| ᠯᠢᠦ ᠰᠠᠨ ᠬᠤ᠋ 2008 ᠣᠨ ᠳᠤ ᠠᠳᠠᠯ ᠦᠢᠯᠡᠰ ᠴᠣᠭᠴᠠᠯᠠᠭᠰᠠᠨ ᠠᠴᠠ ᠨᠠᠭᠠᠰᠢ᠂ ᠠᠩᠬᠠᠨ ᠳᠠᠭᠠᠨ 4 | ᠠᠵᠢᠯᠲᠠᠨ ᠠᠵᠢᠯᠴᠢᠨ ᠲᠠᠢ᠂ ᠡᠵᠡᠩᠨᠡᠯᠲᠡ ᠶᠢᠨ ᠲᠠᠯᠠᠪᠠᠢ ᠨᠢ 100 ᠲᠡᠭᠰᠢ ᠳᠥᠷᠪᠡᠯᠵᠢᠨ ᠮᠧᠲᠷ ᠬᠦᠷᠬᠦ ᠦᠭᠡᠢ᠂ | ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠵᠠᠭᠤᠨ ᠲᠦᠮᠡᠨ ᠲᠥᠭᠦᠷᠢᠭ ᠬᠦᠷᠬᠦ ᠦᠭᠡᠢ᠂ ᠬᠥᠭᠵᠢᠨ | ᠪᠤᠵᠠᠭᠠᠶᠢᠷᠠᠭᠠᠳ ᠤᠳᠤ 40 ᠠᠵᠢᠯᠲᠠᠨ ᠲᠠᠢ᠂ ᠡᠵᠡᠩᠨᠡᠯᠲᠡ ᠶᠢᠨ ᠲᠠᠯᠠᠪᠠᠢ ᠨᠢ 4000 ᠲᠡᠭᠰᠢ ᠳᠥᠷᠪᠡᠯᠵᠢᠨ | ᠮᠧᠲᠷ ᠪᠣᠯᠵᠤ᠂ ᠵᠢᠯ ᠤᠨ ᠪᠣᠷᠣᠯᠠᠭᠤᠯᠤᠯᠲᠠ ᠶᠢᠨ ᠬᠡᠪᠴᠢᠶ᠎ᠡ ᠨᠢ 2000 ᠲᠦᠮᠡᠨ ᠲᠥᠭᠦᠷᠢᠭ ᠢ ᠳᠠᠪᠠᠵᠤ᠂ ᠡᠳ᠋ | ᠬᠥᠷᠥᠩᠭᠡ ᠨᠢ ᠵᠠᠭᠤᠨ ᠲᠦᠮᠡᠨ ᠲᠥᠭᠦᠷᠢᠭ ᠢ ᠳᠠᠪᠠᠭᠰᠠᠨ ᠭᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ | ᠪᠣᠯᠵᠠᠶ᠃ ᠯᠢᠦ ᠰᠠᠨ ᠬᠤ᠋ ᠠᠭᠤᠵᠢᠭᠤ ᠡᠨᠡᠷᠢᠩᠭᠦᠢ ᠰᠡᠳᠬᠢᠯ ᠢᠶᠠᠷ ᠬᠡᠷᠡᠭᠯᠡᠭᠴᠢᠳ ᠲᠤ ᠬᠠᠨᠳᠤᠨ᠂ ᠪᠤᠶᠠᠨ ᠦᠢᠯᠡᠳᠬᠦ | ᠵᠠᠩ ᠰᠤᠷᠲᠠᠯ ᠢᠶᠠᠷ ᠹᠦ᠋ ᠵᠧᠩ ᠭᠡᠷ ᠤᠨ ᠴᠠᠬᠢᠯᠭᠠᠨ ᠬᠡᠷᠡᠭᠰᠡᠯ ᠤᠨ ᠪᠣᠶ ᠪᠦᠬᠦᠢ ᠠᠵᠢᠯᠲᠠᠳ ᠢ ᠨᠢᠭᠲᠠᠷᠠᠭᠤᠯᠵᠤ᠂ ︽ | ᠦᠨᠡᠨᠴᠢ ᠢᠲᠡᠭᠡᠮᠵᠢᠲᠡᠶ ᠂ ᠶᠣᠰᠣ ᠮᠣᠷᠠᠯ ᠲᠠᠢ ᠪᠠᠶᠢᠬᠤ ᠶᠢ ᠡᠷᠬᠢᠮᠯᠡᠬᠦ︾ ᠠᠵᠤ ᠠᠬᠤᠶᠢᠯᠠᠯ ᠤᠨ ᠰᠣᠶᠣᠯ ᠢ | ᠪᠦᠷᠢᠯᠳᠦᠭᠦᠯᠵᠡᠶ᠃ | ᠯᠢᠦ ᠰᠠᠨ ᠬᠤ᠋ ᠪᠣᠯ ᠨᠢᠭᠡᠨ ᠰᠠᠶᠢᠨ ᠬᠥᠮᠦᠨ ᠶᠤᠮ᠂ ᠲᠡᠷᠡ ᠭᠡᠷ ᠤᠨ ᠴᠠᠬᠢᠯᠭᠠᠨ ᠬᠡᠷᠡᠭᠰᠡᠯ ᠤᠨ ᠶᠠᠰᠤ ᠴᠢᠨᠠᠷ | ᠪᠦᠬᠦ ᠲᠠᠯ᠎ᠠ ᠶᠢᠨ ᠬᠥᠳᠡᠯᠦᠩᠭᠦᠶ ᠪᠠᠶᠢᠳᠠᠯ᠂ ᠪᠦᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ | ᠲᠣᠭᠲᠠᠭᠰᠠᠨ ᠬᠤᠭᠤᠴᠠᠭ᠎ᠠ ᠲᠠᠢ ᠪᠠᠷ ᠬᠥᠮᠦᠰ ᠢ ᠵᠣᠬᠢᠶᠠᠨ ᠪᠠᠶᠢᠭᠤᠯᠵᠤ ᠪᠠᠶᠢᠭᠠᠳ ᠶᠠᠰᠤ ᠴᠢᠨᠠᠷ ᠤᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠭᠤᠯᠵᠤ᠂ ᠶᠠᠰᠤ ᠴᠢᠨᠠᠷ ᠤᠨ | ᠤᠬᠠᠭᠤᠯᠭ᠎ᠠ ᠶᠢ ᠴᠢᠩᠭᠠᠳᠬᠠᠵᠤ᠂ ᠠᠵᠢᠯᠯᠠᠭ᠎ᠠ ᠪᠣᠯᠤᠨ ᠣᠶᠢᠯᠠᠭᠠᠭᠳᠠᠬᠤᠨ ᠤ ᠲᠠᠯ᠎ᠠ ᠪᠠᠷ ᠪᠦᠬᠦ ᠠᠵᠢᠯᠲᠠᠨ ᠤ ᠶᠠᠰᠤ | ᠴᠢᠨᠠᠷ ᠪᠣᠯᠤᠨ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠪᠡ᠃ | ᠹᠦ᠋ ᠵᠧᠩ ᠭᠡᠷ ᠤᠨ ᠴᠠᠬᠢᠯᠭᠠᠨ ᠬᠡᠷᠡᠭᠰᠡᠯ ᠤᠨ ᠦᠢᠯᠡᠴᠢᠡᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ᠂ ᠪᠦᠬᠦ ᠬᠤᠰᠢᠭᠤᠨ ᠤ ᠠᠩᠬᠠᠳᠠᠭᠴᠢ ᠲᠤᠰᠬᠠᠶ ᠰᠡᠯᠪᠢᠨ ᠵᠠᠰᠠᠬᠤ ᠲᠥᠪ ᠪᠠᠶᠢᠭᠤᠯᠵᠤ᠂ ︽ᠶᠣᠰᠣ | ᠰᠤᠷᠲᠠᠬᠤᠨ᠂ ᠦᠨᠡᠨᠴᠢ ᠰᠢᠳᠤᠷᠭᠤ ᠪᠠᠷ ᠦᠨᠳᠦᠰᠦ ᠪᠣᠯᠭᠠᠵᠤ᠂ ᠪᠠᠭ᠎ᠠ ᠪᠠᠭ᠎ᠠ ᠪᠠᠷ ᠦᠨᠡᠨᠴᠢ ᠢᠲᠡᠭᠡᠮᠵᠢᠲᠡᠶ ᠪᠠᠶᠢᠬᠤ | ︾ ᠦᠢᠯᠡᠴᠢᠯᠡᠭᠡᠨ ᠤ ᠤᠷᠢᠶ᠎ᠠ ᠶᠢ ᠭᠡᠷ ᠤᠨ ᠴᠠᠬᠢᠯᠭᠠᠨ ᠬᠡᠷᠡᠭᠰᠡᠯ ᠤᠨ ᠦᠢᠯᠡᠴᠢᠯᠡᠭᠡᠨ ᠤ ᠬᠦᠷᠢᠶᠡᠨ ᠤ ᠨᠠᠷᠢᠨ | ᠵᠦᠢᠯᠡᠰ ᠳᠡᠭᠡᠷ᠎ᠡ ᠢᠯᠡᠷᠡᠭᠦᠯᠵᠡᠶ᠃ ᠤᠲᠠᠰᠤ ᠪᠠᠷ ᠪᠣᠯᠵᠣᠵᠤ᠂ ᠭᠡᠷ ᠲᠤᠨᠢ ᠣᠴᠢᠵᠤ ᠦᠢᠯᠡᠴᠢᠯᠡᠨ᠎ᠡ᠃ | ᠯᠢᠦ ᠰᠠᠨ ᠬᠤ᠋ ᠪᠣᠯ ᠨᠢᠭᠡᠨ ᠬᠠᠯᠠᠭᠤᠨ ᠰᠡᠳᠬᠢᠯ ᠲᠠᠢ ᠬᠥᠮᠦᠨ ᠶᠤᠮ᠂ ᠲᠡᠷᠡ ︽ᠪᠠᠶᠠᠵᠢᠭᠰᠠᠨ ᠴᠤ | ᠢᠷᠡᠯᠲᠡ ᠶᠢ ᠨᠢ ᠮᠠᠷᠲᠠᠬᠤ ᠦᠭᠡᠢ᠂ ᠪᠠᠶᠠᠵᠢᠭᠰᠠᠨ ᠴᠤ ᠳᠠᠪᠰᠢᠬᠤ ᠶᠢ ᠪᠤᠳᠤᠬᠤ᠂ ᠵᠢᠷᠤᠮ ᠪᠠ ᠠᠰᠢᠭ ᠢ | ᠬᠠᠮᠲᠤ ᠳᠤᠨᠢ ᠬᠠᠷᠠᠭᠠᠯᠵᠠᠬᠤ᠂ ᠶᠣᠰᠣ ᠰᠤᠷᠲᠠᠬᠤᠨ ᠪᠠ ᠦᠢᠯᠡ ᠠᠵᠢᠯᠯᠠᠭ᠎ᠠ ᠶᠢ ᠵᠡᠷᠭᠡᠪᠡᠷ ᠴᠢᠬᠤᠯᠠᠴᠢᠯᠠᠬᠤ᠂ | ᠨᠡᠶᠢᠭᠡᠮ ᠳᠤ ᠠᠴᠢ ᠬᠠᠷᠢᠭᠤᠯᠠᠬᠤ︾ ᠭᠡᠷᠡᠯ ᠰᠠᠴᠤᠷᠠᠩᠭᠤᠶ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠡᠷᠡ | ᠶᠠᠳᠠᠭᠤ ᠬᠦᠴᠢᠷᠳᠡᠯ ᠲᠠᠢ ᠬᠦᠮᠦᠰ ᠢ ᠲᠤᠰᠠᠯᠠᠨ ᠲᠡᠳᠬᠦᠬᠦ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠨᠡᠶᠢᠭᠡᠮ ᠳᠤ ᠠᠴᠢ ᠬᠠᠷᠢᠭᠤᠯᠵᠠᠶ᠃ ᠯᠢᠦ ᠰᠠᠨ ᠬᠤ᠋᠂ ᠠᠵᠤ ᠠᠬᠤᠶᠢᠯᠠᠯ ᠤᠨ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠣᠭᠲᠠᠭᠰᠠᠨ ᠴᠠᠭ ᠲᠠᠭᠠᠨ ᠭᠠᠶᠢᠯᠢ ᠲᠤᠰᠢᠶᠠᠨ᠎ᠠ᠃ ᠠᠵᠤ ᠠᠬᠤᠶᠢᠯᠠᠯ | ᠪᠠᠶᠢᠭᠤᠯᠤᠭᠳᠠᠭᠰᠠᠨ ᠠᠴᠠ ᠨᠠᠭᠠᠰᠢ᠂ ᠠᠵᠢᠯᠲᠠᠨ ᠠᠵᠢᠯᠲᠠᠨ ᠢ ᠪᠠᠭᠲᠠᠭᠠᠭᠰᠠᠨ ᠬᠤᠪᠢ ᠬᠥᠮᠦᠨ ᠳᠤ ᠬᠠᠤᠯᠢ ᠠᠴᠠ | ᠵᠥᠷᠢᠴᠡᠭᠰᠡᠨ ᠶᠠᠪᠤᠳᠠᠯ ᠨᠢᠭᠡ ᠴᠦ ᠭᠠᠷᠤᠭᠰᠠᠨ ᠦᠭᠡᠢ᠃ ᠲᠡᠷᠡ᠂ ᠠᠵᠤ ᠠᠬᠤᠶᠢᠯᠠᠯ ᠵᠥᠪᠬᠡᠨ ᠵᠣᠭᠤᠰ ᠣᠯᠬᠤ ᠶᠢ | ᠪᠤᠳᠤᠬᠤ ᠪᠢᠰᠢ᠂ ᠨᠠᠩ ᠴᠤ ᠨᠡᠶᠢᠭᠡᠮ ᠳᠤ ᠦᠢᠯᠡᠴᠢᠯᠡᠬᠦ᠂ ᠠᠷᠠᠳ ᠣᠯᠠᠨ ᠳᠤ ᠦᠢᠯᠡᠴᠢᠯᠡᠬᠦ ᠵᠣᠬᠢᠶᠠᠨ | ᠪᠠᠶᠢᠭᠤᠯᠤᠯᠲᠠ ᠪᠣᠯᠤᠨ᠎ᠠ ᠭᠡᠳᠡᠭ ᠢ ᠪᠠᠲᠤ ᠢᠲᠡᠭᠡᠵᠦ ᠪᠠᠶᠢᠯ᠎ᠠ᠃ | ᠯᠢᠦ ᠰᠠᠨ ᠬᠤ᠋ ᠪᠣᠯ ᠨᠢᠭᠡᠨ ᠬᠠᠶᠢᠷ᠎ᠠ ᠰᠡᠳᠬᠢᠯᠭᠡ ᠶᠢ ᠡᠷᠬᠢᠮᠯᠡᠳᠡᠭ ᠬᠥᠮᠦᠨ ᠶᠤᠮ᠂ ᠠᠵᠢᠯᠲᠠᠳ ᠲᠠᠭᠠᠨ | ᠬᠠᠨᠳᠤᠬᠤ ᠶᠢᠨ ᠬᠠᠮᠲᠤ ᠠᠵᠢᠯᠲᠠᠨ ᠤ ᠪᠠᠨ ᠠᠮᠢᠳᠤᠷᠠᠯ ᠢ ᠨᠠᠩ ᠢᠯᠡᠬᠦᠦ ᠬᠠᠯᠠᠮᠵᠢᠯᠠᠵᠤ᠂ ᠵᠢᠯ ᠪᠦᠷᠢ ᠭᠡᠷ ᠤᠨ | ᠠᠮᠢᠳᠤᠷᠠᠯ ᠨᠢ ᠬᠦᠴᠢᠷᠳᠡᠯ ᠲᠠᠢ ᠠᠵᠢᠯᠲᠠᠨ ᠳᠠᠭᠠᠨ 2000 ᠠᠴᠠ 3000 ᠲᠥᠭᠦᠷᠢᠭ ᠤᠨ ᠨᠥᠬᠦᠪᠥᠷᠢ ᠥᠭᠴᠦ᠂ | ᠣᠯᠠᠨ ᠵᠢᠯ ᠤᠨ ᠲᠤᠷᠰᠢ ᠡᠶᠢᠮᠦᠷᠬᠦᠦ ᠬᠦᠴᠢᠷᠳᠡᠯ ᠢ ᠬᠠᠪᠰᠤᠷᠤᠨ ᠲᠡᠳᠬᠦᠬᠦ ᠵᠠᠷᠤᠯᠭ᠎ᠠ ᠨᠢ ᠲᠠᠪᠤᠨ ᠲᠦᠮᠡᠨ | ᠲᠥᠭᠦᠷᠢᠭ ᠰᠢᠬᠠᠮ ᠵᠠᠷᠤᠴᠠᠭᠤᠯᠳᠠᠭ ᠪᠠᠶᠢᠨ᠎ᠠ᠃ | | | | | | |