ᠲᠠᠯ᠎ᠠ ᠨᠤᠳᠤᠭ ᠤᠨ ︽ᠲᠠᠨᠠᠨ ᠰᠤᠪᠤᠳ︾
ᠨᠡᠶᠢᠲᠡᠯᠡᠭᠰᠡᠨ ᠴᠠᠭ᠄
2019/11/29
     ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠰᠤᠪᠤᠷᠭ᠎ᠠ ᠭᠠᠴᠠᠭ᠎ᠠ ᠨᠢ ᠲᠠᠯ᠎ᠠ ᠨᠤᠳᠤᠭ ᠤᠨ ᠵᠤᠭᠠᠴᠠᠯ ᠤᠨ ᠡᠬᠢ ᠪᠠᠶᠠᠯᠢᠭ ᠤᠨ ᠲᠠᠪᠠᠭᠤᠯᠢᠭ ᠲᠠᠭᠠᠨ ᠲᠦᠰᠢᠭᠯᠡᠨ ᠮᠤᠩᠭᠤᠯ ᠠᠮᠢᠳᠤᠷᠠᠯ ᠤᠨ ᠠᠭᠤᠷ ᠠᠮᠢᠰᠬᠤᠯ ᠢ ᠢᠯᠡᠷᠡᠬᠦᠯᠦᠭᠰᠡᠨ ᠢᠶᠠᠷ ᠡᠯ᠎ᠡ ᠭᠠᠵᠠᠷ ᠤᠨ ᠵᠤᠭᠠᠴᠠᠭᠰᠠᠳ ᠤᠨ ᠬᠦᠷᠢᠶᠡᠯᠡᠯ ᠢ ᠤᠯᠤᠭᠰᠠᠨ ᠪᠠᠶᠢᠨ᠎ᠠ᠃ ᠡᠨᠡ ᠵᠢᠯ᠂ ᠰᠤᠪᠤᠷᠭ᠎ᠠ ᠭᠠᠴᠠᠭ᠎ᠠ ᠨᠢ ᠭᠠᠴᠠᠭ᠎ᠠ ᠶᠢ ᠳᠠᠭᠠᠭᠠᠴᠢᠯᠡᠵᠤ ᠪᠠᠶᠢᠭ᠎ᠠ ᠰᠠᠢ ᠮᠸᠡᠭ ᠴᠠᠩ ᠨᠡᠬᠦᠷᠡᠰᠦᠨ ᠠᠭᠤᠷᠬᠠᠢ ᠶᠢᠨ ᠳᠡᠳᠬᠦᠨ ᠳᠡᠮᠵᠢᠭᠰᠡᠨ 500 ᠳᠦᠮᠡᠨ ᠳᠦᠬᠦᠷᠢᠭ ᠤᠨ ᠪᠡᠯᠡ ᠮᠦᠡᠭᠬᠦ᠂ ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠳᠤᠪᠴᠢᠶ᠎ᠡ ᠶᠢᠨ 110 ᠳᠦᠮᠡᠨ ᠳᠦᠬᠦᠷᠢᠭ ᠤᠨ ᠳᠦᠷᠦᠯ ᠵᠦᠢᠯ ᠤᠨ ᠪᠡᠯᠡ ᠮᠦᠡᠭᠬᠦ ᠶᠢ ᠨᠡᠶᠢᠯᠡᠬᠦᠯᠦᠭᠡᠳ 610 ᠳᠦᠮᠡᠨ ᠳᠦᠬᠦᠷᠢᠭ ᠤᠨ ᠶᠡᠷᠦᠩᠭᠡᠢ ᠪᠡᠯᠡ ᠤᠷᠤᠭᠤᠯᠤᠯᠳᠠ ᠪᠦᠬᠦᠢ 50 ᠰᠢᠨ᠎ᠡ ᠮᠤᠩᠭᠤᠯ ᠬᠡᠷ ᠪᠠᠷᠢᠪᠠ᠃ ᠡᠨᠡ 50 ᠮᠤᠩᠭᠤᠯ ᠬᠡᠷ ᠢᠶᠠᠨ ᠰᠤᠪᠤᠷᠭ᠎ᠠ ᠭᠠᠴᠠᠭ᠎ᠠ ᠠᠴᠠ ᠳ᠋ᠦᠡᠭ ᠯᠢᠶᠡᠨ ᠪᠦᠯᠦᠭᠯᠡᠯ ᠳᠤ ᠳᠦᠷᠢᠶᠡᠰᠦᠯᠡᠨ ᠦᠭᠴᠤ᠂ ᠳᠦᠷᠢᠶᠡᠰᠦᠨ ᠮᠦᠡᠭᠬᠦ ᠨᠢ ᠨᠢᠬᠡ ᠮᠤᠩᠭᠤᠯ ᠬᠡᠷ ᠵᠢᠯ ᠤᠨ 1.2 ᠳᠦᠮᠡᠨ ᠳᠦᠬᠦᠷᠢᠭ ᠪᠠᠶᠢᠵᠤ᠂ ᠨᠡᠶᠢᠳᠡ 60 ᠳᠦᠮᠡᠨ ᠳᠦᠬᠦᠷᠢᠭ ᠤᠨ ᠤᠷᠤᠯᠭ᠎ᠠ ᠡᠬᠦᠳᠬᠦ ᠪᠤᠯᠤᠨ᠎ᠡ᠃
     ᠤᠤᠯ ᠨᠢ ᠵᠤᠭᠠᠴᠠᠯ ᠤᠨ ᠰᠠᠶᠢᠬᠠᠨ ᠤᠯᠠᠷᠢᠯ ᠳᠤ ᠳ᠋ᠦᠡᠭ ᠯᠢᠶᠡᠨ ᠪᠦᠯᠦᠭᠯᠡᠯ ᠤᠨ ᠵᠤᠭᠠᠴᠠᠬᠰᠠᠳ ᠢ ᠬᠦᠯᠢᠶᠡᠨ ᠠᠪᠬᠤ ᠬᠤᠨᠤᠬ ᠤᠨ ᠭᠠᠵᠠᠷ ᠬᠦᠷᠦᠯᠴᠡᠬᠦ ᠦᠬᠡᠢ᠂ ᠪᠦᠯᠦᠭᠯᠡᠯ ᠠᠴᠠ ᠨᠢᠬᠡ ᠲᠤᠤᠷ᠎ᠠ ᠶᠡᠭᠡ ᠳᠤᠭᠠᠨ ᠤ ᠪᠡᠯᠡ ᠤᠷᠤᠭᠤᠯᠵᠤ ᠬᠤᠨᠤᠬ ᠪᠠᠭᠤᠳᠠᠯ ᠤᠨ ᠭᠠᠵᠠᠷ ᠡᠷᠬᠢᠯᠡᠬᠦ ᠳᠤ ᠪᠠᠰᠠ ᠨᠡᠯᠢᠶᠡᠳ ᠬᠦᠴᠢᠷᠳᠡᠯ ᠲᠠᠢ ᠪᠠᠶᠢᠵᠠᠢ᠃ ᠨᠠᠮ ᠵᠠᠰᠠᠬ ᠠᠴᠠ ᠰᠠᠨᠠᠭᠠᠴᠢᠯᠠᠨ ᠵᠤᠬᠢᠴᠠᠭᠤᠯᠤᠬᠰᠠᠨ ᠢᠶᠠᠷ ᠰᠤᠪᠤᠷᠭ᠎ᠠ ᠭᠠᠴᠠᠭ᠎ᠠ ᠮᠤᠩᠭᠤᠯ ᠬᠡᠷ ᠪᠠᠷᠢᠵᠤ᠂ ᠳ᠋ᠦᠡᠭ ᠯᠢᠶᠡᠨ ᠪᠦᠯᠦᠭᠯᠡᠯ ᠠᠴᠠ ᠮᠤᠩᠭᠤᠯ ᠬᠡᠷ ᠢ ᠳᠦᠷᠢᠶᠡᠰᠦᠯᠡᠨ ᠠᠪᠴᠤ ᠡᠵᠡᠩᠨᠡᠨ ᠬᠠᠮᠢᠶᠠᠷᠬᠤ ᠪᠠᠷ ᠳᠡᠮᠵᠢᠨ ᠭᠠᠴᠠᠭ᠎ᠠ ᠳᠦᠷᠢᠶᠡᠰᠦᠨ ᠮᠦᠡᠭᠬᠦ ᠢᠳᠡᠵᠤ᠂ ᠪᠦᠯᠦᠭᠯᠡᠯ ᠡᠵᠡᠩᠨᠡᠯᠳᠡ ᠬᠠᠮᠢᠶᠠᠷᠤᠯᠳᠡ ᠶᠢᠨ ᠤᠷᠤᠯᠭ᠎ᠠ ᠡᠬᠦᠳᠬᠦ ᠠᠰᠢᠬ ᠳᠤᠰᠠ ᠬᠤᠯᠪᠤᠯᠳᠤᠬᠰᠠᠨ ᠳᠤᠬᠳᠠᠯᠴᠠᠭ᠎ᠠ ᠶᠢ ᠪᠠᠶᠢᠭᠤᠯᠬᠤ ᠬᠡᠷ᠎ᠡ ᠳᠤᠬᠳᠠᠵᠤ᠂ ᠭᠠᠴᠠᠭ᠎ᠠ ᠪᠤᠯᠤᠨ ᠠᠵᠤ ᠠᠬᠤᠢᠢᠯᠡᠯ ᠳᠦᠰᠢᠯᠴᠠᠨ ᠤᠷᠤᠰᠢᠵᠤ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠵᠠᠢ᠃      ᠤᠳᠤᠬᠠᠨ ᠳᠤ 50 ᠮᠤᠩᠭᠤᠯ ᠬᠡᠷ ᠢᠶᠠᠨ ᠪᠠᠷᠢᠨ ᠳᠠᠭᠤᠰᠬᠠᠵᠤ ᠬᠡᠷ ᠤᠨ ᠳᠤᠳᠤᠷᠠᠬᠢ ᠶᠢ ᠵᠠᠰᠠᠨ ᠴᠢᠮᠡᠭᠯᠡᠬᠦ ᠱᠠᠳᠤᠨ ᠳᠤ ᠤᠷᠤᠪᠠ᠃ ᠳᠠᠷᠠᠭ᠎ᠠ ᠵᠢᠯ ᠤᠨ 5 ᠰᠠᠷ᠎ᠡ ᠶᠢᠨ ᠵᠤᠭᠠᠴᠠᠯ ᠤᠨ ᠤᠯᠠᠷᠢᠯ ᠢᠶᠠᠷ ᠡᠵᠡᠩᠨᠡᠯᠳᠡ ᠳᠤ ᠤᠷᠤᠬᠤ ᠪᠤᠯᠤᠨ᠎ᠡ᠃ ︽ᠮᠤᠩᠭᠤᠯ ᠬᠡᠷ ᠤᠨ ᠳᠦᠷᠢᠶᠡᠰᠦᠨ ᠮᠦ᠋ᠩᠬᠦ ᠪᠠᠷ ᠰᠤᠪᠤᠷᠭ᠎ᠠ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠵᠤ᠂ ᠤᠷᠤᠯᠭ᠎ᠠ ᠶᠢᠨ 30%᠎ ᠪᠠᠷ ᠨᠢ ᠶᠠᠳᠠᠭᠤ ᠬᠦᠴᠢᠷᠳᠡᠯᠳᠡᠢ ᠡᠷᠦᠬᠡ ᠳᠤ ᠡᠮ ᠡᠮᠨᠡᠯᠬᠡ᠂ ᠰᠤᠷᠭᠠᠨ ᠬᠦᠮᠦᠵᠢᠯ ᠵᠡᠷᠬᠡ ᠳᠠᠯ᠎ᠠ ᠪᠠᠷ ᠳᠠᠮᠵᠢᠯᠬᠡ ᠦᠵᠡᠬᠦᠯᠵᠤ᠂ ᠨᠦᠬᠦᠬᠡ 30%᠎ ᠶᠢ ᠰᠤᠪᠤᠷᠭ᠎ᠠ ᠭᠠᠴᠠᠭᠠᠨ ᠤ ᠪᠠᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠳᠤ ᠵᠠᠷᠤᠴᠠᠭᠤᠯᠵᠤ᠂ ᠦᠯᠡᠳᠡᠭᠰᠡᠨ 40%᠎ ᠪᠠᠷ ᠦᠷᠬᠦᠯᠵᠢᠯᠡᠨ ᠭᠠᠴᠠᠭᠠᠨ ᠤ ᠪᠠᠨ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠠᠷ ᠳᠦᠯᠦᠪᠯᠡᠭᠰᠡᠨ ᠪᠠᠶᠢᠨ᠎ᠠ︾ ᠬᠡᠵᠤ ᠰᠤᠪᠤᠷᠭ᠎ᠠ ᠭᠠᠴᠠᠭᠠᠨ ᠤ ᠨᠠᠮ ᠤᠨ ᠡᠬᠦᠷ ᠤᠨ ᠱᠦᠵᠢ ᠡᠷᠳᠡᠮᠳᠤ ᠳᠠᠨᠢᠯᠴᠠᠭᠤᠯᠵᠤ ᠪᠠᠶᠢᠯ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠡ