ᠵᠠᠰᠠᠭ ᠪᠠᠯᠭᠠᠰᠤᠨ ᠤ ᠲᠤᠭᠠᠩ ᠤᠨ ᠤᠪᠤᠭ᠎ᠠ ᠭᠠᠴᠠᠭ᠎ᠠ ᠤᠪᠤᠭᠠᠨ ᠤ ᠲᠠᠬᠢᠯᠭ᠎ᠠ ᠵᠢᠴᠢ ᠨᠠᠭᠠᠳᠤᠮ ᠤᠨ ᠬᠤᠷᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-08-16
     ᠪᠢᠯᠢᠭ ᠤᠨ ᠤᠯᠠᠷᠢᠯ ᠤᠨ ᠵᠢᠷᠭᠤᠭᠠᠨ ᠰᠠᠷ᠎ᠠ ᠶᠢᠨ ᠠᠷᠪᠠᠨ ᠭᠤᠷᠪᠠᠨ ︵7 ᠰᠠᠷ᠎ᠠ ᠶᠢᠨ 25᠎ ᠤ ᠡᠳᠦᠷ︶  ᠪᠤᠯ ᠵᠠᠰᠠᠭ ᠪᠠᠯᠭᠠᠰᠤᠨ ᠤ ᠲᠤᠭᠠᠩ ᠤᠨ ᠤᠪᠤᠭ᠎ᠠ ᠶᠢᠨ ᠤᠪᠤᠭᠠᠨ ᠤ ᠲᠠᠬᠢᠯᠭ᠎ᠠ ᠶᠢᠨ ᠡᠳᠦᠷ ᠪᠤᠯᠤᠨ᠎ᠠ᠃ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠳᠠ᠂ ᠦᠬᠠᠢ ᠵᠢᠴᠢ ᠮᠠᠨ ᠤ ᠬᠤᠳᠠ ᠶᠢᠨ ᠤᠷᠴᠢᠨ ᠲᠤᠭᠤᠷᠢᠨ ᠤ ᠬᠤᠰᠢᠭᠤ ᠲᠤᠭᠤᠷᠢᠭ ᠤᠨ ᠮᠤᠩᠭᠤᠯᠴᠤᠳ᠂ ᠮᠤᠩᠭᠤᠯ ᠢᠶᠠᠷ ᠢᠶᠠᠨ ᠭᠤᠶᠤᠯᠠᠵᠤ᠂ ᠵᠠᠰᠠᠭ ᠪᠠᠯᠭᠠᠰᠤᠨ ᠤ ᠲᠤᠭᠠᠩ ᠤᠨ ᠤᠪᠤᠭᠠᠨ ᠤ ᠲᠠᠬᠢᠯᠭ᠎ᠠ ᠳᠤ ᠤᠷᠤᠯᠴᠠᠭᠰᠠᠨ ᠪᠠᠶᠢᠨ᠎ᠠ᠃ ᠲᠠᠬᠢᠯᠭ᠎ᠠ ᠳᠤ ᠢᠷᠦᠬᠡᠯ ᠲᠠᠯᠪᠢᠬᠤ᠂ ᠭᠤᠯᠤᠮᠳᠠ ᠭᠠᠯ ᠢᠶᠠᠨ ᠲᠦᠷᠡᠯᠵᠡᠬᠦᠯᠬᠦ᠂ ᠲᠠᠬᠢᠯᠭ᠎ᠠ ᠶᠢᠨ ᠡᠳ᠋ ᠡᠷᠬᠦᠬᠦ ᠵᠡᠷᠬᠡ ᠶᠤᠰᠤᠯᠠᠯ ᠢᠶᠠᠷ ᠪᠦᠷᠢᠯᠳᠦᠵᠦ᠂ ᠬᠤᠷ᠎ᠠ ᠪᠤᠷᠤᠭᠠᠨ ᠡᠯᠪᠡᠭ᠂ ᠠᠶᠢᠯ ᠬᠡᠷ ᠤᠨ ᠠᠵᠠ ᠵᠢᠷᠭᠠᠯ᠂ ᠤᠯᠤᠰ ᠤᠷᠤᠨ ᠠᠮᠦᠷ ᠲᠤᠭᠳᠠᠭᠤᠨ ᠢ ᠲᠠᠭᠠᠳᠬᠠᠵᠤ᠂ ᠮᠤᠩᠭᠤᠯᠴᠤᠳ ᠤᠨ ᠡᠬᠡ ᠪᠠᠶᠢᠭᠠᠯᠢ ᠪᠠᠨ ᠰᠢᠳᠦᠳᠡᠭ ᠵᠠᠩ ᠦᠢᠯᠡ ᠶᠢ ᠢᠯᠡᠷᠡᠬᠦᠯᠪᠡ᠃ ᠲᠠᠬᠢᠯᠭ᠎ᠠ ᠲᠡᠬᠦᠰᠦᠭᠰᠡᠨ ᠤ ᠲᠠᠷᠠᠭ᠎ᠠ᠂ ᠭᠠᠴᠠᠭᠠᠨ ᠤ ᠠᠷᠠᠳ ᠤᠨ ᠲᠤᠭᠯᠠᠯᠳᠠ ᠶᠢᠨ ᠲᠠᠶᠢᠰᠠᠨ ᠳᠤ ᠤᠷᠠᠨ ᠰᠠᠶᠢᠬᠠᠨ ᠤ ᠲᠤᠭᠯᠠᠯᠳᠠ ᠭᠠᠷᠭᠠᠵᠤ᠂ ᠭᠠᠴᠠᠭᠠᠨ ᠤ ᠨᠠᠭᠠᠳᠤᠮ ᠵᠢᠩᠬᠢᠨᠢ ᠪᠠᠷ ᠡᠬᠢᠯᠡᠪᠡ᠃ ᠮᠦᠩᠬᠡᠴᠢ ᠭᠠᠴᠠᠭ᠎ᠠ᠂ ᠦᠤᠰᠢᠨ ᠬᠤᠰᠢᠭᠤᠨ ᠤ ᠮᠠᠯᠴᠢᠳ ᠤᠨ ᠲᠤᠭᠯᠠᠯᠳᠠ ᠶᠢᠨ ᠪᠦᠯᠬᠦᠮ᠂ ᠲᠤᠭᠠᠩ ᠤᠨ ᠤᠪᠤᠭ᠎ᠠ ᠶᠢᠨ ᠤᠷᠠᠨ ᠰᠠᠶᠢᠬᠠᠨ ᠤ ᠪᠦᠯᠬᠦᠮ ᠠᠴᠠ ᠲᠤᠭᠯᠠᠯᠳᠠ ᠭᠠᠷᠭᠠᠪᠠ᠃      ᠲᠠᠷᠠᠭ᠎ᠠ ᠡᠳᠦᠷ ᠤᠨ ᠨᠠᠭᠠᠳᠤᠮ ᠳᠤ᠂ ᠵᠢᠷᠤᠭ᠎ᠠ ᠮᠤᠷᠢ᠂ ᠰᠤᠷ ᠬᠠᠷᠪᠤᠬᠤ᠂ ᠪᠦᠬᠡ ᠪᠠᠷᠢᠯᠳᠤᠬᠤ ᠵᠡᠷᠬᠡ ᠮᠤᠩᠭᠤᠯ ᠦᠨᠳᠦᠰᠦᠳᠡᠨ ᠤ ᠤᠯᠠᠮᠵᠢᠯᠠᠯᠳᠤ ᠡᠷ᠎ᠡ ᠶᠢᠨ ᠭᠤᠷᠪᠠᠨ ᠨᠠᠭᠠᠳᠤᠮ ᠢ ᠶᠠᠪᠤᠭᠳᠠᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号