ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠯᠢᠨ ᠶᠦᠩ ᠭᠠᠩ ᠨᠠᠷᠢᠨ ᠲᠤᠬᠤᠢ ᠪᠠᠯᠭᠠᠰᠤᠨ ᠤ ᠦᠶᠡᠷ ᠢ ᠰᠡᠷᠬᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-08-16
     7 ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠎ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠯᠢᠨ ᠶᠦᠩ ᠭᠠᠩ ᠨᠠᠷᠢᠨ ᠲᠤᠬᠤᠢ ᠪᠠᠯᠭᠠᠰᠤᠨ ᠎ ᠳᠤ ᠦᠶᠡᠷ ᠢ ᠰᠡᠷᠬᠡᠶᠢᠯᠡᠬᠦ ᠠᠵᠢᠯ ᠢ ᠪᠠᠶᠢᠴᠠᠭᠠᠨ ᠰᠤᠳᠤᠯᠵᠤ᠂ ᠨᠠᠷᠢᠨ ᠲᠤᠬᠤᠢ ᠪᠠᠯᠭᠠᠰᠤᠨ ᠤ ᠨᠠᠮ ᠤᠨ ᠬᠤᠷᠢᠶᠠᠨ ᠎ ᠤ ᠲᠡᠳ᠋ ᠱᠦᠵᠢ᠂ ᠪᠠᠯᠭᠠᠰᠤᠨ ᠲᠠᠷᠤᠭ᠎ᠠ ᠴᠧᠨ ᠯᠢ ᠳ᠋ᠦᠩ᠂ ᠪᠠᠯᠭᠠᠰᠤᠨ ᠤ ᠲᠡᠳ᠋ ᠲᠠᠷᠤᠭ᠎ᠠ ᠮᠠ ᠼᠠᠢ ᠬᠤᠩ ᠪᠠᠷᠠᠳᠠᠨ ᠪᠠᠶᠢᠴᠠᠭᠠᠨ ᠰᠤᠳᠤᠯᠤᠯᠳᠠ ᠬᠢᠪᠡ᠃      ᠯᠢᠨ ᠶᠦᠩ ᠭᠠᠩ ᠤᠷᠢᠳ ᠬᠤᠵᠢᠳ ᠵᠡᠬᠦᠨ ᠤᠯᠠᠭᠠᠨᠮᠦ᠋ᠷᠡᠨ ᠵᠢᠭᠤᠯᠴᠢᠯᠠᠯ ᠤᠨ ᠲᠤᠰᠬᠠᠢ ᠱᠤᠭᠤᠮ᠂ ᠪᠤᠯᠠᠭ ᠤᠰᠤᠨ ᠴᠦᠬᠦᠷᠦᠮ᠂ ᠲᠦᠩ ᠹᠦ᠋ ᠨᠡᠬᠦᠷᠡᠰᠦᠨ ᠠᠭᠤᠷᠬᠠᠢ ᠵᠡᠷᠬᠡ ᠭᠤᠤᠯᠳᠠᠯᠭᠠᠳᠤ ᠦᠶᠡᠷ ᠢ ᠰᠡᠷᠬᠡᠶᠢᠯᠡᠬᠦ ᠠᠮᠤᠷ ᠲᠦᠪᠰᠢᠨ ᠤ ᠲᠠᠯᠳᠠ ᠬᠡᠮ ᠤᠷᠤᠰᠢᠵᠤ ᠪᠠᠶᠢᠭ᠎ᠠ ᠭᠠᠵᠠᠷ ᠲᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠠ ᠬᠢᠪᠡ᠃      ᠯᠢᠨ ᠶᠦᠩ ᠭᠠᠩ ᠴᠢᠬᠤᠯᠠᠴᠢᠯᠠᠬᠤ ᠳᠠᠭᠠᠨ᠂ ᠨᠠᠷᠢᠨ ᠲᠤᠬᠤᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠦᠶᠡᠷ ᠢ ᠰᠡᠷᠬᠡᠶᠢᠯᠡᠬᠦ ᠠᠵᠢᠯ ᠤᠨ ᠦᠵᠡᠯᠳᠡ ᠲᠠᠨᠢᠯᠳᠠ ᠪᠠᠨ ᠲᠡᠬᠡᠭᠰᠢᠯᠡᠬᠦᠯᠵᠦ᠂ ᠲᠠᠯᠳᠠ ᠬᠡᠮ ᠤᠨ ᠴᠡᠭᠴᠡᠯᠡᠯᠳᠡ᠂ ᠪᠠᠴᠢᠮ ᠠᠪᠤᠷᠠᠯᠳᠠ ᠶᠢᠨ ᠲᠦᠬᠦᠬᠡᠷᠦᠮᠵᠢ ᠵᠡᠷᠬᠡ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠠᠳᠬᠤᠬᠤ ᠬᠡᠷᠡᠭᠳᠠᠢ ᠬᠡᠪᠡ᠃      ᠯᠢᠨ ᠶᠦᠩ ᠭᠠᠩ ᠴᠢᠬᠤᠯᠠᠴᠢᠯᠠᠬᠤ ᠳᠠᠭᠠᠨ᠂ ᠪᠦᠬᠦ ᠬᠡᠪᠴᠢᠶᠡᠨ ᠤ ᠪᠠᠶᠢᠴᠠᠭᠠᠯᠳᠠ ᠶᠢ ᠬᠢᠵᠦ᠂ ᠤᠰᠤᠨ ᠴᠦᠬᠦᠷᠦᠮ᠂ ᠬᠠᠰᠢᠯᠭ᠎ᠠ᠂ ᠬᠠᠶᠠᠭᠳᠠᠮᠠᠯ ᠬᠤᠳᠳᠤᠭ᠂ ᠠᠶᠤᠯᠳᠠᠢ ᠵᠠᠮ᠂ ᠤᠰᠤ ᠦᠩᠬᠡᠷᠡᠬᠦ ᠵᠠᠮ ᠤᠨ ᠬᠡᠰᠡᠭ᠂ ᠬᠠᠭᠤᠴᠢᠨ ᠬᠡᠷ ᠪᠠᠶᠢᠰᠢᠩ᠂ ᠠᠭᠤᠷᠬᠠᠢ ᠵᠢᠴᠢ ᠰᠢᠷᠤᠢ ᠮᠠᠯᠳᠠᠭᠰᠠᠨ ᠭᠠᠵᠠᠷ ᠵᠡᠷᠬᠡ ᠭᠤᠤᠯᠳᠠᠯᠭᠠᠳᠤ ᠲᠠᠯ᠎ᠠ ᠶᠢᠨ ᠦᠶᠡᠷ ᠢ ᠰᠡᠷᠬᠡᠶᠢᠯᠡᠵᠤ ᠠᠮᠦᠷ ᠲᠦᠪᠰᠢᠨ ᠤ ᠲᠡᠯᠳᠡ ᠬᠡᠮ ᠢ ᠪᠠᠶᠢᠴᠠᠭᠠᠨ ᠴᠡᠭᠴᠡᠯᠡᠵᠦ᠂ ᠲᠠᠯᠳᠠ ᠬᠡᠮ ᠤᠨ ᠴᠡᠭᠴᠡᠯᠡᠯᠳᠡ ᠶᠢ ᠬᠦᠢᠴᠡᠳ ᠬᠢᠵᠦ᠂ ᠵᠠᠰᠠᠨ ᠴᠡᠭᠴᠡᠯᠡᠬᠦ ᠠᠷᠭ᠎ᠠ ᠬᠡᠮᠵᠢᠶ᠎ᠡ ᠪᠠᠨ ᠢᠯᠡ ᠲᠤᠳᠤ ᠪᠤᠯᠭᠠᠵᠤ᠂ ᠵᠠᠰᠠᠨ ᠴᠡᠭᠴᠡᠯᠡᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠳᠠᠢ᠃ ᠦᠶᠡᠷ ᠢ ᠰᠡᠷᠬᠡᠶᠢᠯᠡᠬᠦ ᠪᠠᠴᠢᠮ ᠲᠦᠰᠤᠪ ᠢᠶᠠᠨ ᠤᠯᠠᠮ ᠲᠡᠬᠦᠯᠳᠡᠷᠵᠢᠬᠦᠯᠵᠦ᠂ ᠪᠠᠴᠢᠮ ᠠᠪᠤᠷᠠᠯᠳᠠ ᠶᠢᠨ ᠡᠩᠨᠡᠭᠡ᠂ ᠮᠧᠬᠠᠨᠢᠭ᠂ ᠡᠳ᠋ ᠪᠤᠳᠠᠰ ᠪᠠᠶᠢᠬᠤ ᠶᠢ ᠪᠠᠳᠤᠯᠠᠨ᠂ ᠦᠶᠡᠷ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠪᠦᠳᠦᠮᠵᠢᠳᠠᠢ ᠦᠷᠨᠢᠬᠦᠯᠬᠦ ᠶᠢ ᠪᠠᠳᠤᠯᠠᠬᠤ ᠬᠡᠷᠡᠭᠳᠠᠢ᠃ ᠬᠠᠷᠢᠶᠠᠨ ᠲᠤᠳᠤᠷᠠᠬᠢ ᠦᠢᠯᠡᠳᠪᠦᠷᠢ ᠠᠭᠤᠷᠬᠠᠢ ᠠᠵᠤ ᠠᠬᠤᠶᠢᠯᠠᠯ ᠤᠨ ᠤᠯᠠᠨ ᠲᠠᠯ᠎ᠠ ᠶᠢᠨ ᠲᠠᠪᠠᠭᠤᠯᠢᠭ ᠎ ᠢᠶᠠᠨ ᠬᠦᠢᠴᠡᠳ ᠪᠠᠳᠠᠷᠠᠭᠤᠯᠵᠤ᠂ ᠡᠬᠢ ᠪᠠᠶᠠᠯᠢᠭ ᠢᠶᠠᠨ ᠪᠦᠳᠦᠮᠵᠢᠳᠠᠢ ᠨᠢᠬᠡᠳᠬᠡᠨ᠂ ᠬᠤᠯᠪᠤᠯᠴᠠᠭ᠎ᠠ ᠨᠡᠪᠳᠡᠷᠡᠯᠴᠡᠭᠡ ᠎ ᠪᠠᠨ ᠴᠢᠩᠭᠠᠳᠬᠠᠨ᠂ ᠠᠵᠢᠯ ᠤᠨ ᠬᠠᠮᠳᠤᠷᠠᠯᠴᠠᠭ᠎ᠠ ᠶᠢ ᠪᠦᠷᠢᠯᠳᠦᠬᠦᠯᠵᠦ᠂ ᠠᠮᠦᠷ ᠲᠦᠪᠰᠢᠨ ᠢᠶᠠᠷ ᠦᠶᠡᠷ ᠤᠨ ᠬᠤᠭᠤᠴᠠᠭ᠎ᠠ ᠶᠢ ᠦᠩᠬᠡᠷᠡᠬᠦᠯᠬᠦ ᠶᠢ ᠪᠠᠳᠤᠯᠠᠬᠤ ᠬᠡᠷᠡᠭᠳᠠᠢ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号