| | ᠨᠡᠶᠢᠭᠡᠮ ᠬᠥᠭᠵᠢᠵᠦ ᠠᠮᠢᠳᠣᠷᠠᠯ ᠰᠠᠶᠢᠵᠢᠷᠠᠬᠤ ᠶᠢ ᠲᠠᠭᠠᠯᠳᠣᠨ ᠬᠦᠮᠦᠰ ᠪᠠᠶᠢᠭᠠᠯᠢᠯᠢᠭ᠂ ᠬᠦᠳᠡᠭᠡ ᠶᠢᠨ | ᠪᠣᠬᠢᠷᠳᠣᠯ ᠦᠭᠡᠢ ᠢᠳᠡᠭᠡᠨ ᠤᠮᠳᠠᠭᠠᠨ ᠤ ᠵᠦᠢᠯᠡᠰ ᠢ ᠢᠯᠡᠭᠦᠦ ᠰᠣᠩᠭᠤᠬᠤ ᠪᠤᠯᠵᠠᠢ᠃ ᠶᠠᠭ ᠡᠨᠡ ᠬᠦ ᠵᠠᠬ᠎ᠠ | ᠲᠡᠯᠭᠡᠭᠦᠷ ᠤᠨ ᠣᠷᠣᠨ ᠵᠠᠢ ᠶᠢ ᠬᠢᠷᠠᠬᠠᠢ ᠣᠯᠵᠤ ᠬᠠᠷᠠᠭᠰᠠᠨ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠣᠨ ᠤ | ᠳᠤᠭᠠᠩ ᠤᠨ ᠣᠪᠣᠭ᠎ᠠ ᠭᠠᠴᠠᠭ᠎ᠠ ᠶᠢᠨ ᠮᠠᠯᠴᠢᠨ ᠪᠦᠷᠭᠦᠳ ᠬᠦᠳᠡᠭᠡ ᠭᠡᠷ ᠲᠡᠭᠡᠨ ᠰᠠᠶᠢᠨ ᠡᠭᠦᠯᠳᠡᠷ ᠤᠨ ᠲᠠᠬᠢᠶ᠎ᠠ᠂ | ᠨᠣᠭᠤᠰᠤ ᠵᠡᠷᠭᠡ ᠭᠡᠷ ᠤᠨ ᠵᠢᠭᠦᠷᠳᠡᠨ ᠢ ᠪᠡᠯᠴᠢᠭᠡᠷᠯᠡᠭᠦᠯᠦᠨ ᠲᠡᠵᠢᠭᠡᠵᠤ᠂ ᠠᠰᠢᠭ ᠣᠷᠣᠯᠭ᠎ᠠ ᠪᠠᠨ ᠨᠡᠮᠡᠭᠳᠡᠭᠦᠯᠵᠦ | ᠪᠠᠶᠢᠨ᠎ᠡ᠃ | ᠰᠣᠷᠪᠣᠯᠵᠢᠯᠠᠭᠴᠢ ᠪᠦᠷᠭᠦᠳ ᠤᠨ ᠬᠦᠳᠡᠭᠡ ᠭᠡᠷ ᠲᠤ ᠬᠦᠷᠬᠦ ᠪᠠᠷ ᠭᠡᠷ ᠤᠨ ᠬᠠᠵᠠᠭᠤ ᠳᠤᠨᠢ ᠪᠡᠯᠴᠢᠭᠡᠷᠯᠡᠨ | ᠢᠳᠡᠰᠢᠯᠡᠭᠰᠡᠨ ᠲᠠᠬᠢᠶᠠᠨ ᠰᠦᠷᠦᠭ ᠬᠠᠷᠠᠭ᠎ᠠ ᠶᠢ ᠪᠣᠯᠢᠶᠠᠪᠡ᠃ ᠨᠣᠲᠤᠭ ᠲᠠᠭᠠᠨ ᠶᠡᠷᠤ ᠠᠴᠠ ᠣᠯᠵᠤ ᠬᠠᠷᠠᠬᠤ ᠦᠭᠡᠢ | ᠡᠳᠡᠭᠡᠷ ᠲᠠᠬᠢᠶᠠᠨ ᠤ ᠡᠭᠦᠯᠳᠡᠷ ᠢ ᠪᠦᠷᠭᠦᠳ 2010 ᠣᠨ ᠠᠴᠠ ᠲᠡᠵᠢᠭᠡᠵᠤ ᠡᠬᠢᠯᠡᠭᠰᠡᠨ ᠪᠦᠭᠡᠳ ᠰᠡᠭᠦᠯ ᠤᠨ | ᠵᠢᠯ ᠤᠳ ᠲᠤ ᠲᠦᠷᠦᠯ ᠢ ᠨᠢ ᠤᠯᠠᠰᠢᠷᠠᠭᠤᠯᠵᠤ᠂ ᠣᠳᠤ ᠪᠣᠯᠬᠤ ᠳᠤ ᠲᠡᠭᠦᠨ ᠤ ᠲᠡᠵᠢᠭᠡᠭᠰᠡᠨ ᠭᠡᠷ ᠤᠨ ᠵᠢᠭᠦᠷᠲᠡᠨ ᠨᠢ | ᠠᠷᠪᠡ ᠢᠯᠡᠭᠦᠦ ᠲᠦᠷᠦᠯ ᠪᠤᠯᠵᠠᠢ᠃ | ︽ᠪᠢ ᠲᠠᠬᠢᠶ᠎ᠠ ᠪᠠᠨ ᠪᠡᠯᠴᠢᠭᠡᠷᠯᠡᠭᠦᠯᠤᠨ ᠲᠡᠵᠢᠭᠡᠵᠤ᠂ ᠬᠤᠷᠤᠬᠠᠢ ᠰᠢᠪᠡᠵᠢ ᠪᠤᠶᠤ ᠡᠪᠡᠰᠤᠨ ᠤ ᠬᠦᠷᠦᠩᠭᠡ | ᠵᠡᠷᠭᠡ ᠲᠠᠢ ᠨᠡᠶᠢᠯᠡᠭᠦᠯᠤᠨ ᠲᠡᠵᠢᠭᠡᠵᠤ ᠪᠠᠶᠢᠨ᠎ᠠ᠃ ᠪᠡᠯᠴᠢᠭᠡᠷᠯᠡᠭᠦᠯᠤᠨ ᠲᠡᠵᠢᠭᠡᠭᠰᠡᠨ ᠲᠠᠬᠢᠶᠠᠨ ᠤ ᠮᠢᠬ᠎ᠠ ᠪᠠ | ᠦᠨᠳᠡᠭᠡᠨ ᠤ ᠴᠢᠨᠠᠷ ᠨᠢ ᠰᠠᠶᠢᠨ ᠪᠠᠶᠢᠳᠠᠭ᠃ ᠭᠠᠳᠠᠨ᠎ᠠ ᠰᠤᠯᠠ ᠴᠢᠯᠤᠭᠡᠳᠠᠢ ᠬᠦᠶᠦᠵᠤ ᠬᠦᠳᠡᠯᠭᠡᠭᠡᠨ ᠬᠢᠭᠦ ᠪᠤᠯᠬᠤᠷ | ᠮᠢᠬ᠎ᠠ ᠨᠢ ᠠᠮᠳᠠᠳᠠᠢ ᠪᠠᠶᠢᠳᠠᠭ︾ ᠭᠡᠵᠤ ᠪᠦᠷᠭᠦᠳ ᠲᠠᠬᠢᠶ᠎ᠠ ᠲᠡᠵᠢᠭᠡᠭᠦ ᠪᠠᠶᠢᠳᠠᠯ ᠢᠶᠠᠨ ᠨᠠᠷᠢᠨ ᠲᠠᠶᠢᠯᠪᠤᠷᠢᠯᠠᠨ᠎ᠠ᠃ | ᠪᠦᠷᠭᠦᠳ ᠤᠨ ᠬᠢ 600 ᠢᠯᠡᠭᠦᠤ ᠮᠦ ᠪᠡᠯᠴᠢᠭᠡᠷ ᠲᠠᠢ᠂ 300 ᠮᠦ ᠪᠡᠯᠴᠢᠭᠡᠷ ᠢᠶᠠᠨ ᠲᠡᠮᠦᠷ ᠤᠳᠠᠰᠤ ᠪᠠᠷ | ᠲᠣᠣᠷᠯᠠᠵᠥ ᠬᠦᠷᠢᠶᠡᠯᠡᠭᠡᠳ ᠭᠡᠷ ᠤᠨ ᠵᠢᠭᠦᠷᠲᠡᠨ ᠢᠶᠠᠨ ᠪᠡᠯᠴᠢᠭᠡᠷᠯᠡᠭᠦᠯᠦᠨ ᠬᠠᠷᠢᠭᠤᠯᠬᠤ ᠶᠢᠨ ᠵᠡᠷᠭᠡ ᠳᠤ ᠭᠡᠷ ᠤᠨ | ᠵᠢᠭᠦᠷᠲᠡᠨ ᠤ ᠲᠦᠷᠦᠯ ᠵᠦᠢᠯ ᠢᠶᠠᠨ ᠢᠳᠡᠭ ᠢᠳᠡᠭ ᠢᠶᠠᠷ ᠣᠯᠠᠰᠢᠷᠠᠭᠤᠯᠪᠠ᠃ 2016 ᠣᠨ ᠳᠤ ᠣᠷᠳᠣᠰ | ᠬᠤᠲᠠ ᠶᠢᠨ ᠰᠢᠶᠠᠩ ᠾᠧ ᠹᠧᠢ ᠶᠢᠩ ᠬᠤᠪᠣᠷ ᠵᠢᠭᠦᠷᠲᠡᠨ ᠤ ᠲᠡᠵᠢᠭᠡᠪᠦᠷᠢ ᠶᠢᠨ ᠬᠢᠵᠠᠭᠠᠷᠲᠤ ᠺᠣᠮᠫᠠᠨᠢ ᠪᠠᠨ | ᠳᠠᠩᠰᠠᠯᠠᠨ ᠬᠠᠮᠢᠶ᠎ᠠ ᠪᠦᠬᠦᠢ ᠪᠠᠶᠢᠭᠤᠯᠭ᠎ᠠ ᠶᠢᠨ ᠦᠨᠡᠮᠯᠡᠯ ᠳᠠᠩᠰᠠ ᠭᠡᠷᠡᠴᠢ ᠶᠢ ᠪᠦᠷᠢᠳᠦᠭᠦᠯᠵᠠᠢ᠃ ᠪᠦᠷᠭᠦᠳ | ᠬᠡᠷᠡᠭᠯᠡᠭᠴᠢ ᠶᠢᠨ ᠱᠠᠭᠠᠷᠳᠠᠯᠭ᠎ᠠ ᠶᠢ ᠦᠨᠳᠦᠰᠦᠯᠡᠨ ᠬᠡᠳᠦᠨ ᠲᠦᠷᠦᠯ ᠤᠨ ᠲᠠᠬᠢᠶ᠎ᠠ ᠪᠣᠶᠤ ᠨᠣᠭᠤᠰᠣᠨ ᠤ ᠮᠢᠬ᠎ᠠ ᠪᠠᠨ | ᠪᠣᠭᠤᠳᠠᠯᠯᠠᠵᠤ ᠡᠯᠧᠺᠲᠷᠤᠨ ᠬᠤᠲᠠᠯᠳᠤᠭ᠎ᠠ ᠪᠣᠶᠤ ᠵᠢᠷᠬᠢᠶ᠎ᠠ ᠶᠢᠨ ᠨᠠᠶᠢᠵᠠ ᠶᠢᠨ ᠲᠣᠭᠤᠷᠢᠭ ᠢᠶᠠᠨ ᠠᠰᠢᠭᠯᠠᠨ | ᠵᠠᠬ᠎ᠠ ᠳᠤ ᠭᠠᠷᠭᠠᠬᠤ ᠶᠢᠨ ᠵᠡᠷᠭᠡ ᠳᠤ ᠪᠠᠰᠠ ᠬᠦᠳᠡᠭᠡ ᠭᠡᠷ ᠲᠡᠭᠡᠨ ᠮᠠᠯᠴᠢᠨ ᠠᠶᠢᠯ ᠤᠨ ︽ᠪᠠᠶᠠᠰᠣᠯ︾ ᠬᠤᠭᠤᠯᠠᠨ | ᠭᠡᠷ ᠡᠷᠬᠢᠯᠡᠵᠤ᠂ ᠵᠣᠭᠠᠴᠠᠬᠤ ᠪᠠᠷ ᠢᠷᠡᠭᠰᠡᠨ ᠬᠦᠮᠦᠰ ᠲᠤ ᠢᠵᠢ ᠪᠦᠷᠢᠳᠦᠭᠰᠡᠨ ᠦᠢᠯᠡᠴᠢᠯᠡᠭᠡ ᠬᠠᠩᠭᠠᠳᠠᠭ᠃ ᠲᠡᠷᠡ | ᠣᠳᠣ ᠭᠡᠷ ᠤᠨ ᠵᠢᠭᠦᠷᠲᠡᠨ ᠤ ᠮᠢᠬ᠎ᠠ᠂ ᠦᠨᠳᠡᠭᠡ ᠵᠡᠷᠭᠡ ᠶᠢ ᠪᠣᠭᠤᠳᠠᠯᠯᠠᠵᠤ ᠪᠣᠷᠣᠯᠠᠭᠤᠯᠵᠤ ᠪᠠᠶᠢᠬᠤ ᠠᠴᠠ ᠭᠠᠳᠠᠨ᠎ᠠ | ᠵᠢᠭᠦᠷᠲᠡᠨ ᠤ ᠦᠳᠦ ᠨᠣᠤᠯᠣᠭᠤᠷ ᠢᠶᠠᠷ ᠨᠢ ᠦᠯᠢᠭᠡᠷ ᠬᠡᠪ ᠬᠢᠵᠤ ᠪᠣᠷᠣᠯᠠᠭᠤᠯᠤᠨ ᠠᠰᠢᠭ ᠣᠷᠣᠯᠭ᠎ᠠ ᠪᠠᠨ | ᠨᠡᠮᠡᠭᠳᠡᠭᠦᠯᠵᠤ ᠶᠠᠪᠤᠨ᠎ᠠ᠃ ᠪᠦᠷᠭᠦᠳ ᠪᠤᠰᠬᠠᠭᠰᠠᠨ ᠦᠢᠯᠡᠰ ᠢᠶᠠᠨ ᠨᠡᠩ ᠰᠠᠶᠢᠨ ᠬᠢᠵᠤ᠂ ᠮᠡᠷᠭᠡᠵᠢᠯ ᠤᠨ ᠲᠠᠯ᠎ᠠ ᠳᠤ | ᠤᠷᠲᠤ ᠬᠤᠭᠤᠴᠠᠭᠠᠨ ᠤ ᠵᠢᠯᠣᠭᠤᠳᠣᠮᠵᠢ ᠣᠯᠬᠤ ᠪᠠᠷ ᠥᠪᠦᠷ ᠮᠣᠩᠭᠤᠯ ᠤᠨ ᠲᠠᠷᠢᠶᠠᠯᠠᠩ ᠤᠨ ᠶᠡᠭᠡ | ᠰᠣᠷᠭᠠᠭᠤᠯᠢ ᠶᠢᠨ ᠮᠠᠯ ᠡᠮᠨᠡᠯᠭᠡ ᠶᠢᠨ ᠲᠡᠭᠡᠳᠤ ᠰᠣᠷᠭᠠᠭᠤᠯᠢ ᠲᠠᠢ ᠠᠵᠢᠯ ᠤᠨ ᠬᠠᠷᠢᠴᠠᠭ᠎ᠠ ᠪᠠᠶᠢᠭᠤᠯᠵᠤ᠂ | ᠰᠣᠷᠭᠠᠭᠤᠯᠢ ᠶᠢᠨ ᠲᠠᠯ᠎ᠠ ᠠᠴᠠ ᠭᠡᠷ ᠤᠨ ᠵᠢᠭᠦᠷᠲᠡᠨ ᠢ ᠲᠡᠵᠢᠬᠡᠬᠦ ᠲᠠᠯ᠎ᠠ ᠪᠠᠷ ᠲᠣᠭᠲᠠᠭᠰᠠᠨ ᠬᠤᠭᠤᠴᠠᠭ᠎ᠠ ᠲᠠᠢ | ᠮᠡᠷᠭᠡᠵᠢᠯ ᠤᠨ ᠵᠢᠯᠣᠭᠤᠳᠣᠯᠭ᠎ᠠ ᠬᠢᠵᠤ᠂ ᠴᠣᠷᠪᠠᠭ᠎ᠠ ᠶᠢᠨ ᠣᠨᠳᠣᠷᠣᠯᠲᠠ ᠶᠢᠨ ᠨᠣᠷᠮ᠎ᠡ ᠶᠢ ᠪᠠᠳᠤᠯᠠᠵᠤ ᠪᠠᠶᠢᠨ᠎ᠡ᠃ | ︽ᠬᠦᠮᠤᠰ ᠤᠨ ᠠᠮᠢᠳᠤᠷᠠᠯ ᠰᠠᠶᠢᠵᠢᠷᠠᠬᠤ ᠶᠢ ᠲᠠᠭᠠᠯᠳᠤᠨ ᠰᠢᠮ᠎ᠠ ᠲᠡᠵᠢᠭᠡᠯ ᠲᠠᠢ᠂ ᠪᠤᠬᠢᠷᠳᠤᠯ ᠦᠭᠡᠢ | ᠢᠳᠡᠭᠡᠨ ᠤᠮᠳᠠᠭᠠᠨ ᠢ ᠴᠢᠬᠤᠯᠠᠴᠢᠯᠠᠳᠠᠭ ᠪᠤᠯᠪᠠ᠃ ᠲᠡᠭᠡᠭᠦ ᠪᠠᠷ ᠤᠷᠴᠢᠮ ᠤᠨ ᠵᠢᠯ ᠠᠴᠠ ᠬᠦᠳᠡᠭᠡ ᠳᠤ ᠲᠡᠵᠢᠭᠡᠵᠤ | ᠪᠠᠶᠢᠭ᠎ᠠ ᠲᠠᠬᠢᠶᠠᠨ ᠤ ᠮᠢᠬ᠎ᠠ᠂ ᠪᠡᠯᠴᠢᠭᠡᠷᠯᠡᠭᠦᠯᠤᠨ ᠮᠠᠯᠵᠢᠭᠰᠠᠨ ᠮᠠᠯ ᠤᠨ ᠮᠢᠬ᠎ᠠ᠂ ᠬᠢᠮᠢ ᠶᠢᠨ ᠪᠤᠷᠳᠤᠭᠤᠷ ᠦᠭᠡᠢ | ᠢᠳᠡᠰᠢᠨ ᠨᠤᠭᠤᠭ᠎ᠠ ᠨᠢ ᠬᠦᠮᠤᠰ ᠤᠨ ᠬᠠᠮᠤᠭ ᠤᠨ ᠠᠩᠬᠠᠨ ᠤ ᠰᠤᠩᠭᠤᠯᠳᠠ ᠪᠤᠯᠵᠤ᠂ ᠮᠠᠨ ᠤ ᠲᠡᠵᠢᠭᠡᠭᠰᠡᠨ | ᠲᠠᠬᠢᠶᠠᠨ ᠤ ᠮᠢᠬ᠎ᠠ ᠪᠤᠷᠤᠯᠠᠭᠤᠯᠭ᠎ᠠ ᠰᠠᠶᠢᠳᠠᠢ ᠪᠤᠯᠤᠯ᠎ᠠ᠃ ᠠᠰᠢᠭ ᠤᠷᠤᠯᠭ᠎ᠠ ᠨᠢ ᠨᠠᠯᠢᠶᠠᠳ ᠰᠠᠶᠢᠨ᠂ ᠵᠢᠯ ᠳᠡᠭᠡᠨ | ᠪᠠᠷᠤᠭ ᠬᠤᠷᠢᠨ ᠭᠡᠳᠤᠨ ᠲᠦᠮᠡᠨ ᠲᠦᠭᠦᠷᠢᠭ ᠬᠤᠳᠠᠯᠳᠤᠴᠢᠬᠠᠨ᠎ᠠ︾ ᠭᠡᠵᠤ ᠪᠦᠷᠭᠦᠳ ᠶᠠᠷᠢᠨ᠎ᠠ᠃ | | | | | | |