| 7 ᠳ᠋ᠤᠭᠠᠷ ᠰᠠᠷ᠎ᠠ ᠶᠢᠨ 5 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠪᠣᠯᠣᠨ | ᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠲᠧᠯᠸᠢᠰ ᠲᠣᠪᠴᠢᠶ᠎ᠠ ᠶᠢᠨ ᠭᠤᠣᠯᠯᠠᠨ ᠡᠷᠬᠢᠯᠡᠭᠰᠡᠨ ᠣᠷᠳᠣᠰ | ᠬᠤᠲᠠ ᠶᠢᠨ ᠲᠠᠪᠤᠳᠤᠭᠠᠷ ᠬᠤᠭᠤᠴᠠᠭᠠᠨ ᠤ ᠬᠦᠳᠡᠭᠡ ᠲᠤᠰᠬᠤᠨ ᠤ ᠰᠣᠶᠣᠯ ᠤᠨ ᠨᠠᠶᠢᠷ᠂ ᠡᠵᠡᠨ ᠬᠤᠷᠤᠭ᠎ᠠ | ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠡᠭᠷᠢᠯᠢᠭ ︽ᠪᠤᠳᠠᠰ ᠤᠨ ᠪᠣᠰᠣ ᠰᠣᠶᠣᠯ ᠤᠨ ᠦᠪ︾ ᠤᠨ ᠨᠠᠶᠢᠷ | ᠵᠢᠴᠢ ᠰᠣᠪᠣᠷᠭ᠎ᠠ ︽ᠵᠤᠯᠠᠭ︾ ᠨᠠᠭᠠᠳᠤᠮ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠰᠣᠪᠣᠷᠭ᠎ᠠ | ᠪᠠᠯᠭᠠᠰᠤᠨ ᠳᠤ ᠦᠪᠡᠳᠡᠭᠰᠢ ᠶᠡᠬᠡᠪᠡᠷ ᠶᠠᠪᠤᠭᠳᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠳᠡᠳ᠋ ᠲᠠᠷᠤᠭ᠎ᠠ ᠨᠢ ᠵᠢᠶᠠ ᠢᠤᠢ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠦᠨ ᠸᠧᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠤᠭ᠎ᠠ ᠬᠤᠸᠠ ᠷᠦᠢ ᠹᠸᠡᠭ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠲᠡᠰ ᠤᠨ ᠲᠠᠷᠤᠭ᠎ᠠ ᠡᠾᠧ ᠰᠢᠶᠠᠩ ᠬᠦᠸᠧ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ | ᠸᠠᠩ ᠶᠠᠨ ᠵᠢᠶᠦ᠋ᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠬᠠᠨ ᠯᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠠᠷᠤᠭ᠎ᠠ ᠶᠠᠨ ᠼᠠᠢ ᠢᠤᠢ | ᠂ ᠬᠤᠰᠢᠭᠤᠨ ᠤ ᠤᠯᠤᠰ ᠲᠥᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠵᠠᠩ ᠽᠢ ᠵᠧᠨ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ ᠡᠯ᠎ᠡ ᠬᠤᠰᠢᠭᠤ ᠲᠣᠭᠤᠷᠢᠭ ᠤᠨ ᠰᠤᠶᠤᠯ ᠤᠨ ᠠᠵᠢᠯ ᠢ ᠬᠠᠷᠢᠭᠤᠴᠠᠨ ᠬᠠᠮᠢᠶᠠᠷᠴᠦ | ᠪᠠᠶᠢᠬᠤ ᠤᠳᠤᠷᠢᠳᠤᠯᠭ᠎ᠠ ᠪᠠ ᠬᠤᠲᠠ ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠮᠠᠨ ᠤ | ᠬᠤᠰᠢᠭᠤᠨ ᠤ ᠡᠯ᠎ᠡ ᠪᠠᠯᠭᠠᠰᠤ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ᠂ ᠪᠤᠳᠠᠰ ᠤᠨ | ᠪᠣᠰᠣ ᠰᠣᠶᠣᠯ ᠤᠨ ᠦᠪ ᠤᠨ ᠵᠠᠯᠭᠠᠮᠵᠢᠯᠠᠭᠴᠢ᠂ ᠰᠣᠪᠣᠷᠭ᠎ᠠ ᠪᠠᠯᠭᠠᠰᠤ ᠶᠢᠨ ᠡᠯ᠎ᠡ ᠭᠠᠴᠠᠭ᠎ᠠ ᠲᠤᠰᠬᠤᠨ ᠤ ᠮᠠᠯᠴᠢᠨ | ᠲᠠᠷᠢᠶᠠᠴᠢᠳ ᠤᠨ ᠲᠦᠯᠦᠭᠡᠯᠡᠬᠦ ᠠᠩᠭᠢ ᠡᠬᠢᠯᠡᠯᠲᠡ ᠶᠢᠨ ᠶᠣᠰᠣᠯᠠᠯ ᠳᠤ ᠤᠷᠤᠯᠴᠠᠭᠰᠠᠨ ᠪᠠᠶᠢᠨ᠎ᠠ᠃ | ᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠲᠧᠯᠸᠢᠰ ᠲᠣᠪᠴᠢᠶ᠎ᠠ ᠶᠢᠨ ᠲᠠᠷᠤᠭ᠎ᠠ ᠵᠣᠣ ᠽᠢ ᠢ | ᠡᠬᠢᠯᠡᠯᠲᠡ ᠶᠢᠨ ᠶᠣᠰᠣᠯᠠᠯ ᠢ ᠡᠷᠬᠢᠯᠡᠵᠡᠢ᠃ | ᠬᠤᠸᠠ ᠷᠦᠢ ᠹᠸᠡᠭ᠂ ᠨᠢ ᠵᠢᠶᠠ ᠢᠤᠢ ᠲᠤᠰᠪᠦᠷᠢ ᠡᠬᠢᠯᠡᠯᠲᠡ ᠶᠢᠨ ᠶᠤᠰᠤᠯᠠᠯ ᠳᠤ ᠦᠭᠡ ᠶᠠᠷᠢᠶ᠋ᠪᠠ᠃ | ᠬᠤᠸᠠ ᠷᠦᠢ ᠹᠸᠡᠭ ᠵᠢᠭᠠᠵᠤ ᠭᠠᠷᠭᠠᠬᠤ ᠳᠠᠭᠠᠨ᠂ ᠡᠵᠡᠨ ᠬᠤᠷᠤᠭ᠎ᠠ ᠬᠤᠰᠢᠭᠤᠨ ᠤ ᠲᠡᠦᠬᠡᠨ ᠤᠯᠠ ᠮᠥᠷ | ᠵᠤᠵᠠᠭᠠᠨ᠂ ᠰᠣᠶᠣᠯ ᠭᠡᠷᠡᠯ ᠰᠠᠴᠤᠷᠠᠩᠭᠤᠢ ᠲᠤᠯᠠ ᠣᠷᠳᠣᠰ ᠬᠤᠲᠠ ᠶᠢᠨ ᠮᠣᠩᠭᠤᠯ ᠦᠨᠳᠦᠰᠦᠳᠡᠨ ᠤ | ᠤᠯᠠᠮᠵᠢᠯᠠᠯᠲᠤ ᠰᠣᠶᠣᠯ ᠢ ᠬᠠᠮᠤᠭ ᠪᠦᠷᠢᠨ ᠪᠦᠳᠦᠨ ᠬᠠᠳᠠᠭᠠᠯᠠᠭᠰᠠᠨ ᠭᠠᠵᠠᠷ ᠣᠷᠣᠨ ᠤ ᠨᠢᠭᠡ ᠨᠢ ᠪᠣᠯᠣᠨ᠎ᠠ᠃ | ᠣᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭᠲᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠠᠨ ᠪᠣᠯᠭᠠᠬᠤ ᠶᠢ | ᠪᠠᠷᠢᠮᠳᠠᠯᠠᠨ᠂ ᠲᠥᠪ᠂ ᠦᠪᠡᠷᠳᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠣᠶᠣᠯ ᠵᠢᠭᠤᠯᠴᠢᠯᠠᠯ ᠢ ᠬᠦᠭᠵᠢᠬᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠵᠤ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠳᠤ ᠲᠦᠰᠢᠭᠯᠡᠵᠦ᠂ ᠰᠣᠶᠣᠯ ᠢᠶᠠᠷ | ᠠᠷᠠᠳ ᠢ ᠬᠠᠷᠠᠭᠠᠯᠵᠠᠬᠤ ᠢᠨᠵᠧᠨᠧᠷᠢᠩ ᠢ ᠬᠦᠨᠵᠡᠭᠡᠢ ᠨᠠᠶᠢᠳᠠᠪᠦᠷᠢᠵᠢᠭᠤᠯᠵᠤ᠂ ᠰᠣᠶᠣᠯ ᠤᠨ ᠥᠪ ᠢ ᠪᠦᠬᠦ | ᠬᠦᠴᠦᠨ ᠢᠶᠠᠷ ᠬᠠᠮᠠᠭᠠᠯᠠᠨ ᠤᠯᠠᠮᠵᠢᠯᠠᠵᠤ᠂ ᠰᠣᠶᠣᠯ ᠵᠢᠭᠤᠯᠴᠢᠯᠠᠯ ᠢ ᠤᠶᠠᠯᠳᠤᠭᠤᠯᠤᠨ ᠬᠦᠭᠵᠢᠬᠦᠯᠬᠦ ᠶᠢ ᠰᠢᠨ᠎ᠡ | ᠡᠭᠦᠳᠦᠯᠲᠡ ᠲᠠᠢ ᠲᠦᠯᠬᠢᠨ ᠠᠬᠢᠭᠤᠯᠤᠨ᠂ ᠤᠷᠢᠳ ᠬᠤᠵᠢᠳ ︽ᠪᠦᠬᠦ ᠤᠯᠤᠰ ᠤᠨ ᠪᠣᠯᠪᠠᠰᠤᠨ ᠬᠤᠰᠢᠭᠤ︾᠂ ︽ | ᠪᠦᠬᠦ ᠤᠯᠤᠰ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠬᠦᠨ ᠤ ᠬᠠᠮᠳᠤ ᠨᠡᠶᠢᠲᠡ︾᠂ ︽ᠲᠤᠮᠳᠠᠳᠤ | ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠢ ᠡᠬᠦᠰᠭᠡᠨ ᠪᠠᠶᠢᠭᠤᠯᠤᠭᠰᠠᠨ ᠵᠢᠱᠢᠶᠡᠴᠢ ᠭᠠᠵᠠᠷ︾ ᠵᠡᠷᠭᠡ ᠢᠷᠠᠭᠤ | ᠠᠯᠳᠠᠷ ᠢ ᠬᠦᠷᠳᠡᠵᠤ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠢᠷᠢ | ᠲᠦᠪᠰᠢᠨ ᠢᠯᠡᠳᠲᠡ ᠰᠠᠶᠢᠵᠢᠷᠠᠵᠤ᠂ ᠭᠠᠵᠠᠷ ᠣᠷᠣᠨ ᠤ ᠰᠢᠨ᠎ᠡ ᠬᠠᠭᠤᠴᠢᠨ ᠬᠦᠳᠡᠯᠭᠡᠭᠴᠢ ᠡᠨᠧᠷᠬᠢ ᠶᠢ | ᠬᠤᠪᠢᠷᠠᠭᠤᠯᠬᠤ ᠶᠢ ᠲᠦᠷᠭᠡᠳᠭᠡᠨ᠂ ᠠᠵᠤ ᠠᠬᠤᠢ ᠨᠡᠶᠢᠬᠡᠮ ᠤᠨ ᠦᠨᠳᠦᠷ ᠴᠢᠨᠠᠷ ᠲᠡᠰ ᠲᠠᠢ ᠬᠦᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ᠂ ᠬᠦᠳᠡᠯᠭᠡᠭᠴᠢ ᠬᠦᠴᠦᠨ ᠪᠠ ᠦᠷᠢᠰᠦᠯᠳᠦᠬᠦ ᠬᠦᠴᠦᠨ ᠢ ᠣᠷᠣᠭᠤᠯᠬᠤ ᠶᠢ ᠠᠬᠢᠭᠤᠯᠤᠨ᠎ᠠ᠃ | ᠡᠵᠡᠨ ᠬᠤᠷᠤᠭ᠎ᠠ ᠬᠤᠰᠢᠭᠤ ᠲᠤᠰ ᠤᠳᠠᠭᠠᠨ ᠤ ᠠᠵᠢᠯᠯᠠᠭᠠᠨ ᠳᠤ ᠪᠦᠬᠦ ᠲᠠᠯ᠎ᠠ ᠶᠢᠨ ᠮᠦᠷᠳᠡᠭᠡᠨ ᠦᠨᠳᠦᠷ ᠴᠢᠨᠠᠷ | ᠴᠢᠨᠰᠠᠭ᠎ᠠ ᠲᠠᠢ ᠪᠠᠳᠤᠯᠠᠭ᠎ᠠ ᠪᠠ ᠦᠢᠯᠡᠴᠢᠯᠡᠭᠡ ᠶᠢ ᠬᠠᠩᠭᠠᠨ᠂ ᠡᠨᠡ ᠤᠳᠠᠭᠠᠨ ᠤ ᠠᠵᠢᠯᠯᠠᠭᠠᠨ ᠢ ᠣᠷᠳᠣᠰ ᠤᠨ | ᠤᠯᠠᠮᠵᠢᠯᠠᠯᠲᠤ ᠰᠣᠶᠣᠯ ᠢ ᠲᠡᠯᠭᠡᠨ ᠦᠵᠡᠬᠦᠯᠬᠦ ᠦᠪᠡᠳᠡᠭᠰᠢ ᠨᠠᠶᠢᠷ ᠪᠣᠯᠭᠠᠬᠤ ᠶᠢᠨ ᠬᠠᠮᠳᠤ ᠡᠵᠡᠨ ᠬᠤᠷᠤᠭ᠎ᠠ | ᠬᠤᠰᠢᠭᠤᠨ ᠤ ᠭᠠᠵᠠᠷ ᠣᠷᠣᠨ ᠤ ᠦᠪᠡᠷᠮᠢᠴᠡ ᠣᠨᠴᠠᠯᠢᠭ ᠢ ᠪᠦᠬᠦ ᠲᠠᠯ᠎ᠠ ᠪᠠᠷ ᠢᠯᠡᠷᠡᠬᠦᠯᠦᠭᠰᠡᠨ ᠦᠪᠡᠳᠡᠭᠰᠢ ᠨᠠᠶᠢᠷ | ᠪᠣᠯᠭᠠᠨ᠎ᠠ ᠭᠡᠪᠡ᠃ | ᠨᠢ ᠵᠢᠶᠠ ᠢᠤᠢ ᠶᠠᠷᠢᠶᠠᠨ ᠳᠠᠭᠠᠨ᠂ ᠣᠶᠢᠷ᠎ᠠ ᠶᠢᠨ ᠵᠢᠯ ᠠᠴᠠ ᠨᠠᠰᠢ᠂ ᠤᠨᠴᠠᠭᠠᠶᠢᠯᠠᠨ ᠨᠠᠮ ᠤᠨ ᠠᠷᠪᠠ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠣᠶᠣᠯ ᠢᠶᠠᠷ | ᠠᠷᠠᠳ ᠢ ᠬᠠᠷᠠᠭᠠᠯᠵᠠᠬᠤ ᠠᠵᠢᠯ ᠢ ᠴᠢᠬᠤᠯᠠᠴᠢᠯᠠᠨ ᠦᠵᠡᠵᠦ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ | ᠡᠳ᠋ᠯᠡᠬᠦ ᠱᠠᠭᠠᠷᠳᠠᠯᠭ᠎ᠠ ᠶᠢ ᠪᠦᠬᠦ ᠬᠦᠴᠦᠨ ᠢᠶᠠᠷ ᠬᠠᠩᠭᠠᠵᠤ᠂ ᠣᠳᠣᠬᠢᠴᠢᠯᠠᠭᠰᠠᠨ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠂ ᠦᠨᠳᠦᠰᠦᠳᠡᠨ ᠤ ᠰᠢᠯᠢᠳᠡᠭ | ᠰᠣᠶᠣᠯ ᠢ ᠤᠯᠠᠮᠵᠢᠯᠠᠨ ᠬᠠᠮᠠᠭᠠᠯᠠᠵᠤ᠂ ᠤᠯᠠᠨ ᠲᠦᠮᠡᠨ ᠤ ᠣᠶᠣᠨ ᠤ ᠰᠣᠶᠣᠯ ᠤᠨ ᠠᠮᠢᠳᠤᠷᠠᠯ ᠢ ᠤᠯᠠᠮ | ᠪᠠᠶᠠᠯᠢᠭᠵᠢᠭᠤᠯᠤᠨ᠂ ᠰᠣᠶᠣᠯ ᠤᠨ ᠲᠠᠯ᠎ᠠ ᠳᠠᠬᠢ ᠵᠣᠯ ᠵᠢᠷᠭᠠᠯᠲᠤ ᠲᠦᠷᠦᠭᠳᠡᠯ ᠪᠠ ᠤᠯᠤᠯᠲᠠ ᠲᠠᠢ ᠲᠦᠷᠦᠭᠳᠡᠯ ᠨᠡᠩ | ᠶᠡᠭᠡ ᠪᠣᠯᠣᠭᠰᠠᠨ ᠪᠠᠶᠢᠨ᠎ᠠ᠃ ᠬᠦᠳᠡᠭᠡ ᠲᠤᠰᠬᠤᠨ ᠤ ᠰᠣᠶᠣᠯ ᠤᠨ ᠨᠠᠶᠢᠷ ᠪᠣᠯ ᠪᠦᠬᠦ ᠬᠤᠲᠠ ᠶᠢᠨ ᠬᠦᠴᠦ ᠲᠠᠯᠪᠢᠨ | ᠬᠢᠵᠦ ᠪᠠᠶᠢᠭ᠎ᠠ ᠤᠯᠠᠨ ᠲᠦᠮᠡᠨᠴᠢ ᠰᠣᠶᠣᠯ ᠤᠨ ᠠᠵᠢᠯᠯᠠᠭᠠᠨ ᠤ ᠨᠡᠷᠡᠲᠤ ᠲᠡᠮᠳᠡᠭᠳᠦ ᠲᠦᠷᠦᠯ ᠵᠦᠢᠯ᠂ ᠲᠤᠰ | ᠬᠤᠭᠤᠴᠠᠭᠠᠨ ᠤ ᠬᠦᠳᠡᠭᠡ ᠲᠤᠰᠬᠤᠨ ᠤ ᠰᠣᠶᠣᠯ ᠤᠨ ᠨᠠᠶᠢᠷ ᠲᠤ ᠮᠠᠯᠴᠢᠨ ᠲᠠᠷᠢᠶᠠᠴᠢᠳ ᠤᠨ ᠳᠤᠷ᠎ᠠ ᠰᠣᠨᠢᠷᠬᠠᠯ ᠢ | ᠲᠠᠳᠠᠳᠠᠭ ᠤᠯᠠᠭᠠᠨᠮᠥ᠋ᠴᠢᠷ ᠤᠨ ᠲᠤᠭᠯᠠᠯᠲᠠ᠂ ᠪᠤᠳᠠᠰ ᠤᠨ ᠪᠣᠰᠣ ᠰᠣᠶᠣᠯ ᠤᠨ ᠥᠪ ᠤᠨ ᠲᠡᠯᠭᠡᠨ ᠦᠵᠡᠭᠦᠯᠦᠯᠭᠡ᠂ | ᠤᠯᠠᠮᠵᠢᠯᠠᠯᠲᠤ ᠨᠠᠭᠠᠳᠤᠮ ᠵᠡᠷᠭᠡ ᠠᠭᠤᠯᠭ᠎ᠠ ᠪᠠᠭᠳᠠᠵᠤ᠂ ᠠᠵᠢᠯᠯᠠᠭ᠎ᠠ ᠨᠢ ᠠᠭᠤᠯᠭ᠎ᠠ ᠪᠠᠷ ᠪᠠᠶᠠᠯᠢᠭ᠂ ᠣᠷᠣᠯᠴᠠᠬᠤ | ᠬᠦᠮᠦᠨ ᠤ ᠲᠤᠭ᠎ᠠ ᠪᠠᠷ ᠤᠯᠠᠨ᠂ ᠤᠯᠠᠮᠵᠢᠯᠠᠯᠲᠤ ᠰᠣᠶᠣᠯ ᠤᠨ ᠠᠭᠤᠷ ᠠᠮᠢᠰᠬᠤᠯ ᠭᠦᠨ ᠵᠤᠵᠠᠭᠠᠨ ᠲᠤᠯᠠ | ᠤᠳᠤᠷᠢᠳᠬᠤ ᠴᠢᠨᠠᠷ ᠪᠠ ᠲᠠᠭᠤᠷᠢᠶᠠᠯ ᠦᠵᠡᠬᠦᠯᠬᠦ ᠴᠢᠨᠠᠷ ᠢᠶᠠᠷ ᠴᠢᠩᠭ᠎ᠠ ᠪᠠᠶᠢᠳᠠᠭ ᠭᠡᠪᠡ᠃ | ᠨᠢ ᠵᠢᠶᠠ ᠢᠤᠢ ᠱᠠᠭᠠᠷᠳᠠᠬᠤ ᠳᠠᠭᠠᠨ᠂ ᠬᠦᠳᠡᠭᠡ ᠲᠤᠰᠬᠤᠨ ᠤ ᠰᠣᠶᠣᠯ ᠤᠨ ᠨᠠᠶᠢᠷ ᠢ ᠦᠵᠡᠰᠬᠦᠯᠡᠩᠳᠤ | ᠰᠠᠶᠢᠬᠠᠨ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠲᠦᠯᠬᠢᠨ | ᠠᠬᠢᠭᠤᠯᠤᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠰᠤᠮᠤ ᠪᠠᠯᠭᠠᠰᠤ ᠡᠷᠬᠡᠪᠰᠢ ᠦᠨᠳᠦᠰᠦᠳᠡᠨ ᠤ ᠰᠣᠶᠣᠯ ᠤᠨ | ᠡᠬᠢ ᠪᠠᠶᠠᠯᠢᠭ ᠢ ᠠᠭᠤᠳᠠᠯᠯᠠᠨ᠂ ᠭᠠᠵᠠᠷ ᠣᠷᠣᠨ ᠤ ᠣᠨᠴᠠᠯᠢᠭ ᠲᠠᠢ ᠵᠣᠬᠢᠴᠠᠭᠤᠯᠵᠤ᠂ ᠨᠢᠭᠡᠨᠲᠡ ᠪᠦᠷᠢᠯᠳᠦᠭᠰᠡᠨ | ᠨᠠᠭᠠᠳᠤᠮ᠂ ᠰᠣᠯᠢᠯᠴᠠᠭᠠᠨ ᠤ ᠬᠤᠷᠠᠯ᠂ ᠨᠠᠶᠢᠷ ᠵᠡᠷᠭᠡ ᠶᠢᠨ ᠠᠵᠢᠯᠯᠠᠭ᠎ᠠ ᠪᠣᠯᠣᠨ ᠤᠯᠠᠨ ᠲᠦᠮᠡᠨᠴᠢ ᠤᠯᠠᠮᠵᠢᠯᠠᠯᠲᠤ | ᠰᠣᠶᠣᠯ ᠤᠨ ᠠᠵᠢᠯᠯᠠᠭᠠᠨ ᠤ ᠰᠠᠭᠤᠷᠢᠨ ᠲᠡᠭᠡᠷ᠎ᠡ᠂ ᠡᠯ᠎ᠡ ᠵᠦᠢᠯ ᠰᠣᠶᠣᠯ ᠤᠨ ᠲᠠᠪᠴᠠᠩ ᠢ ᠠᠰᠢᠭᠯᠠᠵᠤ᠂ ᠰᠣᠶᠣᠯ+ | ᠵᠢᠭᠤᠯᠴᠢᠯᠠᠯ᠂ ᠰᠣᠶᠣᠯ+ ᠠᠮᠢ ᠠᠬᠤᠢ ᠶᠢᠨ ᠬᠡᠯᠪᠡᠷᠢ ᠶᠢᠨ ᠤᠶᠠᠯᠳᠤᠯ ᠬᠦᠭᠵᠢᠯᠲᠡ ᠶᠢ ᠰᠠᠶᠢᠳᠤᠷ ᠬᠢᠬᠦ ᠬᠡᠷᠡᠭᠳᠡᠢ᠃ | ᠠᠵᠢᠯᠯᠠᠭᠠᠨ ᠤ ᠠᠭᠤᠯᠭ᠎ᠠ ᠶᠢ ᠰᠢᠨᠡᠴᠢᠯᠡᠨ᠂ ᠠᠭᠤᠯᠤᠭᠳᠠᠬᠤᠨ ᠢ ᠪᠠᠶᠠᠯᠢᠭᠵᠢᠭᠤᠯᠤᠨ᠂ ᠠᠵᠢᠯᠯᠠᠭᠠᠨ ᠤ ᠴᠢᠨᠠᠷ | ᠴᠢᠨᠰᠠᠭ᠎ᠠ ᠪᠠᠨ ᠲᠡᠭᠡᠭᠰᠢᠯᠡᠬᠦᠯᠦᠨ᠂ ᠬᠦᠳᠡᠭᠡ ᠲᠤᠰᠬᠤᠨ ᠤ ᠰᠣᠶᠣᠯ ᠤᠨ ᠨᠠᠶᠢᠷ ᠢ ᠦᠨᠡᠨᠬᠦ ᠨᠡᠶᠢᠬᠡᠮ ᠵᠢᠷᠤᠮ ᠤᠨ | ᠦᠷᠲᠡᠭ ᠤᠨ ᠦᠵᠡᠯᠲᠡ ᠶᠢ ᠢᠯᠡᠷᠡᠬᠦᠯᠦᠭᠰᠡᠨ᠂ ᠣᠷᠳᠣᠰ ᠦᠯᠢᠭᠡᠷ ᠢ ᠶᠠᠷᠢᠭᠰᠠᠨ᠂ ᠬᠦᠳᠡᠭᠡ ᠲᠤᠰᠬᠤᠨ ᠢ | ᠬᠦᠴᠦᠷᠬᠡᠭᠵᠢᠬᠦᠯᠦᠨ ᠮᠠᠨᠳᠤᠭᠤᠯᠤᠭᠰᠠᠨ᠂ ᠶᠠᠳᠠᠭᠤ ᠠᠴᠠ ᠠᠩᠬᠢᠵᠢᠷᠠᠭᠤᠯᠬᠤ ᠳᠤ ᠬᠦᠴᠦ ᠨᠡᠮᠡᠭᠰᠡᠨ ᠦᠪᠡᠳᠡᠭᠰᠢ | ᠨᠠᠶᠢᠷ ᠪᠣᠯᠭᠠᠬᠤ ᠬᠡᠷᠡᠭᠳᠡᠢ ᠭᠡᠪᠡ᠃ | ᠶᠦᠨ ᠸᠧᠢ ᠳ᠋ᠦᠡᠭ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠦᠳᠡᠭᠡ ᠲᠤᠰᠬᠤᠨ ᠤ | ᠰᠣᠶᠣᠯ ᠤᠨ ᠨᠠᠶᠢᠷ᠂ ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠡᠭᠷᠢᠯᠢᠭ ︽ᠪᠤᠳᠠᠰ ᠤᠨ | ᠪᠣᠰᠣ ᠰᠣᠶᠣᠯ ᠤᠨ ᠦᠪ︾ ᠤᠨ ᠨᠠᠶᠢᠷ ᠵᠢᠴᠢ ᠰᠣᠪᠣᠷᠭ᠎ᠠ ︽ᠵᠤᠯᠠᠭ︾ ᠨᠠᠭᠠᠳᠤᠮ ᠤᠨ ᠶᠡᠭᠡ ᠬᠤᠷᠠᠯ | ᠡᠬᠢᠯᠡᠭᠰᠡᠨ ᠢ ᠵᠠᠷᠯᠠᠪᠠ᠃ | ᠡᠬᠢᠯᠡᠯᠲᠡ ᠶᠢᠨ ᠶᠣᠰᠣᠯᠠᠯ ᠲᠡᠭᠡᠷ᠎ᠡ ᠤᠷᠠᠨ ᠰᠠᠶᠢᠬᠠᠨ ᠤ ᠲᠤᠭᠯᠠᠯᠲᠠ᠂ ᠮᠤᠷᠢᠨ ᠮᠡᠷᠭᠡᠵᠢᠯ ᠤᠨ ᠲᠤᠭᠯᠠᠯᠲᠠ᠂ | ᠲᠡᠮᠡᠭᠡᠨ ᠤ ᠲᠤᠭᠯᠠᠯᠲᠠ ᠪᠠ ᠴᠡᠭᠡ ᠰᠠᠭᠠᠬᠤ᠂ ᠲᠡᠭᠷᠢ ᠶᠢᠨ ᠲᠠᠬᠢᠯᠭ᠎ᠠ᠂ ᠠᠵᠢᠷᠭ᠎ᠠ ᠮᠣᠷᠢᠨ ᠤ ᠤᠷᠤᠯᠳᠤᠭᠠᠨ᠂ ︽ | ᠵᠤᠯᠠᠭ︾ ᠤᠨ ᠤᠯᠠᠮᠵᠢᠯᠠᠯᠲᠤ ᠶᠣᠰᠣᠯᠠᠯ ᠢ ᠶᠠᠪᠤᠭᠳᠠᠭᠤᠯᠤᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ | ᠂ ᠭᠤᠣᠯᠳᠠᠭᠤ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠦᠳᠡᠭᠡ ᠲᠤᠰᠬᠤᠨ ᠤ ᠰᠣᠶᠣᠯ ᠤᠨ ᠨᠠᠶᠢᠷ᠂ | ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠡᠭᠷᠢᠯᠢᠭ ︽ᠪᠤᠳᠠᠰ ᠤᠨ ᠪᠣᠰᠣ ᠰᠣᠶᠣᠯ ᠤᠨ | ᠦᠪ︾ ᠤᠨ ᠨᠠᠶᠢᠷ᠂ ᠰᠣᠪᠣᠷᠭ᠎ᠠ ︽ᠵᠤᠯᠠᠭ︾ ᠨᠠᠭᠠᠳᠤᠮ ᠤᠨ ᠶᠡᠭᠡ ᠬᠤᠷᠠᠯ ᠵᠡᠷᠭᠡ ᠭᠤᠷᠪᠠᠨ ᠶᠡᠭᠡ ᠭᠡᠰᠡᠭ ᠤᠨ | ᠠᠭᠤᠯᠭ᠎ᠠ ᠪᠠᠷ ᠪᠦᠷᠢᠯᠳᠦᠪᠡ᠃ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠦᠳᠡᠭᠡ ᠲᠤᠰᠬᠤᠨ ᠤ | ᠰᠣᠶᠣᠯ ᠤᠨ ᠨᠠᠶᠢᠷ ᠨᠢ ᠠᠷᠠᠳ ᠤᠨ ᠤᠷᠠᠯᠢᠭ᠂ ᠠᠷᠠᠳ ᠤᠨᠤᠯᠠᠮᠵᠢᠯᠠᠯᠲᠤ ᠭᠠᠷ ᠤᠷᠠᠯᠠᠯ᠂ ᠠᠷᠠᠳ ᠤᠨ | ᠤᠯᠠᠮᠵᠢᠯᠠᠯᠲᠤ ᠪᠡᠶ᠎ᠡ ᠲᠠᠮᠢᠷ ᠤᠨ ᠦᠵᠡᠬᠦᠯᠦᠯᠭᠡ᠂ ᠲᠡᠯᠭᠡᠨ ᠦᠵᠡᠬᠦᠯᠦᠯᠭᠡ ᠵᠡᠷᠭᠡ ᠤᠷᠤᠯᠳᠤᠭᠠᠨ ᠢᠶᠠᠷ ᠪᠦᠷᠢᠯᠳᠤᠪᠡ᠃ | ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠡᠭᠷᠢᠯᠢᠭ ︽ᠪᠤᠳᠠᠰ ᠤᠨ ᠪᠣᠰᠣ ᠰᠣᠶᠣᠯ ᠤᠨ | ᠦᠪ︾ ᠤᠨ ᠨᠠᠶᠢᠷ ᠲᠤ ᠬᠤᠰᠢᠭᠤᠨ ᠤ ᠲᠡᠰ ᠠᠴᠠ ᠬᠦᠮᠦᠨ ᠲᠦᠷᠦᠯᠬᠢᠳᠡᠨ ᠤ ᠪᠤᠳᠠᠰ ᠤᠨ ᠪᠣᠰᠣ ᠰᠣᠶᠣᠯ ᠤᠨ | ᠦᠪ ᠤᠨ ᠲᠠᠪᠤᠨ ᠲᠡᠰ ᠲᠠᠪᠬᠤᠷᠭ᠎ᠠ ᠶᠢᠨ 25 ᠵᠦᠢᠯ ᠤᠨ ᠪᠤᠳᠠᠰ ᠤᠨ ᠪᠣᠰᠣ ᠰᠣᠶᠣᠯ ᠤᠨ ᠦᠪ ᠢ ᠢᠯᠡᠷᠡᠬᠦᠯᠦᠨ | ᠦᠵᠡᠬᠦᠯᠪᠡ᠃ ᠰᠣᠪᠣᠷᠭ᠎ᠠ ︽ᠵᠤᠯᠠᠭ︾ ᠨᠠᠭᠠᠳᠤᠮ ᠤᠨ ᠶᠡᠭᠡ ᠬᠤᠷᠠᠯ ᠳᠤ ᠣᠪᠣᠭᠠᠨ ᠤ ᠲᠠᠬᠢᠯᠭ᠎ᠠ᠂ ᠤᠯᠠᠮᠵᠢᠯᠠᠯᠲᠤ | ᠲᠠᠮᠢᠷ ᠤᠨ ᠮᠦᠷᠦᠶᠢᠴᠡᠭᠡᠨ᠂ ᠠᠵᠢᠯ ᠤᠨ ᠴᠢᠯᠦᠭᠡᠨ ᠤ ᠲᠠᠭᠤᠴᠢᠨ ᠤ ᠤᠷᠤᠯᠳᠤᠭᠠᠨ᠂ ᠠᠷᠠᠯᠵᠢᠶ᠎ᠠ ᠬᠤᠳᠠᠯᠳᠤᠭᠠᠨ ᠤ | ᠰᠤᠯᠢᠯᠴᠠᠭ᠎ᠠ᠂ ᠤᠷᠠᠨ ᠰᠠᠶᠢᠬᠠᠨ ᠤ ᠲᠤᠭᠯᠠᠯᠲᠠ ᠵᠡᠷᠭᠡ ᠶᠢ ᠪᠠᠭᠳᠠᠭᠠᠪᠠ᠃ ᠡᠳᠡᠭᠡᠷ ᠠᠵᠢᠯᠯᠠᠭᠠᠨ ᠠᠴᠠ ᠭᠠᠳᠠᠨ᠎ᠠ᠂ | ᠪᠠᠰᠠ ᠪᠡᠶ᠎ᠡ ᠶᠢᠨ ᠲᠠᠮᠢᠷ ᠪᠠ ᠳᠤᠷ᠎ᠠ ᠰᠣᠨᠢᠷᠬᠠᠯᠳᠤ ᠤᠷᠤᠯᠳᠤᠭᠠᠨ᠂ ᠤᠯᠠᠮᠵᠢᠯᠠᠯᠲᠤ ᠬᠤᠪᠴᠠᠰᠤ ᠵᠠᠰᠠᠯ ᠪᠠ ᠡᠳᠦᠷ | ᠲᠤᠳᠣᠮ ᠤᠨ ᠬᠡᠷᠡᠭᠯᠡᠭᠡᠨ ᠤ ᠪᠤᠷᠤᠯᠠᠭᠤᠯᠭ᠎ᠠ᠂ ᠮᠣᠩᠭᠤᠯ ᠦᠨᠳᠦᠰᠦᠳᠡᠨ ᠤ ᠦᠪᠡᠷᠮᠢᠴᠡ ᠬᠤᠭᠤᠯᠠ ᠤᠮᠳᠠᠭᠠᠨ ᠢ | ᠠᠮᠳᠠᠯᠠᠨ ᠰᠣᠨᠢᠷᠬᠠᠬᠤ᠂ ᠲᠦᠳᠡᠭ ᠭᠠᠯ ᠤᠨ ᠦᠳᠡᠰᠢᠯᠡᠭᠡ ᠪᠠ ᠬᠡᠦᠬᠡᠳ ᠤᠨ ᠨᠠᠭᠠᠳᠤᠮ ᠲᠤᠭᠯᠠᠭᠠᠮ ᠤᠨ | ᠠᠵᠢᠯᠯᠠᠭᠠᠨ ᠪᠣᠢ᠃ | | | | |