ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ ᠲᠥᠭᠡᠮᠡᠯᠵᠢᠬᠦᠯᠬᠦ ᠮᠡᠲᠡᠯᠭᠡ ᠶᠢᠨ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2019-12-11
    ᠬᠤᠶᠠᠷ᠂ ᠬᠢᠵᠢᠭ ᠤᠨ ᠪᠠᠶᠢᠲᠠᠯ ᠡᠬᠦᠰᠥᠭᠰᠡᠨ ᠭᠠᠵᠠᠷ ᠤᠨ ᠤᠯᠠᠨ ᠲᠥᠮᠡᠨ ᠳᠤ ᠬᠠᠨᠲᠤᠭᠤᠯᠤᠭᠰᠠᠨ ᠮᠡᠲᠡᠯᠭᠡ   5᠂ ᠬᠡᠷᠪᠡ ᠡᠮᠨᠡᠯᠭᠡ ᠶᠢᠨ ᠪᠠᠶᠢᠭᠤᠯᠤᠮᠵᠢ ᠠᠴᠠ ᠬᠤᠯᠤᠭᠠᠨ᠎ᠠ ᠶᠢᠨ ᠬᠢᠵᠢᠭ ᠲᠤ ᠨᠡᠷᠪᠡᠭᠲᠡᠭᠰᠡᠨ ᠰᠡᠵᠢᠭᠯᠡᠯᠲᠡᠢ ᠡᠪᠡᠳᠴᠢᠨ ᠤ ᠵᠢᠱᠢᠶ᠎ᠠ ᠪᠠᠷ ᠲᠤᠲᠤᠯᠠᠭᠰᠠᠨ ᠪᠤᠯ ᠬᠡᠷᠬᠢᠪᠡᠯ ᠵᠤᠬᠢᠬᠤ ᠪᠤᠢ︖      ᠠᠶᠤᠵᠥ ᠰᠠᠨᠲᠤᠷᠤᠭᠰᠠᠨ ᠤ ᠬᠡᠷᠡᠭ ᠥᠭᠡᠢ᠂ ᠡᠮᠨᠡᠯᠭᠡ ᠶᠢᠨ ᠪᠠᠶᠢᠭᠤᠯᠤᠮᠵᠢ ᠶᠢᠨ ᠲᠤᠬᠢᠷᠠᠭᠤᠯᠤᠯᠲᠠ ᠶᠢ ᠵᠢᠷᠤᠮᠯᠠᠬᠤ ᠪᠥᠭᠡᠳ ᠰᠠᠨᠠᠭᠠᠴᠢᠯᠠᠭᠠᠲᠠᠢ ᠪᠠᠷ ᠬᠠᠮᠵᠢᠯᠴᠠᠬᠤ ᠬᠡᠷᠡᠭᠲᠡᠢ᠃     6᠂ ᠬᠡᠷᠪᠡ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠠᠴᠠ ᠨᠢᠭᠲᠠ ᠤᠢᠢᠷᠠᠳᠤᠭᠰᠠᠳ ᠢᠶᠠᠷ ᠲᠤᠭᠲᠠᠭᠠᠪᠠᠯ ᠬᠡᠷᠬᠢᠪᠡᠯ ᠵᠤᠬᠢᠬᠤ ᠪᠤᠢ︖      ᠠᠶᠤᠵᠥ ᠰᠠᠨᠲᠤᠷᠤᠭᠰᠠᠨ ᠤ ᠬᠡᠷᠡᠭ ᠥᠭᠡᠢ᠂ ᠬᠠᠤᠯᠢ ᠶᠤᠰᠤᠭᠠᠷ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠬᠢᠷᠠᠭᠤᠯᠤᠯᠲᠠ ᠶᠢ ᠵᠢᠷᠤᠮᠯᠠᠬᠤ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ᠃     7᠂ ᠬᠤᠯᠤᠭᠠᠨ᠎ᠠ ᠶᠢᠨ ᠬᠢᠵᠢᠭ ᠢ ᠪᠥᠲᠥᠮᠵᠢᠲᠡᠢ ᠡᠮᠨᠡᠨ ᠵᠠᠰᠠᠬᠤ ᠡᠮ ᠪᠠᠶᠢᠨ᠎ᠠ ᠤᠤ︖      ᠤᠲᠤᠬᠠᠨ ᠳᠤ᠂ ᠬᠤᠯᠤᠭᠠᠨ᠎ᠠ ᠶᠢᠨ ᠬᠢᠵᠢᠭ ᠢ ᠯᠢᠶᠠᠨ ᠮᠸᠢ ᠰᠦ᠋ ᠪᠠᠷ ᠡᠮᠨᠡᠨ ᠵᠠᠰᠠᠵᠥ ᠪᠤᠢ᠃ ᠡᠪᠡᠳᠴᠢᠳᠡᠨ ᠢ ᠨᠡᠩ ᠰᠠᠶᠢᠨ ᠡᠮᠨᠡᠵᠦ ᠵᠠᠰᠠᠬᠤ ᠶᠢᠨ ᠲᠥᠯᠥᠭᠡ ᠡᠮᠴᠢᠯᠡᠭᠡᠨ ᠲᠡᠭᠡᠷ᠎ᠠ ᠥᠷᠬᠦᠯᠵᠢ ᠪᠤᠰᠤᠳ ᠲᠥᠷᠥᠯ ᠬᠡᠯᠪᠡᠷᠢ ᠶᠢᠨ ᠨᠢᠶᠠᠨ ᠲᠠᠷᠤᠭᠴᠢ ᠲᠠᠢ ᠬᠠᠮᠲᠤᠷᠠᠭᠤᠯᠵᠥ ᠭᠡᠷᠡᠭᠯᠡᠳᠡᠭ᠃ ᠲᠤᠬᠠᠢᠢᠯᠠᠪᠠᠯ ᠺᠥᠢ ᠨᠥᠸᠧ ᠲᠥᠡᠭ᠂ ᠳ᠋ᠥᠸᠧ ᠰᠢ ᠬᠤᠸᠠᠨ ᠰᠥ᠋᠂ b - ᠨᠸᠢ ᠰᠢᠶᠠᠨ ᠠᠨ ᠤ ᠲᠥᠷᠥᠯ ᠪᠤᠶᠤ ᠬᠥᠬᠦᠷᠯᠢᠭ ᠠᠮᠢᠨ ᠵᠡᠷᠭᠡ᠃ ᠬᠡᠷᠪᠡ ᠯᠢᠶᠠᠨ ᠮᠸᠢ ᠰᠥ᠋ ᠪᠠᠷ ᠡᠮᠨᠡᠵᠥ ᠪᠤᠯᠬᠤ ᠥᠭᠡᠢ ᠪᠤᠯ ᠡᠮᠴᠢᠯᠡᠭᠡᠨ ᠲᠡᠭᠡᠷ᠎ᠠ ᠪᠠᠰᠠ ᠴᠢᠩ ᠳ᠋ᠠ ᠮᠸᠢ ᠰᠥ᠋᠂ ᠰᠧ ᠬᠤᠸᠠᠨ ᠰᠦ᠋᠂ ᠳ᠋ᠥᠸᠧ ᠰᠢ ᠬᠤᠸᠠᠨ ᠰᠥ᠋᠂ ᠬᠤᠸᠠᠨ ᠪᠢᠡᠭ ᠱᠠ ᠰᠢᠩ ᠵᠡᠷᠭᠡ ᠶᠢ ᠭᠡᠷᠡᠭᠯᠡᠳᠡᠭ᠃      8᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠵᠥ ᠪᠤᠯᠤᠨ᠎ᠠ ᠤᠤ︖     ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠥ᠂ ᠬᠤᠷᠢᠭᠯᠠᠵᠥ ᠪᠤᠯᠤᠨ᠎ᠠ᠃ ᠬᠠᠯᠲᠠᠪᠤᠷᠢᠯᠠᠬᠤ ᠰᠤᠷᠪᠤᠯᠵᠢ ᠶᠢ ᠬᠤᠷᠢᠭᠯᠠᠬᠤ᠂ ᠬᠠᠯᠲᠠᠪᠤᠷᠢᠯᠠᠬᠤ ᠵᠠᠮ ᠢ ᠲᠠᠰᠤᠯᠬᠤ ᠵᠢᠴᠢ ᠬᠤᠪᠢ ᠬᠥᠮᠥᠨ ᠤ ᠰᠡᠷᠭᠡᠶᠢᠯᠡᠯᠲᠡ ᠶᠢ ᠰᠠᠶᠢᠲᠤᠷ ᠬᠢᠬᠦ᠂ ᠤᠨᠴᠠᠭᠠᠢᠢᠯᠠᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠠᠶᠤᠯ ᠲᠥᠭᠰᠢᠬᠦᠷᠢ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠠ ᠪᠠᠷ ᠲᠠᠮᠵᠢᠭᠤᠯᠤᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠶᠢ ᠪᠥᠲᠥᠮᠵᠢᠲᠡᠢ ᠰᠡᠷᠭᠡᠶᠢᠯᠡᠵᠥ ᠪᠤᠯᠤᠨ᠎ᠠ᠃    ᠮᠠᠨ ᠤ ᠤᠯᠤᠰ ᠶᠡᠷᠥ ᠠᠴᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠲᠥᠢᠯ ᠢᠶᠠᠷ ᠴᠢᠬᠤᠯᠠᠴᠢᠯᠠᠭᠰᠠᠭᠠᠷ ᠢᠷᠡᠵᠡᠢ᠃ ᠤᠢᠢᠷ᠎ᠠ ᠶᠢᠨ ᠵᠢᠯ ᠳᠤ ᠪᠥᠬᠦ ᠤᠯᠤᠰ ᠲᠤ ᠵᠢᠯ ᠪᠥᠷᠢ ᠬᠥᠮᠥᠨ ᠤ ᠬᠤᠭᠤᠷᠤᠨᠳᠤ ᠬᠠᠯᠳᠠᠪᠤᠷᠢᠯᠠᠬᠤ ᠬᠤᠯᠤᠭᠠᠨ᠎ᠠ ᠶᠢᠨ ᠬᠢᠵᠢᠭ ᠡᠬᠦᠰᠬᠦ ᠶᠢ ᠭᠡᠳᠤᠭᠡᠨ ᠡᠳᠤᠷ ᠲᠤᠳᠤᠷ᠎ᠠ ᠬᠢᠵᠠᠭᠠᠷᠯᠠᠵᠥ᠂ ᠵᠠᠷᠢᠮ ᠭᠠᠵᠠᠷ ᠲᠤ ᠬᠥᠮᠥᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠪᠠᠶᠢᠲᠠᠯ ᠪᠤᠯ ᠤᠨᠴᠠᠭᠠᠢ ᠵᠢᠱᠢᠶ᠎ᠠ ᠪᠤᠯᠤᠨ᠎ᠠ᠃
 
ᠢᠷᠡᠯᠲᠡ᠄ ᠣᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号