ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ | ᠰᠠᠨᠠᠭ᠎ᠠ ᠪᠣᠯᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠠᠨᠠᠯ︾ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠨᠠᠢᠳᠠᠪᠤᠷᠢᠵᠢᠭᠤᠯᠬᠤ᠂ ᠰᠣᠶᠣᠯ ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ | ᠪᠠᠭᠤᠯᠭᠠᠬᠤ︾ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠥᠷᠭᠡᠳᠬᠡᠵᠦ᠂ ᠲᠣᠭᠯᠠᠯᠲᠠ᠂ | ᠤᠬᠠᠭᠤᠯᠭ᠎ᠠ᠂ ᠬᠠᠪᠰᠤᠷᠤᠨ ᠵᠢᠯᠤᠭᠤᠳᠤᠯᠭ᠎ᠠ᠂ ᠦᠢᠯᠡᠴᠢᠯᠡᠭᠡ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠢ ᠨᠠᠩ | ᠰᠠᠶᠢᠲᠤᠷ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ ᠶᠤᠮ᠃ | 11 ᠰᠠᠷ᠎ᠠ ᠶᠢᠨ 21 ᠤ ᠡᠳᠦᠷ᠂ ᠬᠤᠲᠠ᠂ ᠬᠤᠰᠢᠭᠤ ᠬᠤᠶᠠᠷ ᠱᠠᠲᠤᠨ ᠤ ︽ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠷᠠᠳ ᠤᠨ ᠲᠤᠮᠳᠠ ᠬᠦᠨᠵᠡᠬᠡᠶᠢᠷᠡᠬᠦ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠰᠠᠶᠢᠨ ᠳᠤᠷ᠎ᠠ ᠶᠢᠨ ᠦᠢᠯᠡᠴᠢᠯᠡᠭᠡ ᠵᠢᠴᠢ ᠰᠣᠶᠣᠯ ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ | ᠬᠥᠳᠡᠭᠡ ᠪᠠᠭᠤᠯᠭᠠᠬᠤ︾ ᠠᠵᠢᠯᠯᠠᠭ᠎ᠠ ᠵᠠᠰᠠᠭ ᠪᠠᠯᠭᠠᠰᠤᠨ ᠳᠤ ᠡᠬᠢᠯᠡᠪᠡ᠃ | | | | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢᠦ ᠵᠢᠶᠠᠨ ᠰᠢᠶᠦ᠋ᠨ | ᠪᠠᠶᠠᠷ ᠤᠨ ᠦᠭᠡ ᠬᠡᠯᠡᠪᠡ | | | | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢᠦ ᠵᠢᠶᠠᠨ ᠰᠢᠶᠦ᠋ᠨ | ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠮᠢᠩ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠴᠧᠨ ᠰᠢ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠣᠮᠢᠯᠠᠭᠰᠠᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠭᠦᠸᠧ ᠯᠧᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠣᠣ᠂ ᠬᠤᠰᠢᠭᠤᠨ ᠤ ᠤᠯᠤᠰ ᠲᠦᠷᠦ ᠶᠢᠨ | ᠵᠦᠪᠯᠡᠯᠬᠡᠨ ᠤ ᠲᠡᠷᠢᠬᠦᠯᠡᠭᠴᠢ ᠪᠠᠳᠤᠵᠠᠶᠠᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠰᠢᠶᠠᠩ ᠭᠦᠸᠧ ᠪᠠᠶᠠᠷ ᠤᠨ | ᠦᠭᠡ ᠬᠡᠯᠡᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠼᠠᠢ ᠢᠦᠶ | ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | | | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠾᠧ ᠰᠢᠶᠠᠩ | ᠭᠥᠸᠧ ᠪᠠᠶᠠᠷ ᠤᠨ ᠦᠭᠡ ᠬᠡᠯᠡᠪᠡ | | ᠾᠧ ᠰᠢᠶᠠᠩ ᠭᠦᠸᠧ᠂ ᠪᠦᠬᠦ ᠬᠤᠲᠠ ᠶᠢᠨ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠠᠷᠠᠳ ᠤᠨ ᠳᠤᠮᠳᠠ ᠬᠦᠨᠵᠡᠬᠡᠶᠢᠷᠡᠬᠦ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ | ᠦᠶ᠋ᠯᠡᠴᠢᠯᠡᠭᠡ ᠵᠢᠴᠢ ᠰᠣᠶᠣᠯ ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠤ ᠵᠠᠰᠠᠭ ᠪᠠᠯᠭᠠᠰᠤᠨ ᠳᠤ ᠶᠠᠪᠤᠭᠳᠠᠭᠰᠠᠨ ᠪᠣᠯ | ᠪᠦᠬᠦ ᠬᠤᠰᠢᠭᠤᠨ ᠤ ᠠᠷᠠᠳ ᠲᠦᠮᠡᠨ ᠤ ᠠᠩᠬᠠᠷᠴᠤ ᠪᠠᠶᠢᠭ᠎ᠠ ᠲᠤᠮᠤ ᠶᠠᠪᠤᠳᠠᠯ ᠮᠥᠨ᠂ ᠮᠥᠨᠴᠦ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠵᠡᠨ ᠬᠤᠷᠤᠭ᠎ᠠ ᠬᠤᠰᠢᠭᠤᠨ ᠤ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠪᠠᠶᠠᠷ ᠤᠨ ᠶᠠᠪᠤᠳᠠᠯ ᠮᠥᠨ᠃ ᠡᠵᠡᠨ ᠬᠤᠷᠤᠭ᠎ᠠ ᠬᠤᠰᠢᠭᠤ ᠲᠣᠰ ᠤᠳᠠᠭ᠎ᠠ ᠶᠢᠨ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠪᠠ ᠶᠢᠰᠦᠳᠦᠭᠡᠷ | ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ | ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠨ ᠳᠤᠮᠳᠠ ᠬᠦᠨᠵᠡᠬᠡᠶᠢᠷᠡᠬᠦ︾ ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶ᠋ᠯᠡᠴᠢᠯᠡᠭᠡ ᠪᠠ ︽ᠭᠤᠷᠪᠠ ᠶᠢ ᠬᠥᠳᠡᠭᠡ ᠪᠠᠭᠤᠯᠭᠠᠬᠤ︾ | ᠠᠵᠢᠯᠯᠠᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠠᠴᠠ ᠭᠠᠷᠲᠠᠨ | ᠪᠠ ᠪᠣᠳᠠᠲᠠᠶ ᠠᠷᠭ᠎ᠠ ᠬᠡᠮᠵᠢᠶ᠎ᠡ ᠪᠣᠯᠭᠠᠨ᠎ᠠ᠃ ᠠᠵᠢᠯᠯᠠᠭ᠎ᠠ ᠶᠢᠨ ᠬᠡᠯᠪᠡᠷᠢ ᠶᠢ ᠦᠨᠡᠨᠬᠦ ᠬᠠᠯᠠᠨ ᠰᠠᠶᠢᠵᠢᠷᠠᠭᠤᠯᠵᠤ᠂ | ᠠᠵᠢᠯᠯᠠᠭ᠎ᠠ ᠶᠢᠨ ᠠᠷᠭ᠎ᠠ ᠵᠠᠮ ᠢᠶᠠᠨ ᠥᠷᠭᠡᠳᠬᠡᠨ᠂ ᠠᠵᠢᠯᠯᠠᠭ᠎ᠠ ᠶᠢᠨ ᠠᠭᠤᠯᠭ᠎ᠠ ᠪᠠᠨ ᠲᠡᠭᠦᠯᠳᠡᠷᠵᠢᠭᠦᠯᠵᠦ᠂ | ᠠᠵᠢᠯᠯᠠᠭ᠎ᠠ ᠶᠢᠨ ᠠᠭᠤᠯᠤᠭᠳᠠᠬᠤᠨ ᠢᠶᠠᠨ ᠪᠠᠶᠠᠯᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠦᠬᠦᠬᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ︽ᠮᠢᠩᠭᠠᠨ | ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢᠶᠠᠷ ᠠᠵᠢᠯᠯᠠᠭ᠎ᠠ ᠬᠢᠬᠦ︾ ᠮᠠᠯᠴᠢᠨ ᠲᠠᠷᠢᠶᠠᠴᠢᠨ ᠤ ᠬᠡᠪ | ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶᠢᠷᠡᠭᠦᠯᠵᠦ᠂ ᠡᠵᠡᠨ ᠬᠤᠷᠤᠭ᠎ᠠ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠠᠵᠤ ᠦᠢᠯᠡᠰ ᠢ ᠨᠡᠩ ᠪᠠᠳᠠᠷᠠᠩᠭᠤᠢ᠂ ᠠᠮᠢ ᠠᠬᠤᠶ ᠶᠢ ᠨᠠᠩ ᠲᠠᠭᠠᠯᠠᠮᠵᠢᠲᠠᠶ᠂ ᠨᠤᠲᠤᠭ ᠤᠨ | ᠰᠤᠷᠲᠠᠯ ᠢ ᠨᠠᠩ ᠪᠣᠯᠪᠠᠰᠤᠨ᠂ ᠵᠠᠰᠠᠯᠲᠠ ᠶᠢ ᠨᠠᠩ ᠪᠦᠲᠦᠮᠵᠢᠲᠡᠶ᠂ ᠠᠮᠢᠳᠤᠷᠠᠯ ᠢ ᠨᠠᠩ ᠪᠠᠶᠠᠨ ᠴᠢᠨᠡᠭᠡᠯᠢᠭᠵᠢᠬᠦᠯᠦᠨᠡ | ᠬᠡᠪᠡ᠃ | | | | ᠯᠢᠦ ᠵᠢᠶᠠᠨ ᠰᠢᠶᠦ᠋ᠨ ᠪᠠᠶᠠᠷ ᠤᠨ ᠦᠭᠡ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠲᠤ | ᠬᠠᠷᠢᠭᠤ ᠵᠠᠬᠢᠳᠠᠯ ᠢᠯᠡᠭᠡᠭᠰᠡᠨ ᠬᠤᠶᠠᠷ ᠵᠢᠯ ᠤᠨ ᠣᠢ ᠶᠢᠨ ᠲᠠᠰᠢᠷᠠᠮ ᠢᠶᠠᠷ᠂ ᠬᠤᠲᠠ ᠬᠤᠰᠢᠭᠤ ᠬᠤᠶᠠᠷ | ᠱᠠᠲᠤᠨ ᠤ ᠬᠢᠨ ᠲᠣᠰ ᠤᠳᠠᠭ᠎ᠠ ᠶᠢᠨ ᠠᠵᠢᠯᠯᠠᠭ᠎ᠠ ᠥᠷᠨᠢᠭᠦᠯᠵᠦ᠂ ︽ᠤᠯᠠᠭᠠᠨᠮᠥ᠋ᠴᠢᠷ +︾ ᠶᠢᠨ ᠰᠢᠨ᠎ᠡ ᠶᠢ | ᠡᠭᠦᠳᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠣᠶᠣᠯ᠂ ᠰᠢᠨᠵᠢᠯᠡᠭᠡ ᠮᠡᠷᠭᠡᠵᠢᠯ᠂ ᠡᠷᠡᠭᠦᠯ ᠬᠠᠮᠠᠭᠠᠯᠠᠯ᠂ ᠬᠠᠤᠯᠢ | ᠴᠠᠭᠠᠵᠠ ᠪᠣᠯᠤᠨ ᠮᠠᠯ ᠠᠵᠤ ᠠᠬᠤᠶ ᠡᠪᠡᠰᠦ ᠪᠡᠯᠴᠢᠭᠡᠷ᠂ ᠵᠠᠮ ᠬᠠᠷᠢᠯᠴᠠᠭ᠎ᠠ᠂ ᠴᠠᠬᠢᠯᠭᠠᠨ ᠤ ᠦᠢᠯᠡᠰ ᠵᠡᠷᠭᠡ ᠰᠠᠯᠠᠭ᠎ᠠ | ᠮᠥᠴᠢᠷ ᠤᠳ ᠢ ᠬᠤᠯᠪᠣᠭᠠᠯᠠᠨ ᠨᠢᠭᠡᠳᠬᠡᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠮᠠᠯᠵᠢᠬᠤ | ᠲᠠᠷᠢᠶᠠᠯᠠᠬᠤ ᠣᠷᠣᠨ ᠲᠡᠰᠢ ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ | ᠢ ᠨᠡᠪᠲᠡᠷᠡᠭᠦᠯᠤᠨ᠎ᠠ ᠬᠡᠪᠡ᠃ | ᠯᠢᠦ ᠵᠢᠶᠠᠨ ᠰᠢᠶᠦ᠋ᠨ᠂ ᠤᠯᠠᠭᠠᠨᠮᠥ᠋ᠴᠢᠷ ᠤᠨ ᠦᠨᠳᠦᠰᠦᠨ ᠱᠠᠳᠤᠨ ᠳᠤ ᠬᠦᠨᠵᠡᠬᠡᠶᠢᠷᠡᠬᠦ ᠪᠠ ᠰᠣᠶᠣᠯ | ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠬᠦ ᠪᠣᠯ | ᠠᠷᠠᠳ ᠲᠦᠮᠡᠨ ᠳᠤ ᠵᠣᠯ ᠵᠢᠷᠭᠠᠯ ᠣᠯᠭᠤᠬᠤ ᠤᠭ ᠰᠠᠨᠠᠭ᠎ᠠ ᠶᠢ ᠦᠢᠯᠡᠳᠦᠯᠭᠡᠵᠢᠭᠦᠯᠵᠦ᠂ ᠣᠯᠠᠨ ᠲᠦᠮᠡᠨᠴᠢ | ᠱᠤᠭᠤᠮ ᠢ ᠪᠣᠳᠠᠲᠠᠶᠢᠵᠢᠭᠤᠯᠬᠤ ᠨᠢᠭᠡ ᠵᠦᠢᠯ ᠤᠨ ᠠᠵᠢᠯ ᠪᠣᠯᠤᠨ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠡᠷᠡᠰ ᠭᠤᠶᠢᠪᠢᠰᠢ ᠦᠭᠡᠢ ᠠᠳᠬᠤᠵᠤ᠂ ᠴᠥᠬᠦᠷᠡᠰᠢ ᠦᠭᠡᠢ ᠠᠳᠬᠤᠬᠤ ᠪᠣᠯᠤᠨ᠎ᠠ᠃ ᠬᠤᠰᠢᠭᠤ | ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢᠮᠠᠭᠲᠠ ᠨᠢᠭᠡ ᠯᠡ | ᠠᠳᠠᠯᠢ ᠪᠠᠶᠢᠵᠤ᠂ ᠰᠡᠳᠬᠢᠯ ᠳᠡᠭᠡᠨ ᠠᠪᠴᠤ᠂ ᠭᠠᠷ ᠲᠠᠭᠠᠨ ᠠᠳᠬᠤᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠢ ᠤᠶᠠᠯᠳᠤᠭᠤᠯᠵᠤ᠂ ᠠᠵᠢᠯᠯᠠᠭ᠎ᠠ ᠶᠢᠨ ᠳᠦᠷᠢᠮᠵᠢᠯᠲᠡ᠂ | ᠪᠠᠶᠢᠩᠭᠤᠵᠢᠯᠲᠠ ᠶᠢ ᠴᠢᠨᠠᠭᠰᠢᠳᠠ ᠪᠡᠶᠡᠯᠡᠭᠦᠯᠵᠦ᠂ ︽ᠭᠤᠷᠪᠠ ᠶᠢ ᠬᠥᠳᠡᠭᠡ ᠪᠠᠭᠤᠯᠭᠠᠬᠤ︾ ᠶᠢ ︽ᠦᠷᠭᠦᠯᠵᠢ | ᠬᠥᠳᠡᠭᠡ ᠪᠠᠭᠤᠯᠭᠠᠬᠤ︾᠂ ︽ᠦᠷᠭᠦᠯᠵᠢ ᠨᠤᠲᠤᠭ ᠲᠠᠭᠠᠨ ᠪᠠᠶᠢᠬᠤ︾ ᠪᠣᠯᠭᠠᠨ ᠬᠤᠪᠢᠷᠠᠭᠤᠯᠬᠤ ᠬᠡᠷᠡᠭᠲᠡᠶ᠃ | ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ᠂ ᠠᠴᠢ ᠲᠤᠰᠠᠳᠠᠢ ᠰᠢᠨᠵᠢᠯᠡᠭᠡ ᠮᠡᠷᠭᠡᠵᠢᠯ ᠤᠨ ᠮᠡᠳᠡᠯᠭᠡ᠂ | ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠬᠠᠪᠰᠤᠷᠤᠨ ᠵᠢᠯᠣᠭᠤᠳᠤᠯᠭ᠎ᠠ᠂ ᠪᠣᠳᠠᠲᠠᠶ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠢ ᠲᠦᠮᠡᠨ | ᠠᠶᠢᠯ ᠡᠷᠦᠬᠡ ᠳᠤ ᠬᠦᠷᠭᠡᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠡᠳᠬᠢᠯ ᠳᠤ ᠬᠦᠷᠭᠡᠨ᠎ᠡ᠃ | | | | | ᠴᠢᠶᠣᠤ ᠮᠢᠩ᠂ ᠬᠤᠤ ᠶᠦᠩ ᠶᠣᠣ ᠲᠣᠰ ᠲᠣᠰ ᠬᠤᠲᠠ᠂ ᠬᠤᠰᠢᠭᠤᠨ ᠤ ᠰᠣᠶᠣᠯ ᠰᠢᠨᠵᠢᠯᠡᠭᠡ ᠮᠡᠷᠭᠡᠵᠢᠯ ᠡᠷᠡᠭᠦᠯ | ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠪᠦᠷᠢᠯᠳᠦᠬᠦᠨ ᠨᠢᠭᠡᠴᠡ ᠶᠢ ᠲᠥᠯᠥᠭᠡᠯᠡᠨ ᠵᠠᠰᠠᠭ ᠪᠠᠯᠭᠠᠰᠤᠨ ᠳᠤ | ᠡᠳ᠋ ᠪᠣᠳᠠᠰ᠂ ᠲᠥᠷᠥᠯ ᠵᠦᠢᠯ ᠬᠠᠨᠳᠢᠪᠯᠠᠪᠠ | | | ᠴᠧᠨ ᠰᠢ᠂ ᠪᠠᠳᠤᠵᠠᠶᠠᠭ᠎ᠠ ᠲᠣᠰ ᠲᠣᠰ ᠬᠤᠲᠠ᠂ ᠬᠤᠰᠢᠭᠤ ᠬᠤᠶᠠᠷ ᠱᠠᠲᠤᠨ ᠤ ︽ᠲᠠᠯ᠎ᠠ ᠨᠤᠲᠤᠭ ᠤᠨ | ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠤᠨ ᠠᠩᠭᠢ ᠶᠢᠨ | ᠳᠠᠷᠤᠭ᠎ᠠ ᠳᠤ ᠲᠤᠭ ᠣᠯᠭᠤᠪᠠ | | | ᠲᠤᠬᠠᠶ ᠶᠢᠨ ᠲᠠᠯᠠᠪᠠᠢ ᠶᠢᠨ ᠪᠦᠬᠦ ᠡᠪ ᠬᠠᠮᠲᠤ ᠨᠠᠮ ᠤᠨ ᠭᠡᠰᠢᠭᠦᠨ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ | ᠲᠠᠩᠭᠠᠷᠢᠭᠯᠠᠪᠠ | ᠡᠬᠢᠯᠡᠯᠲᠡ ᠶᠢᠨ ᠶᠣᠰᠣᠯᠠᠯ ᠳᠡᠭᠡᠷ᠎ᠡ᠂ ᠴᠢᠶᠣᠤ ᠮᠢᠩ᠂ ᠬᠤᠤ ᠶᠦᠩ ᠶᠣᠣ ᠲᠣᠰ ᠲᠣᠰ ᠬᠤᠲᠠ᠂ | ᠬᠤᠰᠢᠭᠤᠨ ᠤ ᠰᠣᠶᠣᠯ ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ | ᠪᠦᠷᠢᠯᠳᠦᠬᠦᠨ ᠨᠢᠭᠡᠴᠡ ᠶᠢ ᠲᠥᠯᠥᠭᠡᠯᠡᠨ ᠵᠠᠰᠠᠭ ᠪᠠᠯᠭᠠᠰᠤᠨ ᠳᠤ ᠡᠳ᠋ ᠪᠣᠳᠠᠰ᠂ ᠲᠥᠷᠥᠯ ᠵᠦᠶ᠋ᠯ ᠬᠠᠨᠳᠢᠪᠯᠠᠪᠠ᠃ | ᠴᠧᠨ ᠰᠢ᠂ ᠪᠠᠳᠤᠵᠠᠶᠠᠭ᠎ᠠ ᠲᠣᠰ ᠲᠣᠰ ᠬᠤᠲᠠ᠂ ᠬᠤᠰᠢᠭᠤ ᠬᠤᠶᠠᠷ ᠱᠠᠲᠤᠨ ᠤ ︽ᠲᠠᠯ᠎ᠠ ᠨᠤᠲᠤᠭ ᠤᠨ | ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠤᠨ ᠠᠩᠭᠢ ᠶᠢᠨ | ᠳᠠᠷᠤᠭ᠎ᠠ ᠳᠤ ᠲᠤᠭ ᠣᠯᠭᠤᠪᠠ᠃ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠨ | ᠳᠤᠮᠳᠠ ᠬᠦᠨᠵᠡᠬᠡᠶᠢᠷᠡᠬᠦ︾ ᠠᠵᠢᠯᠯᠠᠭ᠎ᠠ ᠶᠢᠨ ᠬᠤᠭᠤᠴᠠᠭᠠᠨ ᠳᠠᠬᠢ ᠲᠣᠭᠯᠠᠯᠲᠠ᠂ ᠤᠬᠠᠭᠤᠯᠭ᠎ᠠ᠂ ᠬᠠᠪᠰᠤᠷᠤᠨ | ᠵᠢᠯᠣᠭᠤᠳᠤᠯᠭ᠎ᠠ᠂ ᠦᠢᠯᠡᠴᠢᠯᠡᠭᠡᠨ ᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠨᠠᠩ ᠰᠠᠶᠢᠲᠤᠷ ᠪᠠᠲᠤᠯᠠᠬᠤ ᠶᠢᠨ | ᠲᠥᠯᠥᠭᠡ᠂ ᠣᠷᠳᠣᠰ ᠬᠤᠲᠠ ᠶᠢᠨ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ | ᠬᠥᠩᠭᠡᠨ ᠮᠣᠷᠢᠲᠤ ᠴᠡᠷᠢᠭ︾ ᠤᠨ ᠲᠦᠷ ᠴᠠᠭ ᠤᠨ ᠨᠠᠮ ᠤᠨ ᠡᠭᠦᠷ ᠢ ᠣᠨᠴᠠᠭᠠᠢᠯᠠᠨ ᠪᠠᠶᠢᠭᠤᠯᠵᠤ᠂ ᠲᠤᠬᠠᠶ ᠶᠢᠨ | ᠲᠠᠯᠠᠪᠠᠢ ᠶᠢᠨ ᠪᠦᠬᠦ ᠡᠪ ᠬᠠᠮᠲᠤ ᠨᠠᠮ ᠤᠨ ᠭᠡᠰᠢᠭᠦᠨ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ | ᠲᠠᠩᠭᠠᠷᠢᠭᠯᠠᠪᠠ᠃ | | | | | | | | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠬᠤᠲᠠ᠂ ᠬᠤᠰᠢᠭᠤ ᠬᠤᠶᠠᠷ ᠱᠠᠲᠤᠨ ᠤ 70 ᠭᠠᠷᠤᠶ ︽ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠨ ᠳᠤᠮᠳᠠ ᠬᠦᠨᠵᠡᠬᠡᠶᠢᠷᠡᠬᠦ︾ ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠰᠣᠶᠣᠯ ᠰᠢᠨᠵᠢᠯᠡᠭᠡ ᠮᠡᠷᠭᠡᠵᠢᠯ ᠡᠷᠡᠭᠦᠯ | ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢᠨ ᠪᠦᠷᠢᠯᠳᠦᠬᠦᠨ ᠨᠢᠭᠡᠴᠡ ᠨᠡᠶᠢᠲᠡ 400 | ᠭᠠᠷᠤᠶ ᠦᠢᠯᠡᠴᠢᠯᠡᠭᠡᠨ ᠤ ᠠᠵᠢᠯᠲᠠᠨ᠂ ᠡᠮ ᠡᠮᠨᠡᠯᠭᠡ ᠶᠢᠨ ᠵᠢᠷᠤᠮ ᠤᠨ ᠡᠮᠴᠢᠯᠡᠭᠡ᠂ ᠬᠠᠶᠢᠷ᠎ᠠ ᠬᠠᠯᠠᠮᠵᠢ ᠶᠢᠨ | ᠬᠤᠳᠠᠯᠳᠤᠭ᠎ᠠ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠰᠣᠶᠣᠯ ᠤᠨ ᠬᠠᠪᠰᠤᠷᠤᠨ ᠵᠢᠯᠣᠭᠤᠳᠤᠯᠭ᠎ᠠ᠂ | ᠤᠷᠠᠨ ᠰᠠᠶᠢᠬᠠᠨ ᠤ ᠲᠣᠭᠯᠠᠯᠲᠠ᠂ ᠰᠢᠨᠵᠢᠯᠡᠭᠡ ᠮᠡᠷᠭᠡᠵᠢᠯ ᠢᠶᠠᠷ ᠬᠠᠪᠰᠤᠷᠤᠨ ᠲᠡᠳᠬᠦᠬᠦ ᠵᠡᠷᠭᠡ ᠠᠷᠠᠳ ᠲᠤ ᠠᠰᠢᠭ | ᠬᠦᠷᠲᠡᠭᠡᠬᠦ ᠦᠢᠯᠡᠴᠢᠯᠡᠭᠡ ᠶᠢ ᠦᠷᠨᠢᠬᠦᠯᠦᠭᠰᠡᠨ ᠪᠠᠶᠢᠨ᠎ᠠ᠃ | | | | | | | | | | | | |