠠᠵᠦ ︽ᠮᠤᠩᠭᠤᠯ ᠴᠠᠭ ᠤᠯᠠᠷᠢᠯ ᠤᠨ ᠪᠢᠴᠢᠭ︾᠎ ᠢᠶᠠᠨ ᠪᠦᠳᠦᠬᠡᠭᠰᠡᠨ ᠶᠤᠮ᠃ ᠡᠨᠡ ᠬᠦ ᠵᠢᠵᠢᠭ ᠰᠤᠹᠲ ᠨᠢ ᠠᠩᠬ᠎ᠠ ᠡᠬᠢᠯᠡᠬᠦ ᠳᠤ ᠪᠠᠨ ᠬᠦᠯᠢᠶᠠᠨ ᠠᠪᠬᠤ ᠬᠦᠮᠥᠨ ᠤ ᠲᠤᠭ᠎ᠠ ᠪᠠᠭ᠎ᠠ᠂ ᠦᠰᠦᠭ ᠤᠨ ᠪᠤᠷᠤᠭᠤ ᠭᠠᠷᠬᠤ ᠵᠡᠷᠬᠡ ᠬᠦᠴᠢᠷᠳᠡᠯ ᠳᠤ ᠲᠤᠯᠭᠠᠷᠠᠬᠰᠠᠨ ᠪᠤᠯᠪᠠᠴᠤ ᠠᠶᠤᠩᠭ᠎ᠠ ᠵᠤᠷᠢᠭ ᠮᠤᠬᠤᠬᠰᠠᠨ ᠦᠬᠡᠢ ᠦᠷᠬᠦᠯᠵᠢᠯᠡᠨ ᠰᠤᠳᠤᠯᠭᠠᠨ ᠬᠢᠵᠦ᠂ ᠰᠦᠯᠵᠢᠶᠠᠨ ᠲᠡᠭᠡᠷ᠎ᠠ ᠪᠡᠯᠡ ᠮᠦᠡᠭᠬᠦ ᠴᠤᠬᠯᠠᠭᠤᠯᠵᠦ᠂ ᠵᠢᠵᠢᠭ ᠰᠤᠹᠲ ᠢᠶᠠᠨ ᠰᠢᠯᠢᠳᠡᠭᠵᠢᠬᠦᠯᠦᠭᠰᠡᠨ ᠠᠴᠠ ᠤᠳᠤᠬᠠᠨ ᠳᠤ 10 ᠲᠦᠮᠡ + ᠬᠡᠷᠡᠭᠯᠡᠭᠴᠢᠳ ᠲᠠᠢ ᠪᠤᠯᠤᠬᠰᠠᠨ ᠰᠢᠯᠢᠳᠡᠭ ᠠᠮᠵᠢᠯᠳᠠ ᠤᠯᠪᠠ᠃ ᠦᠢᠯᠠᠭᠠᠬᠰᠠᠨ ᠢᠶᠠᠷ᠂ ᠠᠶᠤᠩᠭ᠎ᠠ ᠢᠷᠡᠬᠡᠳᠦᠢ ᠳᠤ ᠪᠠᠰᠠ ᠪᠢᠴᠢᠬᠠᠨ ᠲᠤᠭᠯᠠᠭᠠᠮ ᠢ ᠪᠠᠭᠳᠠᠭᠠᠬᠰᠠᠨ 3᠎ ᠠᠴᠠ 5 ᠵᠢᠵᠢᠭ ᠰᠤᠹᠲ ᠰᠤᠳᠤᠯᠤᠨ ᠪᠦᠳᠦᠬᠡᠬᠦ ᠲᠦᠯᠦᠪᠯᠡᠭᠡ ᠲᠠᠢ᠃      ᠦᠪᠡᠷ ᠤᠨ ᠤᠶᠤᠨ ᠤᠬᠠᠭᠠᠨ ᠢᠶᠠᠷ ᠢᠶᠠᠨ ᠦᠨᠳᠦᠰᠦᠳᠡᠨ ᠤ ᠪᠠᠨ ᠲᠦᠯᠦᠬᠡ ᠬᠦᠴᠦᠯᠡᠨ ᠴᠢᠷᠮᠠᠶᠢᠵᠦ᠂ ᠦᠨᠳᠦᠰᠦᠳᠡᠨ ᠤ ᠪᠠᠨ ᠢᠷᠡᠬᠡᠳᠦᠢ ᠳᠤ ᠬᠦᠴᠦ ᠨᠡᠮᠡᠷᠢᠯᠡᠨ ᠶᠠᠪᠤᠭ᠎ᠠ ᠮᠤᠩᠭᠤᠯ ᠵᠠᠯᠠᠭᠤᠰ ᠲᠤ ᠪᠠᠨ ᠠᠵᠢᠯ ᠤᠨ ᠦᠨᠳᠦᠷ ᠠᠮᠵᠢᠯᠳᠠ ᠶᠢ ᠬᠦᠰᠡᠶ᠎ᠠ︕
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号