ᠡᠵᠡᠨ ᠬᠤᠷᠤᠭ᠎ᠠ ᠬᠤᠰᠢᠭᠤ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2018-08-15
     7 ᠳ᠋ᠤᠭᠠᠷ ᠰᠠᠷ᠎ᠠ ᠶᠢᠨ 20᠎ ᠤ ᠡᠳᠦᠷ᠂ ᠡᠵᠡᠨ ᠬᠤᠷᠤᠭ᠎ᠠ ᠬᠤᠰᠢᠭᠤ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂   ᠤᠶᠢᠷ᠎ᠠ ᠶᠢᠨ ᠨᠢᠭᠡ ᠬᠤᠭᠤᠴᠠᠭᠠᠨ ᠤ ᠦᠶᠡᠷ ᠢ ᠰᠡᠷᠭᠡᠶᠢᠯᠡᠵᠦ ᠭᠠᠮᠰᠢᠭ ᠤᠨ ᠬᠤᠬᠢᠷᠠᠯ ᠠᠴᠠ ᠬᠦᠩᠭᠡᠷᠡᠬᠦᠯᠬᠦ ᠴᠢᠬᠤᠯᠠ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠶᠠᠨ ᠬᠤᠸᠠ ᠬᠤᠷᠠᠯ ᠳᠤ ᠣᠷᠣᠯᠴᠠᠬᠤ ᠶᠢᠨ ᠬᠠᠮᠲᠦ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠲᠠᠷᠤᠭ᠎ᠠ ᠯᠢᠦ ᠬᠤᠸᠠᠢ ᠢᠤᠢ ᠬᠤᠷᠠᠯ ᠢ ᠡᠷᠬᠢᠯᠡᠨ᠂ ᠡᠯ᠎ᠡ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠲᠡᠭᠡᠷ᠎ᠡ ᠮᠠᠨ ᠤ ᠬᠤᠰᠢᠭᠤᠨ ᠤ ᠤᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠪᠠᠶᠢᠳᠠᠯ᠂ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠪᠠ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠳᠤ ᠠᠩᠬᠠᠷᠬᠤ ᠵᠦᠢᠯᠡᠰ ᠢ ᠮᠡᠳᠡᠬᠦᠯᠦᠯᠳᠡ ᠬᠢᠵᠦ᠂ ᠲᠡᠭᠡᠳᠦ ᠱᠠᠳᠤᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃      ᠬᠤᠷᠠᠯ ᠲᠡᠭᠡᠷ᠎ᠡ ᠴᠢᠬᠤᠯᠠᠴᠢᠯᠠᠬᠤ ᠳᠠᠭᠠᠨ᠂ ᠣᠳᠣᠬᠠᠨ ᠳᠤ ᠮᠠᠨ ᠤ ᠬᠤᠰᠢᠭᠤ ᠦᠶᠡᠷ ᠢ ᠰᠡᠷᠭᠡᠶᠢᠯᠡᠬᠦ ᠴᠢᠬᠤᠯᠠ ᠬᠤᠭᠤᠴᠠᠭᠠᠨ ᠳᠤ ᠪᠠᠶᠢᠵᠤ᠂ ᠤᠶᠢᠷ᠎ᠠ ᠶᠢᠨ ᠨᠢᠭᠡ ᠬᠤᠭᠤᠴᠠᠭᠠᠨ ᠳᠤ ᠮᠠᠨ ᠤ ᠬᠤᠰᠢᠭᠤᠨ  ᠳᠤ ᠬᠤᠷ᠎ᠠ ᠣᠰᠤ ᠡᠯᠪᠡᠭ ᠪᠠᠶᠢᠳᠠᠯ ᠢᠯᠡᠷᠡᠵᠦ᠂ ᠦᠷᠬᠦᠯᠵᠢᠯᠡᠭᠰᠡᠨ ᠴᠠᠭ ᠤᠷᠳᠤ᠂ ᠬᠦᠷᠢᠶ᠎ᠡ ᠬᠡᠪᠴᠢᠶ᠎ᠡ ᠦᠷᠭᠡᠨ᠂ ᠵᠠᠷᠢᠮ ᠭᠠᠵᠠᠷ ᠣᠷᠣᠨ ᠤ ᠪᠣᠷᠣᠭᠠᠨ ᠤ ᠬᠡᠮᠵᠢᠶ᠎ᠡ ᠶᠡᠭᠡ᠂ ᠬᠦᠷᠦᠰᠦ ᠰᠢᠷᠤᠢ ᠶᠢᠨ ᠤᠰᠤᠨ ᠤ ᠬᠡᠮᠵᠢᠶ᠎ᠡ ᠬᠠᠨᠤᠭᠰᠠᠨ ᠪᠠᠶᠢᠳᠠᠯ ᠳᠤ ᠣᠷᠣᠵᠣ᠂ ᠭᠠᠵᠠᠷ ᠣᠷᠣᠨᠴᠢ ᠴᠢᠨᠠᠷᠳᠠᠢ ᠦᠶᠡᠷ ᠤᠰᠤᠳᠣᠯ ᠤᠨ ᠭᠠᠮᠰᠢᠭ ᠵᠡᠷᠭᠡ ᠪᠠᠶᠢᠭᠠᠯᠢ ᠶᠢᠨ ᠭᠠᠮᠰᠢᠭ ᠢᠯᠡᠷᠡᠬᠦ ᠪᠣᠯᠣᠮᠵᠢ ᠲᠠᠢ ᠪᠠᠶᠢᠵᠤ᠂ ᠪᠦᠬᠦ ᠬᠤᠰᠢᠭᠤᠨ ᠤ ᠡᠯ᠎ᠡ ᠪᠠᠯᠭᠠᠰᠤ ᠡᠯ᠎ᠡ ᠰᠠᠯᠠᠭ᠎ᠠ ᠮᠦᠴᠢᠷ ᠡᠷᠬᠡᠪᠰᠢ ᠬᠦᠨᠳᠦᠳᠭᠡᠨ ᠦᠵᠡᠵᠦ᠂ ᠰᠡᠷᠡᠮᠵᠢ ᠲᠠᠢ ᠪᠠᠶᠢᠵᠤ᠂ ᠦᠴᠦᠭᠡᠨ ᠴᠦ ᠬᠤᠶᠢᠷᠭᠤᠰᠢᠯᠠᠵᠤ ᠪᠣᠯᠬᠤ ᠦᠬᠡᠢ᠂ ᠤᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠤᠨ ᠡᠯ᠎ᠡ ᠵᠦᠢᠯ ᠤᠨ ᠡᠬᠦᠷᠭᠡ ᠪᠠᠨ ᠰᠠᠶᠢᠳᠤᠷ ᠬᠢᠬᠦ ᠬᠡᠷᠡᠭᠳᠡᠢ᠃ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠡᠷᠬᠡᠪᠰᠢ ᠮᠠᠨ ᠤ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠣᠨᠴᠠᠯᠢᠭ ᠢ ᠲᠠᠨᠢᠨ ᠮᠡᠳᠡᠵᠦ᠂ ᠦᠶᠡᠷ ᠢ ᠰᠡᠷᠭᠡᠶᠢᠯᠡᠬᠦ ᠠᠵᠢᠯ ᠤᠨ ᠭᠤᠤᠯᠳᠠᠯᠭ᠎ᠠ ᠶᠢ ᠠᠳᠬᠤᠨ᠂ ᠠᠭᠤᠷᠬᠠᠢ ᠶᠢᠨ ᠣᠷᠣᠨ᠂ ᠵᠠᠮ᠂ ᠬᠦᠭᠦᠷᠭᠡ᠂ ᠭᠡᠷ ᠪᠠᠶᠢᠰᠢᠩ᠂ ᠤᠰᠤᠨ ᠴᠦᠬᠦᠷᠦᠮ᠂ ᠤᠰᠤᠨ ᠬᠠᠰᠢᠯᠭ᠎ᠠ ᠪᠠ ᠦᠨᠦᠴᠢᠨ ᠪᠡᠯᠪᠡᠰᠤᠨ ᠨᠠᠰᠤᠳᠠᠨ᠂ ᠬᠡᠦᠬᠡᠳ ᠤᠨ ᠠᠮᠤᠷ ᠲᠦᠪᠰᠢᠨ ᠬᠢᠭᠡᠳ ᠭᠠᠵᠠᠷ ᠰᠣᠳᠣᠯᠣᠯ ᠤᠨ ᠭᠠᠢ ᠭᠠᠮᠰᠢᠭ ᠡᠬᠦᠰᠬᠦ ᠶᠢ ᠣᠨᠴᠠ ᠠᠩᠬᠠᠷᠤᠨ᠂ ᠠᠷᠠᠳ ᠲᠦᠮᠡᠨ ᠤ ᠠᠮᠢ ᠨᠠᠰᠤ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠬᠤ ᠬᠡᠷᠡᠭᠳᠡᠢ᠃ ᠡᠯ᠎ᠡ ᠪᠠᠯᠭᠠᠰᠤ ᠡᠯ᠎ᠡ ᠰᠠᠯᠠᠭ᠎ᠠ ᠮᠦᠴᠢᠷ ᠡᠷᠬᠡᠪᠰᠢ ᠴᠢᠬᠤᠯᠠᠴᠢᠯᠠᠨ ᠦᠵᠡᠵᠦ᠂ ᠪᠡᠯᠡᠳᠭᠡᠯ ᠠᠵᠢᠯ ᠢ ᠰᠠᠶᠢᠳᠤᠷ ᠬᠢᠵᠦ᠂ ᠪᠠᠴᠢᠮ ᠰᠢᠢᠳᠪᠦᠷᠢᠯᠡᠬᠦ ᠲᠦᠰᠦᠯ ᠢᠶᠠᠨ ᠴᠠᠭ ᠲᠠᠷᠤᠢ ᠳᠤᠨᠢ ᠮᠡᠳᠡᠬᠦᠯᠦᠯᠲᠡ ᠬᠢᠵᠦ᠂ ᠦᠶᠡᠷ ᠢ ᠰᠡᠷᠭᠡᠶᠢᠯᠡᠬᠦ ᠡᠮᠦᠨ᠎ᠡ ᠹᠷᠤᠨᠲ ᠤᠨ ᠵᠢᠵᠢᠬᠦᠷᠯᠡᠭᠡ  ᠪᠠ ᠡᠳ᠋ ᠪᠠᠷᠠᠭ᠎ᠠ᠂ ᠡᠩᠨᠡᠭᠡ᠂ ᠪᠡᠯᠡ ᠮᠦᠩᠬᠦ ᠶᠢᠨ ᠬᠤᠷᠠᠮᠳᠤᠭᠤᠯᠭ᠎ᠠ ᠵᠡᠷᠭᠡ ᠪᠡᠯᠡᠳᠭᠡᠯ ᠠᠵᠢᠯ ᠢ ᠰᠠᠶᠢᠳᠤᠷ ᠬᠢᠵᠦ᠂ ᠭᠠᠮᠰᠢᠭ ᠢ ᠬᠠᠮᠤᠭ ᠤᠨ ᠪᠠᠭ᠎ᠠ ᠬᠡᠮᠵᠢᠶᠡᠨ ᠳᠤ ᠪᠣᠯᠭᠠᠬᠤ ᠬᠡᠷᠡᠭᠳᠡᠢ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号