ᠦᠨᠳᠦᠰᠦᠳᠡᠨ ᠤ ᠰᠤᠷᠭᠠᠨ ᠬᠥᠮᠦᠵᠢᠯ ᠤᠨ ᠭᠠᠪᠢᠶᠠᠳᠤ ᠵᠢᠳᠭᠦᠯᠲᠡᠨ
ᠨᠡᠶᠢᠲᠡᠯᠡᠭᠰᠡᠨ ᠴᠠᠭ᠄
2019-12-11
                         — ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ                              ᠰᠤᠷᠭᠠᠭᠤᠯᠢ ᠶᠢᠨ ᠵᠠᠬᠢᠷᠤᠯ ᠪᠦᠷᠢᠨᠵᠢᠷᠭᠠᠯ ᠢ ᠲᠡᠮᠲᠡᠭᠯᠡᠪᠡ                                       ᠬᠤᠯᠠ ᠶᠢᠨ ᠭᠦᠰᠡᠯ ᠪᠠ ᠬᠠᠲᠠᠭᠤ ᠵᠣᠷᠢᠭ ᠪᠣᠯ ᠠᠵᠢᠯ ᠦᠢᠯᠡᠰ ᠤᠨ ᠬᠢᠨᠢ ᠬᠤᠣᠰ ᠵᠢᠭᠦᠷ ᠮᠥᠨ                          — ᠭᠧᠲ᠋ᠧ ︵ᠭᠧᠷᠮᠠᠨ︶     ᠦᠨᠳᠦᠰᠦᠲᠡᠨ ᠤ ᠪᠠᠨ ᠰᠣᠶᠤᠯ ᠭᠡᠭᠡᠷᠡᠯ ᠤᠨ ᠦᠢᠯᠡᠰ ᠤᠨ ᠲᠥᠯᠦᠭᠡ ᠤᠢ ᠪᠢᠯᠢᠭ ᠢᠶᠠᠨ ᠬᠤᠷᠴᠠᠯᠠᠨ ᠤᠬᠠᠭᠠᠨ ᠲᠠᠮᠢᠷ ᠢᠶᠠᠨ ᠰᠦᠢᠵᠦ᠂ ᠥᠰᠪᠦᠷᠢ ᠶᠢᠨ ᠪᠠᠭᠠᠴᠤᠳ ᠢ ᠰᠤᠷᠭᠠᠨ ᠬᠥᠮᠦᠵᠢᠭᠦᠯᠵᠦ ᠶᠠᠪᠤᠭ᠎ᠠ ᠨᠠᠶᠢᠷᠰᠠᠭ ᠪᠣᠯᠪᠠᠰᠤᠨ ᠵᠠᠩ ᠲᠠᠢ᠂ ᠨᠠᠷᠢᠬᠠᠨ ᠥᠨᠳᠥᠷ ᠪᠡᠶ᠎ᠡ ᠲᠠᠢ᠂ ᠨᠠᠰᠤᠨ ᠤ ᠵᠠᠯᠠᠭᠤ ᠳᠠᠭᠠᠨ ᠨᠠᠷᠭᠢᠭᠤᠯᠵᠤ ᠪᠠᠶᠢᠭ᠎ᠠ ᠪᠦᠷᠢᠨᠵᠢᠷᠭᠠᠯ ᠪᠠᠭᠰᠢ ᠪᠣᠯ ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠪᠢᠯᠡ᠃ ᠲᠡᠷᠡᠪᠡᠷ 1978 ᠣᠨ ᠤ 8 ᠰᠠᠷ᠎ᠠ ᠳᠤ ᠲᠥᠷᠦᠵᠦ᠂ 2003 ᠣᠨ ᠳᠤ ᠥᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠵᠢᠩᠬᠢᠨᠢ ᠠᠩᠭᠢ ᠶᠢ ᠲᠡᠭᠦᠰᠭᠡᠪᠡ᠃ ᠳᠤᠮᠳᠠᠳᠤ ᠰᠤᠷᠭᠠᠭᠤᠯᠢ ᠶᠢᠨ ᠥᠨᠳᠦᠷ ᠲᠡᠰ ᠤᠨ ᠪᠠᠭᠰᠢ ᠶᠢᠨ ᠴᠣᠯᠠ ᠬᠠᠮᠠᠭᠠᠯᠠᠪᠠ᠃     2003 ᠣᠨ ᠳᠤ᠂ ᠥᠪᠦᠷ ᠮᠣᠩᠭᠤᠯ ᠤᠨ ᠶᠡᠭᠡ ᠰᠤᠷᠭᠠᠭᠤᠯᠢ ᠶᠢᠨ ︽ᠯᠢ ᠵᠢᠶᠠ ᠴᠧᠩ ᠰᠠᠭᠤᠷᠢ ᠮᠥᠩᠭᠦᠨ ᠤ ᠨᠡᠶᠢᠬᠡᠮᠯᠢᠭ︾᠎ ᠤᠨ ᠪᠠᠷᠠᠭᠤᠨ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠳᠣᠬᠢᠴᠢᠯᠠᠭᠰᠠᠨ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠪᠠᠭᠰᠢ ᠶᠢᠨ ᠪᠣᠯᠪᠠᠰᠤᠷᠠᠯ ᠢ ᠲᠡᠭᠦᠰᠬᠡᠵᠤ᠂ 2001 ᠣᠨ ᠳᠤ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠬᠢᠷᠤᠯ ᠢ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠶᠢᠨ ᠡᠷᠬᠢᠯᠡᠭᠰᠡᠨ ᠵᠠᠬᠢᠷᠤᠯ ᠤᠨ ᠪᠣᠯᠪᠠᠰᠤᠷᠠᠯ ᠤᠨ ᠠᠩᠭᠢ ᠶᠢ ᠲᠡᠭᠦᠰᠬᠡᠵᠤ ᠪᠢᠯᠡ᠃     ᠲᠡᠷᠡ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠭᠤᠣᠯᠳᠠᠯᠭᠠᠲᠦ ᠪᠠᠭ᠎ᠠ ᠰᠤᠷᠭᠠᠭᠤᠯᠢ᠂ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠤᠷᠠᠨ ᠵᠢᠷᠤᠭ᠂ ᠴᠢᠮᠡᠭᠡ ᠵᠠᠩᠭᠢ ᠶᠢᠨ ᠮᠡᠷᠭᠡᠵᠢᠯ ᠤᠨ ᠪᠠᠭᠰᠢ ᠪᠠᠷ ᠪᠠᠭᠰᠢᠯᠠᠬᠤ ᠶᠢᠨ ᠳᠠᠭᠠᠤ ᠰᠤᠷᠭᠠᠭᠤᠯᠢ ᠶᠢᠨ ᠡᠪᠯᠡᠯ ᠤᠨ ᠡᠭᠦᠷ ᠤᠨ ᠱᠦᠵᠢ᠂ ᠵᠢᠭᠠᠨ ᠰᠤᠷᠭᠠᠬᠤ ᠭᠠᠵᠠᠷ ᠤᠨ ᠡᠷᠬᠢᠯᠡᠭᠴᠢ ᠶᠢᠨ ᠠᠵᠢᠯ ᠤᠳ ᠢ ᠳᠠᠪᠬᠤᠷᠯᠠᠨ ᠬᠠᠷᠢᠭᠤᠴᠠᠭᠰᠠᠭᠠᠷ ᠢᠷᠡᠭᠰᠡᠨ ᠪᠥᠭᠡᠳ 2012 ᠣᠨ ᠪᠣᠯᠬᠤ ᠳᠤ᠂ ᠠᠵᠢᠯ ᠦᠢᠯᠡᠰ ᠤᠨ ᠲᠤᠬᠢᠷᠠᠭᠤᠯᠤᠯᠲᠠ ᠪᠠᠷ ᠵᠣᠬᠢᠶᠠᠨ ᠪᠠᠶᠢᠭᠤᠯᠤᠯᠲᠠ ᠠᠴᠠ ᠲᠡᠭᠦᠨ ᠢ ᠴᠢᠩᠭᠢᠰ ᠬᠠᠭᠠᠨ ᠤ ᠣᠩᠭᠤᠨ ᠳᠤ ᠪᠠᠶᠢᠷᠢᠰᠢᠭ᠎ᠠ ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠢᠶᠠᠷ ᠳᠡᠪᠰᠢᠭᠦᠯᠵᠡᠢ᠃ ᠡᠵᠡᠨ ᠬᠤᠷᠤᠭ᠎ᠠ ᠪᠠᠯᠭᠠᠰᠤᠨ ᠤ ᠲᠣᠭᠤᠷᠢᠭ ᠨᠢ ᠵᠠᠮ ᠬᠠᠷᠢᠯᠴᠠᠭ᠎ᠠ ᠳᠥᠷᠪᠡᠨ ᠵᠦᠭ ᠨᠠᠢᠮᠠᠨ ᠵᠣᠪᠬᠢᠰ ᠲᠠᠢ ᠭᠦᠢᠴᠡᠳ ᠨᠡᠪᠲᠡᠷᠡᠯᠴᠡᠨ᠂ ᠳᠠᠶᠠᠩ ᠳᠡᠯᠡᠬᠡᠢ ᠶᠢᠨ ᠴᠣᠩᠬᠤ᠂ ᠳᠠᠶᠠᠭᠠᠷ ᠲᠦᠮᠡᠨ ᠤ ᠳᠠᠶᠢᠯᠭ᠎ᠠ ᠳᠠᠬᠢᠯᠭ᠎ᠠ ᠶᠢᠨ ᠳᠠᠷᠬᠠᠨ ᠣᠷᠤᠨ᠂ ᠲᠡᠭᠷᠢᠯᠢᠭ ᠬᠥᠪᠡᠭᠦᠨ ᠴᠢᠩᠭᠢᠰ ᠬᠠᠭᠠᠨ ᠤ ᠰᠢᠲᠦᠭᠡᠨᠲᠦ ᠨᠤᠲᠤᠭ ᠪᠤᠯᠤᠭᠰᠠᠨ ᠢᠶᠠᠷ  ᠠᠳᠡᠬᠢ ᠶᠢᠨ ᠥᠩ ᠰᠢᠮᠡᠯᠢᠭ ᠬᠥᠷᠦᠰᠦ ᠰᠢᠷᠤᠢ᠂ ᠥᠩᠭᠡᠲᠦ ᠲᠣᠷᠭᠠᠨ ᠡᠪᠡᠰᠦ ᠤᠰᠤ ᠨᠢ ᠦᠷᠡᠵᠢᠯᠲᠦ ᠮᠠᠯ ᠤᠨ ᠬᠢᠨᠢ ᠥᠪ᠂ ᠥᠷᠭᠡᠨ ᠲᠦᠮᠡᠨ ᠤ ᠬᠢᠨᠢ ᠭᠤᠯᠤᠮᠲᠠ᠂ ᠥᠰᠪᠦᠷᠢ ᠪᠠᠭᠠᠴᠤᠳ ᠤᠨ ᠬᠢᠨᠢ ᠥᠰᠦᠨ ᠬᠥᠮᠦᠵᠢᠭᠦ ᠥᠯᠦᠭᠡᠢ ᠪᠣᠯᠵᠠᠢ᠃     ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢ ᠤᠤᠯ ᠳᠠᠭᠠᠨ ︽ᠬᠤᠷᠤᠭ᠎ᠠ ᠪᠠᠭ᠎ᠠ ᠰᠤᠷᠭᠠᠭᠤᠯᠢ︾ ᠭᠡᠮᠡᠨ ᠨᠡᠷᠡᠶᠢᠳᠴᠦ᠂ ᠲᠤᠬᠠᠢ ᠶᠢᠨ ᠦᠶᠡᠰ ᠲᠤ ᠲᠤᠰ ᠰᠤᠷᠭᠠᠭᠤᠯᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠪᠠ ᠪᠠᠭ᠎ᠠ ᠰᠤᠷᠭᠠᠭᠤᠯᠢ᠂ ᠬᠠᠷᠢᠶᠠᠲᠤ ᠬᠡᠤᠬᠡᠳ ᠤᠨ ᠴᠡᠴᠡᠷᠯᠢᠭ ᠲᠠᠢ ᠬᠠᠮᠲᠤᠲᠠ ᠡᠷᠬᠢᠯᠡᠵᠦ ᠪᠠᠶᠢᠭᠰᠠᠨ ᠪᠥᠭᠡᠳ ᠪᠠᠰᠠ ᠪᠠᠭ᠎ᠠ ᠰᠤᠷᠭᠠᠭᠤᠯᠢ ᠳᠠᠭᠠᠨ ᠬᠢᠲᠡᠳ ᠠᠩᠭᠢ ᠶᠢ ᠨᠡᠮᠡᠨ ᠡᠷᠬᠢᠯᠡᠵᠤ ᠪᠠᠶᠢᠵᠠᠢ᠃ 1994 ᠣᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠶᠢ ᠪᠠᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠲᠠᠢ ᠨᠡᠶᠢᠯᠡᠭᠦᠯᠬᠦ ᠶᠢᠨ ᠬᠠᠮᠲᠦ 2007 ᠣᠨ ᠳᠤ ᠬᠢᠲᠠᠳ ᠠᠩᠭᠢ ᠪᠠᠨ ᠬᠠᠰᠤᠪᠠ᠃ 2012 ᠣᠨ ᠳᠤ᠂ ᠬᠤᠰᠢᠭᠤ ᠰᠤᠷᠭᠠᠨ ᠬᠥᠮᠦᠵᠢᠯ ᠤᠨ ᠳᠣᠪᠴᠢᠶᠠᠨ ᠤ ᠳᠣᠬᠢᠷᠠᠭᠤᠯᠭ᠎ᠠ ᠪᠠᠷ ᠬᠠᠷᠢᠶᠠᠲᠤ ᠬᠡᠤᠬᠡᠳ ᠤᠨ ᠴᠡᠴᠡᠷᠯᠢᠭ ᠨᠢ ᠥᠪᠡᠷ ᠤᠨ ᠬᠠᠤᠯᠢ ᠶᠢᠨ ᠡᠷᠬᠡᠲᠡᠨ ᠲᠠᠢ ᠳᠤᠰᠠᠭᠠᠷ ᠬᠡᠤᠬᠡᠳ ᠤᠨ ᠴᠡᠴᠡᠷᠯᠢᠭ ᠪᠣᠯᠵᠤ᠂ ᠪᠠᠭ᠎ᠠ ᠰᠤᠷᠭᠠᠭᠤᠯᠢ ᠨᠢ ᠪᠦᠷᠢᠨ ᠪᠠᠭ᠎ᠠ ᠰᠤᠷᠭᠠᠭᠤᠯᠢ ᠪᠣᠯᠵᠤ ᠬᠤᠪᠢᠷᠠᠭᠠᠳ ᠪᠦᠷᠢᠨᠵᠢᠷᠭᠠᠯ ᠨᠥᠬᠦᠷ ᠪᠦᠬᠦ ᠬᠤᠰᠢᠭᠤᠨ ᠤ ᠵᠠᠬᠢᠷᠤᠯ ᠢ ᠰᠢᠯᠢᠨ ᠰᠣᠩᠭᠤᠬᠤ ᠰᠢᠯᠭᠠᠯᠲᠠ ᠪᠠᠷ ᠳᠠᠮᠵᠢᠨ ᠲᠤᠰ ᠰᠤᠷᠭᠠᠭᠤᠯᠢ ᠶᠢᠨ ᠵᠠᠬᠢᠷᠤᠯ ᠪᠣᠯᠵᠠᠢ᠃ ᠲᠡᠭᠦᠨ ᠢ ᠠᠩᠬ᠎ᠠ ᠢᠷᠡᠬᠦ ᠳᠤ ᠪᠦᠬᠦ ᠰᠤᠷᠭᠠᠭᠤᠯᠢ ᠨᠢ ᠵᠥᠪᠬᠡᠨ ᠲᠠᠪᠢ ᠭᠠᠷᠤᠢ ᠰᠤᠷᠤᠭᠴᠢ ᠲᠠᠢ᠂ ᠬᠡᠳᠦᠨ ᠪᠠᠭᠰᠢ ᠲᠠᠢ᠂ ᠲᠣᠨᠤᠭ ᠳᠦᠬᠦᠭᠡᠷᠥᠮᠵᠢ ᠪᠠᠷ ᠠᠨᠠᠶᠢᠬᠠᠨ᠂ ᠨᠡᠶᠢᠭᠡᠮ ᠤᠨ ᠡᠯ᠎ᠡ ᠡᠲᠡᠭᠡᠳ ᠤᠨ ᠰᠠᠨᠠᠭ᠎ᠠ ᠶᠢ ᠠᠯᠳᠠᠭᠤᠯᠤᠮᠠᠷ ᠬᠡᠮᠵᠢᠶᠡᠨ ᠳᠤ ᠬᠦᠷᠦᠭᠰᠡᠨ᠂ ᠦᠷᠭᠦᠯᠵᠢᠯᠡᠨ ᠡᠷᠬᠢᠯᠡᠵᠤ ᠳᠡᠶᠢᠯᠬᠦ ᠡᠰᠡᠬᠦ ᠶᠢᠨ ᠲᠦᠷᠦᠭᠡ ᠪᠤᠱᠤᠭᠠᠨ ᠳᠡᠭᠡᠷ᠎ᠡ ᠲᠤᠯᠤᠭᠰᠠᠨ ᠰᠤᠷᠭᠠᠭᠤᠯᠢ ᠪᠠᠶᠢᠪᠠ᠃  ᠡᠶᠢᠮᠦᠷᠬᠦᠦ ᠡᠯᠦᠢ ᠬᠤᠯᠤᠢ ᠡᠵᠡᠭᠦ᠋ᠢᠷᠡᠭᠰᠡᠨ ᠪᠠᠶᠢᠳᠠᠯ ᠲᠠᠢ ᠣᠷᠴᠢᠨ ᠠᠬᠤᠢ ᠶᠢ ᠨᠢᠳᠦ ᠪᠠᠷ ᠢᠶᠠᠨ ᠦᠵᠡᠭᠰᠡᠨ ᠪᠦᠷᠢᠨᠵᠢᠷᠭᠠᠯ᠄ ︽ᠡᠭᠡᠭᠡᠳ ᠪᠤᠴᠠᠶ᠎ᠠ ᠭᠡᠬᠦᠯᠡᠷ ᠵᠣᠬᠢᠶᠠᠨ ᠪᠠᠶᠢᠭᠤᠯᠤᠯᠲᠠ ᠶᠢᠨ ᠳᠣᠬᠢᠷᠠᠭᠤᠯᠭ᠎ᠠ᠂ ᠠᠬᠢᠭᠠᠳ ᠬᠢᠶ᠎ᠡ ᠭᠡᠬᠦᠯᠡᠷ ᠬᠠᠮᠢᠭ᠎ᠠ ᠠᠴᠠ ᠰᠤᠷᠤᠭᠴᠢ ᠣᠯᠵᠤ᠂ ᠪᠠᠭᠰᠢ ᠡᠷᠢᠬᠦ ᠪᠢᠯᠡ︖ ᠡᠨᠡ ᠴᠤ ᠨᠢᠭᠡ ᠬᠡᠴᠡᠭᠦᠤ ᠡᠭᠦᠷᠭᠡ ᠲᠤᠯᠭᠠᠷᠠᠯ᠎ᠠ︕ ᠭᠠᠷ ᠢᠶᠠᠨ ᠨᠤᠬᠤᠯᠠᠨ ᠵᠣᠭᠰᠤᠵᠤ ᠪᠣᠯᠬᠤ ᠦᠭᠡᠢ᠂ ᠭᠠᠷᠮᠠᠭᠠᠢᠢᠯᠠᠨ ᠱᠠᠯᠠᠮᠠᠭᠠᠶᠢᠯᠠᠵᠤ ᠬᠢᠬᠦ ᠬᠡᠷᠡᠭᠲᠠᠢ ᠪᠣᠯᠤᠯ᠎ᠠ︕︾ ᠬᠡᠵᠦ ᠭᠦᠨ ᠪᠣᠳᠣᠯᠭᠠᠰᠢᠷᠠᠯ ᠪᠣᠯᠵᠠᠢ᠃     ᠢᠩᠭᠢᠭᠡᠳ ᠰᠢᠨ᠎ᠡ ᠵᠠᠬᠢᠷᠤᠯ᠂ ᠰᠢᠨ᠎ᠡ ᠰᠤᠷᠤᠯᠭ᠎ᠠ ᠶᠢᠨ ᠵᠢᠯ ᠳᠡᠭᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢ ᠲᠡᠭᠦᠰᠭᠡᠭᠰᠡᠨ 12 ᠰᠢᠨ᠎ᠡ ᠪᠠᠭᠰᠢ ᠶᠢ ᠡᠯᠰᠡᠨ ᠠᠪᠴᠤ᠂ ᠨᠢᠭᠡᠳᠦᠭᠡᠷ ᠣᠨ ᠳᠠᠭᠠᠨ 6 ᠰᠤᠷᠤᠭᠴᠢ ᠡᠯᠰᠡᠵᠤ᠂ 6 ᠠᠩᠭᠢ ᠲᠠᠢ ᠰᠤᠷᠭᠠᠭᠤᠯᠢ ᠪᠠᠨ ᠡᠬᠢᠯᠡᠭᠦᠯᠦᠭᠰᠡᠨ ᠪᠥᠭᠡᠳ ᠳᠠᠷᠠᠭ᠎ᠠ ᠵᠢᠯ ︵2013 ᠣᠨ︶᠎ ᠨᠢ ᠮᠥᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ 9 ᠪᠠᠭᠰᠢ ᠶᠢ ᠡᠯᠰᠡᠵᠤ᠂ 2016 ᠣᠨ ᠪᠣᠯᠬᠤ ᠳᠤ ᠨᠢᠭᠡᠳᠦᠭᠡᠷ ᠣᠨ ᠳᠠᠭᠠᠨ 20 ᠰᠤᠷᠤᠭᠴᠢ ᠲᠠᠢ᠂ 2017 ᠣᠨ ᠪᠣᠯᠬᠤ ᠳᠤ ᠨᠢᠭᠡᠳᠦᠭᠡᠷ ᠣᠨ ᠳᠤ 26 ᠰᠤᠷᠤᠭᠴᠢ ᠲᠠᠢ᠂ 2018 ᠣᠨ ᠳᠤ 34 ᠰᠤᠷᠤᠭᠴᠢ ᠲᠠᠢ᠂ 2019 ᠣᠨ ᠳᠤ 30 ᠰᠤᠷᠤᠭᠴᠢ ᠲᠠᠢ ᠪᠣᠯᠵᠤ᠂ ᠡᠳᠦᠭᠡ 8 ᠠᠩᠭᠢ ᠲᠠᠢ 123 ᠰᠤᠷᠤᠭᠴᠢ ᠲᠠᠢ᠂ 33 ᠪᠠᠭᠰᠢ ᠠᠵᠢᠯᠲᠠᠨ ᠲᠠᠢ ᠪᠣᠯᠵᠤ ᠥᠷᠭᠡᠵᠢᠨ ᠪᠤᠵᠠᠭᠠᠶᠢᠷᠠᠭᠠᠳ 2012 ᠣᠨ ᠤ ᠬᠢ ᠲᠠᠢ ᠬᠠᠷᠢᠴᠠᠭᠤᠯᠪᠠᠯ ᠳᠠᠬᠢᠨ ᠢᠯᠡᠭᠦᠤ ᠪᠠᠷ ᠨᠡᠮᠡᠭᠳᠡᠭᠰᠡᠨ ᠪᠠᠶᠢᠨ᠎ᠠ᠃     ︽ᠦᠢᠯᠡᠰ ᠰᠦᠨᠳᠡᠷᠯᠡᠪᠡᠯ ᠢᠷᠡᠭᠡᠳᠦᠢ ᠰᠠᠷᠠᠭᠤᠯᠬᠠᠨ︾ ᠭᠡᠳᠡᠭ ᠢᠶᠠᠷ ᠲᠡᠷᠡ ᠪᠠᠰᠠ ᠰᠤᠷᠭᠠᠭᠤᠯᠢ ᠶᠢᠨ ᠢᠶᠠᠨ ᠵᠢᠭᠠᠨ ᠰᠤᠷᠭᠠᠯᠲᠠ ᠶᠢᠨ ᠲᠣᠨᠤᠭ ᠳᠥᠬᠦᠭᠡᠷᠥᠮᠵᠢ ᠪᠠᠨ ᠳᠠᠰᠤᠷᠠᠯᠲᠠ ᠦᠭᠡᠢ ᠪᠠᠷ ᠲᠡᠭᠦᠯᠳᠡᠷᠵᠢᠭᠦᠯᠦᠨ ᠰᠠᠶᠢᠵᠢᠷᠠᠭᠤᠯᠬᠤ ᠪᠠᠷ ᠤᠷᠢᠳ ᠬᠤᠵᠢᠳ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠢ ᠲᠥᠷᠦᠯ ᠤᠨ ᠪᠡᠯᠡ ᠮᠥᠩᠭᠦ ᠶᠢ ᠵᠢᠷᠠᠭᠠᠳ ᠲᠦᠮᠡᠨ ᠲᠥᠭᠦᠷᠢᠭ᠂ ᠣᠷᠳᠤᠰ ᠬᠤᠲᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠳᠤᠰᠬᠠᠢ ᠲᠥᠷᠦᠯ ᠤᠨ ᠪᠡᠯᠡ ᠮᠥᠩᠭᠦ ᠶᠢ ᠲᠠᠯᠠᠭᠠᠳ ᠲᠦᠮᠡᠨ ᠲᠥᠭᠦᠷᠢᠭ᠂ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠳᠣᠪᠴᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠤᠰᠬᠠᠢ ᠲᠥᠷᠦᠯ ᠤᠨ ᠪᠡᠯᠡ ᠮᠥᠩᠭᠦ ᠶᠢ ᠲᠠᠪᠢᠭᠠᠳ ᠲᠦᠮᠡᠨ ᠲᠥᠭᠦᠷᠢᠭ᠂ ᠴᠢᠩᠭᠢᠰ ᠬᠠᠭᠠᠨ ᠤ ᠣᠩᠭᠤᠨ ᠤ ᠬᠠᠮᠢᠶᠠᠷᠤᠯᠲᠠ ᠶᠢᠨ ᠵᠥᠪᠯᠡᠯ ᠠᠴᠠ ᠰᠤᠷᠭᠠᠨ ᠬᠥᠮᠦᠵᠢᠯ ᠢ ᠬᠠᠯᠠᠮᠵᠢᠯᠠᠨ ᠲᠡᠳᠭᠦᠭᠰᠡᠨ ᠪᠡᠯᠡ ᠮᠥᠩᠭᠦ ᠶᠢ ᠭᠤᠴᠢᠭᠠᠳ ᠲᠦᠮᠡᠨ ᠲᠥᠭᠦᠷᠢᠭ᠂ ᠡᠵᠡᠨ ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠠᠴᠠ ᠦᠨᠳᠦᠰᠦᠲᠡᠨ ᠤ ᠰᠤᠷᠭᠠᠨ ᠬᠥᠮᠦᠵᠢᠯ ᠢ ᠲᠡᠳᠭᠦᠨ ᠳᠡᠮᠵᠢᠭᠰᠡᠨ ᠪᠡᠯᠡ ᠮᠥᠩᠭᠦ ᠬᠤᠷᠢᠭᠠᠳ ᠲᠦᠮᠡᠨ ᠲᠥᠭᠦᠷᠢᠭ ᠢ ᠭᠤᠶᠤᠴᠢᠯᠠᠨ ᠣᠯᠵᠤ᠂ ᠰᠤᠷᠭᠠᠭᠤᠯᠢ ᠶᠢᠨ ᠢᠶᠠᠨ ᠠᠯᠢᠪᠠ ᠪᠦᠲᠦᠭᠡᠨ ᠪᠠᠶᠢᠭᠤᠯᠤᠯᠲᠠ ᠳᠠᠭᠠᠨ ᠵᠣᠷᠢᠭᠤᠯᠵᠠᠢ᠃ ᠡᠶᠢᠨ ᠬᠦ ᠪᠠᠭᠰᠢ ᠰᠤᠷᠤᠭᠴᠢ ᠶᠢᠨ ᠲᠤᠭ᠎ᠠ ᠨᠣᠷᠮ᠎ᠠ ᠶᠢᠨ ᠳᠡᠭᠡᠭᠰᠢᠯᠡᠯᠲᠡ᠂ ᠵᠢᠭᠠᠨ ᠰᠤᠷᠭᠠᠯᠲᠠ ᠶᠢᠨ ᠠᠬᠢᠯᠲᠠ ᠥᠭᠡᠷᠡᠴᠢᠯᠡᠯᠲᠡ᠂ ᠨᠡᠶᠢᠬᠡᠮ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠵᠡᠷᠭᠡ ᠨᠢ ᠪᠦᠷᠢᠨᠵᠢᠷᠭᠠᠯ ᠪᠠᠭᠰᠢ ᠶᠢᠨ ᠤᠷᠮ᠎ᠠ ᠵᠣᠷᠢᠭ ᠢ ᠨᠢ ᠬᠥᠪᠴᠢᠯᠡᠨ᠂ ᠤᠬᠠᠭᠠᠨ ᠪᠣᠳᠤᠯ ᠢ ᠨᠢ ᠡᠷᠴᠢᠮᠯᠡᠭᠰᠡᠨ ᠢᠶᠠᠷ ᠲᠡᠷᠡ ᠳᠡᠭᠡᠳᠦ ᠱᠠᠲᠤᠨ ᠳᠤ ᠰᠤᠷᠭᠠᠭᠤᠯᠢ ᠶᠢᠨ ᠢᠶᠠᠨ ᠵᠢᠭᠠᠨ ᠰᠤᠷᠭᠠᠬᠤ ᠣᠷᠴᠢᠨ ᠠᠬᠤᠢ᠂ ᠲᠤᠨᠤᠭ ᠳᠦᠬᠦᠭᠡᠷᠦᠮᠵᠢ ᠶᠢᠨ ᠪᠤᠳᠠᠳᠤ ᠪᠠᠶᠢᠳᠠᠯ ᠢᠶᠠᠨ ᠴᠠᠭ ᠢᠮᠠᠭᠲᠠ ᠮᠡᠳᠡᠭᠦᠯᠦᠨ᠂ ᠴᠥᠬᠦᠷᠡᠯ ᠦᠭᠡᠢ ᠭᠤᠶᠤᠴᠢᠯᠠᠯ ᠳᠡᠪᠰᠢᠭᠦᠯᠦᠨ ᠵᠢᠭᠠᠪᠤᠷᠢ ᠠᠪᠴᠤ ᠪᠠᠶᠢᠭᠠᠳ᠂ 2019 ᠣᠨ ᠳᠤ 1400 ᠲᠦᠮᠡᠨ ᠲᠥᠭᠦᠷᠢᠭ ᠤᠨ ᠪᠡᠯᠨ ᠣᠷᠤᠭᠤᠯᠤᠯᠲᠠ ᠶᠢᠨ ᠲᠥᠷᠦᠯ ᠵᠦᠢᠯ ᠢ ᠣᠯᠤᠭᠠᠳ᠂ 3544 ᠳᠡᠭᠰᠢ ᠳᠦᠷᠪᠡᠯᠵᠢᠨ  ᠮᠧᠲᠷ ᠤᠨ ᠲᠠᠯᠠᠪᠠᠢ ᠪᠦᠬᠦᠢ ᠭᠤᠷᠪᠠᠨ ᠳᠠᠪᠬᠤᠷᠯᠢᠭ ᠵᠢᠭᠠᠨ ᠰᠤᠷᠭᠠᠯᠲᠠ ᠶᠢᠨ ᠰᠢᠨ᠎ᠡ ᠠᠰᠠᠷ ᠢ ᠪᠠᠶᠢᠭᠤᠯᠤᠭᠰᠠᠨ ᠪᠠᠶᠢᠨ᠎ᠠ᠃     ︽ᠰᠢᠷᠭᠠᠭᠤ ᠬᠥᠳᠡᠯᠮᠦᠷᠢ ᠠᠴᠠ ᠰᠢᠯᠢᠳᠡᠭ ᠪᠦᠲᠦᠭᠡᠯ︾ ᠭᠡᠳᠡᠭ ᠢᠶᠠᠷ ᠪᠦᠷᠢᠨᠵᠢᠷᠭᠠᠯ ᠨᠦᠬᠦᠷ ᠤᠷᠢᠳ ᠬᠤᠵᠢᠳ 2006 ᠣᠨ ᠳᠤ ᠣᠷᠳᠤᠰ ᠬᠤᠲᠠ ᠶᠢᠨ ᠡᠪᠯᠡᠯ ᠤᠨ ᠬᠤᠷᠢᠶ᠎ᠠ ᠶᠢᠨ ︽ᠰᠢᠯᠢᠳᠡᠭ ᠡᠪᠯᠡᠯ ᠤᠨ ᠭᠡᠰᠢᠭᠦᠨ︾᠂ 2010 ᠣᠨ ᠳᠤ ︽ᠪᠦᠬᠦ ᠬᠤᠲᠠ ᠶᠢᠨ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠮᠡᠷᠭᠡᠵᠢᠯ ᠤᠨ ᠲᠡᠷᠢᠭᠦᠨ ᠤ ᠬᠤᠪᠢ ᠬᠥᠮᠦᠨ︾᠂ ᠪᠦᠬᠦ ᠬᠤᠰᠢᠭᠤᠨ ᠤ ︽ᠰᠢᠯᠢᠳᠡᠭ ᠪᠠᠭᠰᠢ︾᠂ 2016 ᠣᠨ ᠳᠤ ᠪᠦᠬᠦ ᠬᠤᠰᠢᠭᠤᠨ ᠤ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ 2017 ᠣᠨ ᠳᠤ ᠪᠦᠬᠦ ᠬᠤᠰᠢᠭᠤᠨ ᠤ ︽ᠰᠢᠯᠢᠳᠡᠭ ᠵᠠᠬᠢᠷᠤᠯ︾᠂ ᠪᠦᠬᠦ ᠬᠤᠰᠢᠭᠤᠨ ᠤ ︽ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠭᠦᠨ ᠤ ᠠᠵᠢᠯᠲᠠᠨ︾᠂ 2019 ᠣᠨ ᠳᠤ ᠪᠦᠬᠦ ᠬᠤᠰᠢᠭᠤᠨ ᠤ ︽ᠰᠢᠯᠢᠳᠡᠭ ᠵᠠᠬᠢᠷᠤᠯ︾᠂ ︽ᠣᠷᠳᠤᠰ ᠬᠤᠲᠠ ᠶᠢᠨ ᠮᠣᠩᠭᠤᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠢᠨᠠᠨ ᠦᠨᠡᠯᠡᠬᠦ ᠺᠣᠮᠢᠰ︾᠎ ᠤᠨ ᠲᠤᠰᠬᠠᠢ ᠮᠡᠷᠭᠡᠵᠢᠯᠲᠡᠨ ᠵᠡᠷᠭᠡ ᠶᠢᠨ ᠢᠷᠠᠭᠤ ᠠᠯᠳᠠᠷ ᠤᠳ ᠢ ᠬᠦᠷᠲᠡᠵᠠᠢ᠃     ᠰᠤᠷᠭᠠᠨ ᠬᠥᠮᠦᠵᠢᠯ ᠤᠨ ᠰᠤᠳᠤᠯᠭᠠᠨ ᠤ ᠲᠠᠯ᠎ᠠ ᠪᠠᠷ ᠲᠡᠷᠡ ᠣᠢ ᠪᠢᠯᠢᠭ ᠣᠶᠤᠨ ᠤᠬᠠᠭᠠᠨ ᠢᠶᠠᠨ ᠲᠤᠩᠭᠠᠭᠠᠨ ᠪᠠᠶᠢᠵᠤ ᠪᠢᠴᠢᠭᠰᠡᠨ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠠᠬᠢ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠬᠤᠯᠠ ᠴᠢᠨᠠᠷ ᠤᠨ ᠲᠤᠬᠠᠢ︾ ᠭᠡᠬᠦ ᠥᠭᠦᠯᠡᠯ ᠨᠢ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠨᠵᠢᠯᠡᠭᠡ ᠰᠤᠳᠤᠯᠭᠠᠨ ᠤ ᠥᠭᠦᠯᠡᠯ ᠤᠨ ᠦᠨᠡᠯᠡᠨ ᠳᠣᠭᠲᠠᠭᠠᠬᠤ ᠺᠣᠮᠢᠰ ᠤᠨ ᠨᠢᠭᠡᠳᠦᠭᠡᠷ ᠲᠡᠰ ᠤᠨ ᠱᠠᠩᠨᠠᠯ ᠢ ᠲᠤᠰᠬᠤ ᠶᠢᠨ ᠳᠠᠭᠠᠤ ︽ᠰᠢᠯᠢᠳᠡᠭ ᠥᠭᠦᠯᠡᠯ ᠤᠨ ᠪᠣᠳᠢ︾᠎ ᠳᠤ ᠲᠡᠭᠦᠪᠦᠷᠢᠯᠡᠭᠳᠡᠵᠤ᠂ ︽ᠴᠢᠮᠡᠭᠡ ᠵᠠᠩᠭᠢ ᠶᠢᠨ ᠮᠡᠷᠭᠡᠵᠢᠯ ᠤᠨ ᠬᠢᠴᠢᠶᠡᠯᠯᠡᠭᠡ ᠳᠠᠬᠢ ᠲᠣᠣᠷ ᠰᠦᠯᠵᠢᠶᠡᠨ ᠤ ᠠᠰᠠᠭᠤᠳᠠᠯ ᠢ ᠵᠥᠪ ᠣᠨᠤᠪᠴᠢᠲᠠᠢ ᠵᠢᠯᠤᠭᠤᠳᠬᠤ ᠲᠤᠬᠠᠢ ᠥᠭᠦᠯᠡᠬᠦ ᠨᠢ︾᠂ ︽ᠴᠢᠮᠡᠭᠡ ᠵᠠᠩᠭᠢ ᠶᠢᠨ ᠮᠡᠷᠭᠡᠵᠢᠯ ᠤᠨ ᠬᠢᠴᠢᠶᠡᠯ ᠢ ᠬᠡᠷᠬᠢᠨ ᠣᠷᠤᠬᠤ ᠲᠤᠬᠠᠢ ᠬᠤᠪᠢ ᠶᠢᠨ ᠦᠵᠡᠯᠲᠡ︾ ᠭᠡᠬᠦ ᠥᠭᠦᠯᠡᠯ ᠤᠳ ᠨᠢ ᠲᠤᠰ ᠲᠤᠰ ︽ᠠᠯᠲᠠᠨ ᠦᠨᠳᠦᠰᠦ︾ ᠰᠡᠳᠭᠦᠯ ᠳᠤ ᠨᠡᠶᠢᠲᠡᠯᠡᠭᠳᠡᠭᠡᠳ ᠨᠢᠭᠡᠳᠦᠭᠡᠷ ᠲᠡᠰ ᠤᠨ ᠱᠠᠩᠨᠠᠯ ᠢ ᠲᠤᠰᠴᠤ᠂ ︽ᠳᠤᠮᠳᠠᠳᠤ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯᠯᠡᠭᠡ ᠶᠢᠨ ᠤᠷᠮᠠᠰ ᠢ ᠬᠥᠮᠦᠵᠢᠭᠦᠯᠬᠦ ᠳᠤᠬᠠᠢ ᠲᠣᠪᠴᠢ ᠥᠭᠦᠯᠡᠬᠦ ᠨᠢ︾ ᠭᠡᠬᠦ ᠪᠦᠲᠦᠭᠡᠯ ᠨᠢ 2011 ᠣᠨ ᠳᠤ ︽ᠥᠪᠦᠷ ᠮᠣᠩᠭᠤᠯ ᠤᠨ ᠪᠠᠭᠠᠴᠤᠳ ᠬᠡᠤᠬᠡᠳ︾᠎ ᠤᠨ ᠬᠡᠪᠯᠡᠯ ᠤᠨ ᠬᠤᠷᠢᠶᠠᠨ ᠤ ᠮᠤᠵᠢ ᠶᠢᠨ ᠲᠡᠰ ᠤᠨ ᠬᠡᠪᠯᠡᠯ ᠤᠨ ᠬᠤᠷᠢᠶ᠎ᠠ ᠶᠢᠨ ᠰᠢᠯᠢᠳᠡᠭ ᠡᠷᠳᠡᠮ ᠰᠢᠨᠵᠢᠯᠡᠭᠡᠨ ᠤ ᠥᠭᠦᠯᠡᠯ ᠤᠨ ᠨᠢᠭᠡᠳᠦᠭᠡᠷ ᠲᠡᠰ ᠤᠨ ᠱᠠᠩᠨᠠᠯ ᠢ ᠲᠣᠰᠴᠤ᠂ ᠥᠪᠡᠷᠲᠡᠭᠡᠨ ᠵᠠᠰᠠᠬᠤ ᠣᠷᠤᠨ ᠤ ᠵᠢᠭᠠᠬᠤ ᠶᠢ ᠰᠤᠳᠤᠯᠬᠤ ᠭᠠᠵᠠᠷ ᠠᠴᠠ ᠡᠷᠬᠢᠯᠡᠭᠰᠡᠨ ︽2017 ᠣᠨ ᠤ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠵᠠᠬᠢᠷᠤᠯ ᠤᠨ ᠦᠨᠳᠦᠰᠦᠨ ᠴᠢᠳᠠᠪᠤᠷᠢ ᠶᠢᠨ ᠰᠢᠯᠭᠠᠷᠠᠭᠤᠯᠤᠯᠲᠠ︾᠎ ᠳᠤ ᠬᠤᠶᠠᠳᠤᠭᠠᠷ ᠲᠡᠰ ᠤᠨ ᠱᠠᠩᠨᠠᠯ ᠢ ᠲᠤᠰᠴᠤ᠂ ︽ᠡᠵᠡᠨ ᠰᠣᠶᠤᠯ︾ ︵ᠳᠡᠭᠡᠳᠦ ᠳᠤᠮᠳᠠᠳᠤ ᠳᠣᠣᠷᠠᠳᠤ︶ ᠭᠡᠬᠦ ᠰᠤᠷᠭᠠᠭᠤᠯᠢ ᠶᠢᠨ ᠬᠢᠴᠢᠶᠡᠯ ᠤᠨ ᠰᠢᠷᠢᠰ ᠨᠣᠮ ᠪᠣᠯᠤᠨ ︽ᠡᠵᠡᠨ ᠰᠣᠶᠤᠯ︾ ᠰᠤᠷᠭᠠᠭᠤᠯᠢ ᠶᠢᠨ ᠬᠢᠴᠢᠶᠡᠯ ᠤᠨ ᠨᠡᠭᠡᠭᠡᠯᠲᠡ ᠬᠢᠭᠡᠳ ︽ᠲᠤᠷᠰᠢᠯᠲᠠ ᠶᠢᠨ ᠰᠤᠳᠤᠯᠤᠯ ᠤᠨ ᠰᠡᠳᠦᠪ ᠳᠠᠭᠤᠰᠬᠤ ᠬᠠᠷᠢᠭᠤ ᠮᠡᠳᠡᠭᠦᠯᠦᠯᠲᠡ︾᠂ ︽ᠵᠢᠭᠠᠨ ᠰᠤᠷᠭᠠᠬᠤ ᠭᠡᠷᠡᠯᠯᠢᠭ ᠪᠦᠰᠡ — ᠰᠢᠨ᠎ᠡ ᠶᠢᠨ ᠨᠢᠭᠡᠨ︾᠎ ᠨᠢ ᠲᠤᠰ ᠲᠤᠰ 2016 ᠣᠨ ᠳᠤ ᠪᠦᠬᠦ ᠤᠯᠤᠰ ᠤᠨ ︽ᠭᠤᠷᠪᠠᠨ ᠡᠬᠡ ᠰᠤᠷᠭᠠᠨ ᠬᠥᠮᠦᠵᠢᠯ︾᠎ ᠤᠨ ᠰᠤᠷᠭᠠᠭᠤᠯᠢ ᠶᠢᠨ ᠬᠢᠴᠢᠶᠡᠯ ᠤᠨ ᠰᠤᠳᠤᠯᠤᠯ ᠢ ᠵᠢᠯᠤᠭᠤᠳᠬᠤ ᠺᠣᠮᠢᠰ ᠤᠨ ᠪᠦᠬᠦ ᠤᠯᠤᠰ ᠤᠨ ᠪᠠᠭᠰᠢ ᠨᠠᠷ ᠤᠨ ᠰᠢᠨᠵᠢᠯᠡᠭᠡ ᠰᠤᠳᠤᠯᠤᠯ ᠤᠨ ᠲᠤᠰᠬᠠᠢ ᠲᠥᠷᠦᠯ ᠤᠨ ᠰᠠᠭᠤᠷᠢ ᠮᠥᠩᠭᠦᠨ ᠤ ︽ᠠᠷᠪᠠᠨ ᠬᠤᠶᠠᠳᠤᠭᠠᠷ ᠲᠠᠪᠤᠨ ᠵᠢᠯ ︾᠎ ᠤᠨ ᠲᠥᠯᠦᠪᠯᠡᠭᠡᠨ ᠤ ᠭᠤᠣᠯᠳᠠᠯᠭᠠᠲᠤ ᠰᠡᠳᠦᠪ ᠪᠣᠯᠬᠤ ︽ᠭᠤᠷᠪᠠᠨ ᠡᠬᠡ ᠰᠤᠷᠭᠠᠨ ᠬᠥᠮᠦᠵᠢᠯ︾᠎ ᠤᠨ ᠰᠤᠳᠤᠯᠤᠯ ᠤᠨ ᠰᠤᠷᠭᠠᠭᠤᠯᠢ ᠶᠢᠨ ᠬᠢᠴᠢᠶᠡᠯ ᠤᠨ ᠨᠢᠭᠡᠳᠦᠭᠡᠷ ᠲᠡᠰ ᠤᠨ ᠱᠠᠩᠨᠠᠯ ᠢ ᠲᠤᠰ ᠲᠤᠰ ᠲᠤᠰᠴᠠᠢ᠃     ᠪᠦᠷᠢᠨᠵᠢᠷᠭᠠᠯ ᠨᠦᠬᠦᠷ ᠲᠣᠬᠠᠢ ᠶᠢᠨ ᠭᠠᠵᠠᠷ ᠤᠷᠤᠨ ᠤ ᠡᠨᠡ ᠬᠦ ᠬᠤᠪᠤᠷ ᠨᠠᠨᠳᠢᠨ ᠰᠤᠶᠤᠯ ᠵᠤᠭᠠᠴᠠᠯ ᠤᠨ ᠲᠠᠪᠠᠭᠤᠯᠢᠭ ᠤᠷᠴᠢᠨ ᠲᠤᠭᠤᠷᠢᠨ ᠳᠠᠭᠠᠨ ᠰᠠᠭᠤᠷᠢᠯᠠᠨ 2012 ᠤᠨ ᠳᠤ ᠰᠤᠷᠭᠠᠭᠤᠯᠢ ᠳᠠᠭᠠᠨ ︽ᠬᠤᠲᠠ ᠶᠢᠨ ᠲᠡᠰ ᠤᠨ ᠭᠦᠳᠡᠭᠡ ᠲᠤᠰᠬᠤᠨ ᠤ ᠪᠠᠭᠠᠴᠤᠳ ᠤᠨ ᠤᠷᠳᠤᠨ︾᠎ ᠢ ᠪᠠᠶᠢᠭᠤᠯᠤᠭᠰᠠᠨ ᠠᠴᠠ ᠭᠦᠳᠡᠭᠡ ᠶᠢᠨ ᠭᠡᠤᠭᠡᠳ ᠴᠤ ᠬᠤᠲᠠ ᠶᠢᠨ ᠭᠡᠤᠭᠡᠳ ᠤᠳ ᠲᠠᠢ ᠠᠳᠠᠯᠢ ᠲᠡᠭᠰᠢ ᠪᠠᠷ ᠤᠷᠠᠯᠢᠭ ᠰᠤᠶᠤᠯ ᠤᠨ ᠡᠯᠪᠡᠭ ᠰᠢᠮ᠎ᠡ ᠶᠢ ᠤᠯᠵᠤ ᠬᠦᠷᠲᠡᠬᠦ ᠠᠵᠠ ᠲᠤᠬᠢᠶᠠᠯ ᠲᠠᠢ ᠪᠣᠯᠵᠠᠢ᠃ ᠤᠷᠢᠳ ᠬᠤᠵᠢᠳ 35 ᠲᠦᠮᠡᠨ ᠲᠦᠭᠦᠷᠢᠭ ᠤᠨ ᠪᠡᠯᠡ ᠮᠦᠩᠭᠦ ᠬᠤᠷᠠᠮᠳᠤᠭᠤᠯᠤᠨ ᠤᠤᠯ ᠤᠨ 1600 ᠳᠡᠭᠰᠢ ᠲᠦᠷᠪᠡᠯᠵᠢᠨ ᠮᠧᠲᠷ ᠪᠦᠬᠦᠢ ᠭᠡᠤᠭᠡᠳ ᠤᠨ ᠴᠡᠴᠡᠷᠯᠢᠭ ᠤᠨ ᠬᠢᠴᠢᠶᠡᠯ ᠤᠨ ᠲᠢᠩᠬᠢᠮ ᠢ ᠰᠢᠨᠵᠢᠯᠡᠭᠡ ᠮᠡᠷᠭᠡᠵᠢᠯ᠂ ᠳᠠᠭᠤᠤ ᠪᠦᠵᠢᠭ᠂ ᠤᠷᠠᠯᠢᠭ᠂ ᠮᠤᠩᠭᠤᠯ ᠰᠢᠲᠠᠷ᠎ᠠ᠂ ᠦᠨᠳᠦᠰᠦᠳᠡᠨ ᠤ ᠬᠦᠭᠵᠢᠮ ᠤᠨ ᠪᠠᠭᠠᠵᠢ ᠭᠡᠷᠡᠭᠰᠡᠯ ᠤᠨ ᠲᠢᠩᠬᠢᠮ ᠪᠤᠯᠠᠭᠠᠨ ᠦᠭᠡᠷᠡᠴᠢᠯᠡᠭᠰᠡᠨ ᠪᠠ ᠦᠷᠭᠦᠯᠵᠢᠯᠡᠨ ᠳᠡᠭᠡᠳᠦ ᠱᠠᠲᠤᠨ ᠳᠤ ᠭᠤᠶᠤᠴᠢᠯᠠᠵᠤ ᠪᠠᠶᠢᠭᠠᠳ ᠲᠤᠰᠬᠠᠢ ᠲᠦᠷᠦᠯ ᠤᠨ ᠪᠡᠯᠡ ᠮᠦᠩᠭᠦ ᠶᠢ 10 ᠲᠦᠮᠡᠨ ᠲᠦᠭᠦᠷᠢᠭ ᠣᠯᠵᠤ 100 ᠭᠠᠷᠤᠢ ᠳᠡᠭᠰᠢ ᠲᠦᠷᠪᠡᠯᠵᠢᠨ  ᠮᠧᠲᠷ ᠤᠨ ᠲᠠᠯᠠᠪᠠᠢ ᠪᠦᠬᠦᠢ ᠪᠠᠭᠠᠴᠤᠳ ᠤᠨ ᠬᠥᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ᠂ ᠰᠤᠷ ᠬᠠᠷᠪᠤᠯᠲᠠ ᠶᠢᠨ ᠲᠠᠯᠠᠪᠤᠷ ᠵᠡᠷᠭᠡ ᠶᠢ ᠪᠦᠲᠦᠭᠡᠨ ᠪᠠᠶᠢᠭᠤᠯᠤᠭᠰᠠᠨ ᠠᠴᠠ ᠭᠠᠳᠠᠨ᠎ᠠ᠂ ᠦᠨᠳᠦᠰᠦᠳᠡᠨ ᠤ ᠰᠤᠶᠤᠯ ᠢ ᠤᠯᠠᠮᠵᠢᠯᠠᠬᠤ ᠳᠤᠷ᠎ᠠ ᠰᠤᠨᠢᠷᠬᠠᠯ ᠤᠨ ᠠᠩᠭᠢ ᠶᠢ ᠵᠤᠬᠢᠶᠠᠨ ᠪᠠᠶᠢᠭᠤᠯᠵᠤ ᠨᠡᠶᠢᠬᠡᠮ ᠠᠴᠠ ᠲᠤᠰᠬᠠᠢ ᠮᠡᠷᠭᠡᠵᠢᠯ ᠤᠨ ᠵᠢᠭᠠᠨ ᠵᠢᠯᠤᠭᠤᠳᠤᠭᠴᠢ ᠤᠷᠢᠵᠤ᠂ ᠰᠤᠷᠭᠠᠭᠤᠯᠢ ᠠᠴᠠ ᠪᠠᠨ ᠲᠤᠰᠬᠠᠢ ᠮᠡᠷᠭᠡᠵᠢᠯ ᠤᠨ ᠬᠠᠪᠰᠤᠷᠤᠨ ᠵᠢᠯᠤᠭᠤᠳᠤᠭᠴᠢ ᠭᠡᠷᠡᠭᠯᠡᠨ᠂ ᠡᠯ᠎ᠡ ᠳᠤᠭᠤᠶᠢᠯᠠᠩ ᠨᠢ ᠦᠳᠡᠰᠢ ᠶᠢᠨ ᠴᠢᠯᠦᠭᠡ ᠪᠤᠶᠤ ᠭᠠᠷᠠᠭ ᠤᠨ ᠠᠮᠠᠷᠠᠯᠲᠠ ᠪᠠᠨ ᠠᠰᠢᠭᠯᠠᠨ ᠪᠣᠯᠪᠠᠰᠤᠷᠠᠯ ᠬᠢᠬᠦ ᠶᠢ ᠴᠢᠩᠭ᠎ᠠ ᠪᠠᠷᠢᠮᠲᠠᠯᠠᠭᠰᠠᠭᠠᠷ ᠢᠷᠡᠭᠰᠡᠨ ᠠᠴᠠ ᠠᠵᠢᠯᠯᠠᠭᠠᠨ ᠳᠤ ᠤᠷᠤᠯᠴᠠᠬᠤ ᠨᠤᠷᠮ᠎ᠠ ᠨᠢ 100%᠎ ᠳᠤ ᠬᠦᠷᠴᠦ ᠴᠢᠳᠠᠭᠰᠠᠨ ᠪᠠᠶᠢᠨ᠎ᠠ᠃     ᠮᠦᠨ ᠴᠦ ᠴᠢᠩᠭᠢᠰ ᠬᠠᠭᠠᠨ ᠤ ᠤᠩᠭᠤᠨ ᠤ ᠲᠠᠶᠢᠯᠭ᠎ᠠ ᠳᠠᠬᠢᠯᠭ᠎ᠠ ᠶᠢᠨ ᠰᠤᠶᠤᠯ ᠢ ᠦᠪᠯᠡᠨ ᠤᠯᠠᠮᠵᠢᠯᠠᠬᠤ ᠲᠠᠯ᠎ᠠ ᠪᠠᠷ ︽ᠡᠵᠡᠨ ᠰᠠᠩ︾᠎ ᠤᠨ ᠣᠩᠰᠢᠯᠭ᠎ᠠ᠂ ︽ᠰᠦᠯᠳᠡ ᠶᠢᠨ ᠰᠠᠩ︾᠎ ᠤᠨ ᠣᠩᠰᠢᠯᠭ᠎ᠠ᠂ ︽ᠴᠢᠩᠭᠢᠰ ᠬᠠᠭᠠᠨ ᠤ ᠪᠢᠯᠢᠭ ᠰᠤᠷᠭᠠᠯ︾᠎ ᠤᠨ ᠤᠩᠰᠢᠯᠭ᠎ᠠ᠂ ᠮᠣᠷᠢᠨ ᠬᠤᠭᠤᠷ ᠤᠨ ᠲᠤᠭᠯᠠᠯᠲᠠ᠂ ᠡᠷ᠎ᠡ ᠶᠢᠨ ᠭᠤᠷᠪᠠᠨ ᠨᠠᠭᠠᠳᠤᠮ᠂ ᠤᠩᠭᠤᠨ ᠰᠠᠬᠢᠭᠴᠢ ᠶᠠᠮᠤᠲᠠᠳ ︵ᠳᠠᠷᠬᠠᠳ︶᠎ ᠢ ᠤᠷᠢᠵᠤ ᠬᠢᠴᠢᠶᠡᠯᠯᠡᠭᠡ ᠬᠢᠬᠦ ᠵᠡᠷᠭᠡ ᠤᠯᠠᠨ ᠲᠦᠷᠦᠯ ᠤᠨ ᠠᠵᠢᠯᠯᠠᠭ᠎ᠠ ᠶᠢ ᠦᠷᠨᠢᠭᠦᠯᠬᠦ ᠠᠴᠠ ᠭᠠᠳᠠᠨ᠎ᠠ᠂ ᠪᠠᠭᠠᠴᠤᠳ ᠤᠨ ᠣᠷᠳᠣᠨ ᠨᠢ ︽6.1︾᠎ ᠤ ᠤᠷᠠᠨ ᠰᠠᠶᠢᠬᠠᠨ ᠤ ᠲᠤᠭᠯᠠᠯᠲᠠ᠂ ᠤᠷᠠᠨ ᠪᠢᠴᠢᠯᠭᠡ ᠶᠢᠨ ᠦᠵᠡᠭᠦᠯᠭᠡ᠂ ᠰᠢᠨᠵᠢᠯᠡᠭᠡ ᠮᠡᠷᠭᠡᠵᠢᠯ ᠤᠨ ᠭᠠᠷᠠᠭ ᠤᠨ ᠠᠵᠢᠯᠯᠠᠭ᠎ᠠ ᠂ ᠶᠠᠷᠢᠶ᠎ᠠ ᠢᠯᠡᠳᠭᠡᠯ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠬᠦᠳᠡᠯᠭᠡᠭᠡᠨ ᠵᠡᠷᠭᠡ ᠪᠠᠷ ᠳᠠᠮᠵᠢᠭᠤᠯᠤᠨ ᠳᠤᠷ᠎ᠠ ᠰᠤᠨᠢᠷᠬᠠᠯᠲᠤ ᠠᠩᠭᠢ ᠶᠢᠨ ᠰᠤᠷᠤᠭᠴᠢᠳ ᠲᠤ ᠣᠬᠢ ᠰᠠᠶᠢᠨ ᠤᠷ᠎ᠠ ᠠᠪᠢᠶᠠᠰ ᠢᠶᠠᠨ ᠰᠣᠷᠢᠬᠤ ᠣᠷᠣᠨ ᠵᠠᠢ ᠶᠢ ᠬᠠᠩᠭᠠᠭᠰᠠᠨ ᠠᠴᠠ ᠬᠡᠣᠬᠡᠳ ᠪᠠᠭᠠᠴᠤᠳ ᠰᠤᠷᠭᠠᠭᠤᠯᠢ᠂ ᠭᠡᠷ ᠤᠨ ᠠᠬᠠᠮᠠᠳ ᠤᠨ ᠢᠶᠠᠨ ᠳᠡᠷᠭᠡᠳᠡ ᠦᠪᠡᠷ ᠤᠨ ᠢᠶᠠᠨ ᠲᠡᠭᠦᠰ ᠴᠢᠳᠠᠪᠤᠷᠢ ᠪᠠᠨ ᠭᠠᠶᠢᠬᠠᠭᠤᠯᠵᠤ ᠴᠢᠳᠠᠭᠰᠠᠨ ᠢᠶᠠᠷ ᠶᠣᠰᠣ ᠰᠤᠷᠲᠠᠬᠤᠨ᠂ ᠬᠡᠪ ᠴᠢᠨᠠᠷ ᠤᠨ ᠰᠤᠷᠭᠠᠨ ᠬᠦᠮᠦᠵᠢᠯ ᠤᠨ ᠴᠢᠬᠤᠯᠠ ᠰᠠᠭᠤᠷᠢᠨ ᠪᠣᠯᠵᠤ ᠪᠣᠳᠠᠳᠤ ᠦᠷ᠎ᠡ ᠪᠦᠲᠦᠭᠡᠯ ᠭᠠᠷᠭᠠᠵᠠᠢ᠃ ᠤᠷᠢᠳ ᠬᠤᠵᠢᠳ ᠪᠦᠬᠦ ᠬᠤᠲᠠ ᠶᠢᠨ 10 ᠭᠠᠷᠣᠢ ᠠᠬ᠎ᠠ ᠳᠡᠭᠦᠦ ᠰᠤᠷᠭᠠᠭᠤᠯᠢ ᠲᠠᠢ ᠠᠵᠢᠯ ᠰᠤᠷᠤᠯᠴᠠᠯᠭ᠎ᠠ᠂ ᠤᠷᠠᠯᠢᠭ ᠰᠤᠶᠤᠯ ᠤᠨ ᠦᠷᠭᠡᠨ ᠰᠤᠯᠢᠯᠴᠠᠭ᠎ᠠ ᠦᠷᠨᠢᠭᠦᠯᠦᠭᠰᠡᠨ ᠪᠦᠭᠡᠳ ᠦᠨᠳᠦᠰᠦᠳᠡᠨ ᠤ ᠬᠡᠪ ᠵᠠᠩᠰᠢᠯ ᠤᠨ ᠰᠤᠶᠤᠯ ᠤᠨ ᠪᠦᠯᠬᠦᠮ ᠤᠨ ᠵᠤᠬᠢᠶᠠᠨ ᠦᠢᠯᠡᠳᠦᠭᠰᠡᠨ ︽ᠰᠢᠨ᠎ᠡ ᠶᠢᠨ ᠨᠢᠭᠡᠨ︾ ᠭᠡᠬᠦ ᠪᠢᠴᠢᠯ ᠺᠢᠨᠣ᠋ ᠨᠢ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠲᠤᠭᠯᠠᠯᠲᠠ ᠳᠤ ᠨᠢᠭᠡᠳᠦᠭᠡᠷ ᠳᠡᠰ ᠤᠨ ᠱᠠᠩᠨᠠᠯ ᠭᠦᠷᠲᠡᠵᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢᠨ ᠲᠤᠬᠠᠢ ᠳᠤᠰᠬᠠᠢ ᠪᠦᠲᠦᠭᠡᠯ — ︽ᠴᠤᠭ ᠵᠢᠪᠬᠤᠭ᠎ᠠ ᠪᠠᠨ ᠱᠤᠭᠤᠵᠤ᠂ ᠬᠦᠰᠡᠯ ᠵᠡᠭᠦᠳᠦ ᠪᠠᠷ ᠢᠶᠠᠨ ᠲᠡᠭᠦᠯᠢᠶ᠎ᠡ︕︾ ᠭᠡᠬᠦ ᠲᠤᠭᠯᠠᠯᠲᠠ ᠨᠢ ᠨᠢᠭᠡᠳᠦᠭᠡᠷ ᠤᠯᠠᠷᠢᠯ ᠤᠨ ᠪᠦᠬᠦ ᠤᠯᠤᠰ ᠤᠨ ᠬᠥᠳᠡᠭᠡ ᠲᠤᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠪᠦᠲᠦᠭᠡᠯ ᠤᠨ ᠦᠵᠡᠭᠦᠯᠭᠡ ᠶᠢᠨ ᠲᠤᠭᠯᠠᠯᠲᠠ ᠵᠢᠴᠢ ᠰᠢᠯᠭᠠᠷᠠᠭᠤᠯᠤᠯᠲᠠ ᠶᠢᠨ ᠠᠵᠢᠯᠯᠠᠭᠠᠨ ᠳᠤ ᠲᠤᠭᠯᠠᠯᠲᠠ ᠶᠢᠨ ᠦᠵᠡᠭᠦᠯᠭᠡ ᠶᠢᠨ ᠲᠦᠷᠦᠯ᠂ ᠤᠷᠠᠨ ᠵᠢᠷᠤᠭ ᠤᠨ ᠲᠦᠷᠦᠯ ᠤᠨ ᠬᠤᠶᠠᠳᠤᠭᠠᠷ ᠳᠡᠰ ᠤᠨ ᠱᠠᠩᠨᠠᠯ ᠢ ᠲᠤᠰᠪᠦᠷᠢ ᠬᠦᠷᠲᠡᠭᠡᠳ 2015 ᠣᠨ ᠳᠤ ︽ᠣᠷᠳᠣᠰ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶᠠᠨ ᠤ ᠲᠤᠮᠳᠠᠳᠤ ᠤᠯᠤᠰ ᠤᠨ ᠨᠡᠭᠦᠳᠡᠯ ᠰᠦᠯᠵᠢᠶ᠎ᠡ ᠬᠤᠨᠳᠠᠭᠠᠲᠤ︾ ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠬᠤᠭᠤᠴᠠᠭᠠᠨ ᠤ ᠰᠢᠨᠵᠢᠯᠡᠭᠡ ᠮᠡᠷᠭᠡᠵᠢᠯ ᠤᠨ ᠴᠤᠭᠯᠠᠭᠠᠨ ᠵᠢᠴᠢ  ᠺᠠᠷᠲ᠋ᠤᠨ ᠵᠦᠴᠦᠭᠡ ᠶᠢᠨ ᠲᠤᠭᠯᠠᠯᠲᠠ ᠳᠤ ᠬᠤᠶᠠᠳᠤᠭᠠᠷ ᠲᠡᠰ ᠤᠨ ᠱᠠᠩᠨᠠᠯ ᠲᠤᠰᠤᠬᠰᠠᠨ ᠪᠠᠶᠢᠨ᠎ᠠ᠃ 2017 ᠣᠨ ᠳᠤ ᠡᠵᠡᠨ ᠬᠤᠷᠤᠭ᠎ᠠ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶᠠᠨ ᠤ ︽ᠪᠦᠬᠦ ᠬᠤᠰᠢᠭᠤᠨ ᠤ ᠬᠥᠳᠡᠭᠡ ᠲᠤᠰᠬᠤᠨ ᠤ ᠰᠤᠷᠭᠠᠭᠤᠯᠢ ᠶᠢᠨ ᠰᠢᠯᠢᠳᠡᠭ ᠪᠠᠭᠠᠴᠤᠳ ᠤᠨ ᠣᠷᠳᠣᠨ︾᠎ ᠢᠶᠠᠷ ᠴᠣᠯᠠᠯᠠᠭᠳᠠᠵᠤ᠂ ᠤᠯᠤᠰ ᠤᠷᠤᠨ ᠪᠠ ᠬᠤᠲᠠ ᠬᠤᠰᠢᠭᠤᠨ ᠤ ᠦᠨᠳᠦᠷ ᠦᠨᠡᠯᠡᠯᠲᠡ ᠶᠢ ᠬᠦᠷᠲᠡᠭᠰᠡᠨ ᠪᠦᠭᠡᠳ 2017 ᠣᠨ ᠳᠤ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ ᠤᠨ ︽ᠪᠦᠬᠦ ᠤᠷᠤᠨ ᠤ ᠬᠥᠳᠡᠭᠡ ᠲᠤᠰᠬᠤᠨ ᠤ ᠰᠤᠷᠭᠠᠭᠤᠯᠢ ᠶᠢᠨ ᠪᠠᠭᠠᠴᠤᠳ ᠤᠨ ᠤᠷᠳᠤᠨ︾᠎ ᠢᠶᠠᠷ ᠲᠡᠰ ᠳᠡᠪᠰᠢᠭᠦᠯᠦᠭᠳᠡᠨ᠂ 2018 ᠣᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠶᠤᠨ ᠤ ᠪᠤᠯᠪᠠᠰᠣᠨ ᠤ ᠪᠠᠶᠢᠭᠤᠯᠤᠯᠲᠠ ᠶᠢᠨ ᠠᠯᠪᠠᠨ ᠭᠡᠷ ᠠᠴᠠ ︽ᠪᠠᠭᠠᠴᠤᠳ ᠤᠨ ᠤᠯᠠᠭᠠᠨᠮᠥ᠋ᠴᠢᠷ︾᠎ ᠢᠶᠠᠷ ᠨᠡᠷᠡᠶᠢᠳᠴᠠᠢ᠃ 2012 ᠣᠨ ᠳᠤ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶᠠᠨ ᠤ ᠪᠠᠭᠠᠴᠤᠳ ᠭᠡᠤᠭᠡᠳ ᠤᠨ ᠰᠤᠪᠠᠭ ᠤᠨ ︽ᠰᠢᠯᠢᠳᠡᠭ ᠤᠷᠠᠯᠢᠭ ᠤᠨ ᠪᠤᠯᠪᠠᠰᠤᠷᠠᠯ ᠤᠨ ᠰᠤᠷᠭᠠᠭᠤᠯᠢ︾᠎ ᠶᠢᠨ ᠢᠷᠠᠭᠤ ᠠᠯᠳᠠᠷ ᠢ ᠬᠦᠷᠲᠡᠵᠤ᠂ 2018 ᠣᠨ ᠳᠤ ᠤᠯᠠᠨ ᠤᠯᠤᠰ ᠤᠨ ᠪᠠᠭᠠᠴᠤᠳ ᠭᠡᠤᠭᠡᠳ ᠤᠨ ᠤᠷᠠᠨ ᠪᠢᠴᠢᠯᠭᠡ ᠶᠢᠨ ᠶᠡᠭᠡ ᠮᠦᠷᠦ᠋ᠢᠴᠡᠭᠡᠨ ᠤ ᠵᠤᠬᠢᠶᠠᠨ ᠪᠠᠶᠢᠭᠤᠯᠬᠤ ᠺᠤᠮᠢᠰ᠂ ᠲᠤᠮᠳᠠᠳᠤ ᠤᠯᠤᠰ ᠤᠨ ᠪᠠᠭᠠᠴᠤᠳ ᠭᠡᠤᠭᠡᠳ ᠤᠨ ᠤᠷᠠᠨ ᠵᠢᠷᠤᠭ ᠤᠨ ᠵᠢᠭᠠᠨ ᠰᠤᠷᠭᠠᠯᠳᠠ ᠶᠢᠨ ᠰᠦᠯᠵᠢᠶ᠎ᠡ ᠶᠢᠨ ︽ᠲᠤᠮᠳᠠᠳᠤ ᠤᠯᠤᠰ ᠤᠨ ᠵᠠᠭᠤᠨ ᠰᠢᠯᠢᠳᠡᠭ ᠭᠤᠸ᠎ᠠ ᠬᠦᠮᠦᠵᠢᠯ ᠤᠨ ᠨᠡᠷᠡᠲᠦ ᠰᠤᠷᠭᠠᠭᠤᠯᠢ︾᠎ ᠶᠢᠨ ᠱᠠᠩᠨᠠᠯ ᠵᠡᠷᠭᠡ ᠦᠯᠡᠮᠵᠢ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号