ᠮᠠᠨ ᠤ ᠤᠯᠤᠰ ᠤᠨ ᠰᠢᠨᠵᠢᠯᠡᠬᠦ ᠤᠬᠠᠭᠠᠨᠲᠠᠨ ᠯᠤᠭᠰᠢᠭᠤᠨ ᠰᠤᠳᠠᠯ ᠤᠨ ᠬᠠᠲᠠᠭᠤᠷᠠᠯ ᠢ ᠰᠡᠷᠭᠡᠶᠢᠯᠡᠨ‌ᠵᠠᠰᠠᠬᠤ ᠰᠤᠳᠤᠯᠭᠠᠨ ᠤ ᠬᠦᠷᠢᠶᠡᠨ ᠳᠤ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2019-12-11
     ᠮᠠᠨ ᠤ ᠤᠯᠤᠰ ᠤᠨ ᠰᠢᠨᠵᠢᠯᠡᠬᠦ ᠤᠬᠠᠭᠠᠨᠲᠠᠨ ᠣᠶᠢᠷ᠎ᠠ ᠶᠢᠨ ᠡᠳᠦᠷ ᠤᠯᠠᠭᠠᠨ ᠡᠰ ᠲᠤ ᠰᠠᠭᠤᠷᠢᠯᠠᠭᠰᠠᠨ ᠨᠢᠭᠡ ᠵᠦᠢᠯ ᠤᠨ ᠪᠢᠦᠨᠢᠺ ᠨᠠᠮᠢ ᠶᠢᠨ ᠡᠮ ᠢ ᠡᠭᠦᠳᠴᠦ ᠭᠠᠷᠭᠠᠭᠰᠠᠨ ᠪᠥᠭᠡᠳ ᠡᠨᠡ ᠡᠮ ᠢ ᠠᠩᠬ᠎ᠠ ᠤᠳᠠᠭ᠎ᠠ ᠠᠮᠢᠲᠠᠨ ᠤ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠭᠰᠠᠨ ᠢ ᠵᠠᠰᠠᠬᠤ ᠵᠠᠰᠠᠯ ᠳᠤ ᠠᠮᠵᠢᠯᠲᠠ ᠲᠠᠢ ᠬᠡᠷᠡᠭᠯᠡᠭᠰᠡᠨ ᠪᠠᠶᠢᠨ᠎ᠠ ᠃ ᠬᠤᠯᠪᠣᠭᠳᠠᠯ ᠪᠦᠬᠦᠢ ᠰᠤᠳᠤᠯᠭᠠᠨ ᠤ ᠦᠷ᠎ᠡ ᠪᠦᠲᠦᠭᠡᠯ ᠢ ᠣᠶᠢᠷ᠎ᠠ ᠳᠤ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠬᠤᠰᠢᠭᠤᠴᠢ ᠰᠢᠨᠵᠢᠯᠡᠬᠦ ᠤᠬᠠᠭᠠᠨ︾ ︵Advanced Science︶᠎ ᠳᠤ ᠨᠡᠶᠢᠲᠡᠯᠡᠪᠡ᠃      ᠥᠭᠦᠯᠡᠯ ᠴᠢᠮᠡᠭᠡ  ᠬᠤᠯᠪᠣᠭ᠎ᠠ ᠶᠢᠨ ᠵᠣᠬᠢᠶᠠᠭᠴᠢ᠂ ᠴᠦᠩᠴᠢᠩ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠸᠠᠩ ᠬᠦᠢ ᠰᠢᠤᠸᠠᠢ ᠶᠢᠨ ᠲᠠᠨᠢᠯᠴᠠᠭᠤᠯᠤᠭᠰᠠᠨ ᠢᠶᠠᠷ᠂ ᠨᠠᠮᠢ ᠠᠨᠠᠭᠠᠬᠤ ᠤᠬᠠᠭᠠᠨ ᠪᠣᠯ ᠯᠤᠭᠰᠢᠭᠤᠨ ᠰᠤᠳᠠᠯ ᠤᠨ ᠬᠠᠲᠠᠭᠤᠷᠠᠯ ᠢ ᠰᠡᠷᠭᠡᠶᠢᠯᠡᠨ ᠵᠠᠰᠠᠬᠤ ᠬᠠᠯᠠᠮᠰᠢᠯ ᠰᠤᠳᠤᠯᠭᠠᠨ ᠤ ᠬᠦᠷᠢᠶ᠎ᠡ ᠪᠣᠯᠤᠨ᠎ᠠ᠃ ᠤᠤᠭᠤᠬᠤ ᠡᠮ ᠵᠡᠷᠭᠡ ᠡᠩ ᠤᠨ ᠬᠡᠷᠡᠭᠯᠡᠬᠦ ᠡᠮ ᠤᠨ ᠯᠤᠭᠰᠢᠭᠤᠨ ᠰᠤᠳᠠᠯ ᠤᠨ ᠬᠠᠲᠠᠭᠤᠷᠠᠬᠤ ᠠᠮᠠᠷᠬᠠᠨ ᠰᠦᠢᠳᠬᠦ‌‍ᠴᠢᠨᠠᠷᠲᠠᠶ ᠲᠣᠯᠪᠤ ᠳᠤ ᠣᠷᠣᠬᠤ ᠥᠳᠬᠡᠴᠡ ᠮᠠᠰᠢ ᠳᠣᠣᠷ᠎ᠠ᠂ ᠪᠦᠲᠦᠮᠵᠢᠲᠡᠶ ᠡᠮᠨᠡᠨ ᠵᠠᠰᠠᠬᠤ ᠶᠢ ᠪᠡᠶᠡᠯᠡᠭᠦᠯᠬᠦ ᠳᠤ ᠬᠦᠴᠢᠷᠲᠡᠶ᠂ ᠣᠳᠣᠬᠠᠨ ᠳᠤ ᠡᠮᠴᠢᠯᠡᠭᠡᠨ ᠳᠡᠭᠡᠷ᠎ᠡ ᠨᠠᠮᠢ ᠡᠮ ᠬᠦᠷᠭᠡᠬᠦ ᠰᠢᠰᠲ᠋ᠧᠮ ᠢ ᠡᠬᠢᠯᠡᠨ ᠬᠡᠷᠡᠭᠯᠡᠪᠡ᠂ ᠡᠨᠡ ᠨᠢ ᠡᠮ ᠢ ᠠᠭᠤᠰᠬᠠᠬᠤ᠂ ᠡᠮ ᠤᠨ ᠬᠠᠭᠠᠰ ᠴᠤᠴᠠᠷᠠᠯᠲᠠ ᠶᠢᠨ ᠬᠤᠭᠤᠴᠠᠭ᠎ᠠ ᠶᠢ  ᠳᠡᠭᠡᠭᠰᠢᠯᠡᠭᠦᠯᠬᠦ᠂ ᠡᠮ ᠤᠨ ᠪᠡᠶ᠎ᠡ ᠶᠢᠨ ᠳᠣᠲᠣᠷᠠᠬᠢ ᠲᠠᠷᠬᠠᠯᠲᠠ ᠶᠢ ᠰᠠᠢᠵᠢᠷᠠᠭᠤᠯᠬᠤ᠂ ᠬᠤᠣᠷᠲᠤ ᠭᠠᠵᠢᠭᠤ ᠦᠢᠯᠡᠳᠦᠯ ᠢ ᠪᠠᠭᠤᠷᠠᠭᠤᠯᠵᠤ ᠴᠢᠳᠠᠳᠠᠭ ᠪᠠᠶᠢᠨ᠎ᠠ᠃ ᠭᠡᠪᠡᠴᠦ ᠤᠯᠠᠮᠵᠢᠯᠠᠯᠲᠤ ᠨᠠᠮᠢ ᠡᠮ ᠬᠦᠷᠭᠡᠬᠦ ᠰᠢᠰᠲ᠋ᠧᠮ ᠢ ᠠᠮᠢᠳᠤ ᠪᠣᠳᠠᠰ ᠤᠨ ᠪᠡᠶ᠎ᠡ ᠨᠢ ︽ᠥᠪᠡᠷ ᠤᠨ ᠪᠡᠶ᠎ᠡ ᠪᠤᠰᠤ︾ ᠬᠠᠷᠢ ᠪᠣᠳᠠᠰ ᠪᠣᠯᠭᠠᠨ ᠂ ᠠᠮᠠᠷᠬᠠᠨ ᠴᠡᠪᠡᠷᠯᠡᠨ ᠠᠷᠢᠯᠭᠠᠵᠤ ᠳᠡᠶᠢᠯᠬᠦ ᠦᠭᠡᠢ ᠪᠣᠯᠵᠤ᠂ ᠭᠤᠣᠯᠳᠠᠯᠭ᠎ᠠ ᠶᠢ ᠨᠢ ᠵᠠᠰᠠᠵᠤ ᠳᠡᠶᠢᠯᠬᠦ ᠦᠭᠡᠢ ᠪᠠᠶᠢᠨ᠎ᠠ ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠸᠠᠩ ᠬᠦᠢ ᠰᠢᠤᠸᠠᠢ ᠶᠢᠨ ᠰᠤᠳᠤᠯᠭᠠᠨ ᠤ ᠪᠠᠭ ᠨᠢ ᠪᠢᠦᠨᠢᠺ ᠤᠨ  ᠲᠥᠯᠥᠪᠯᠡᠭᠡ ᠶᠢᠨ ᠠᠷᠭ᠎ᠠ ᠪᠣᠳᠣᠯᠭ᠎ᠠ ᠶᠢ ᠬᠡᠷᠡᠭᠯᠡᠵᠦ᠂ ᠨᠠᠮᠢ ᠶᠢᠨ ᠠᠮᠢᠳᠤ ᠪᠣᠳᠠᠰ ᠢ ᠤᠯᠠᠭᠠᠨ ᠡᠰ ᠤᠨ ᠪᠦᠷᠬᠦᠭᠦᠯ ᠢᠶᠠᠷ ᠪᠣᠭᠤᠵᠤ᠂ ᠡᠭᠦᠨ ᠤ ᠤᠯᠠᠮ ᠠᠴᠠ ᠡᠮ ᠨᠢ ᠠᠯᠭᠤᠷ‌‍ᠲ᠋ᠠᠯᠪᠢᠭᠳᠠᠵᠤ᠂ ᠤᠷᠳᠤ ᠬᠤᠭᠤᠴᠠᠭ᠎ᠠ ᠪᠠᠷ ᠴᠢᠰᠤᠨ ᠤ ᠡᠷᠭᠢᠯᠲᠡ ᠳᠤ ᠣᠷᠣᠵᠤ᠂ ᠥᠨᠳᠥᠷ  ᠪᠦᠲᠦᠮᠵᠢᠲᠡᠢ ᠪᠠᠷ ᠲᠣᠭᠲᠠᠭᠰᠠᠨ ᠴᠡᠭ ᠤᠷᠤᠭᠤ ᠡᠮ ᠬᠦᠷᠭᠡᠨ᠎ᠡ᠃ ᠰᠤᠳᠤᠯᠭᠠᠨ ᠤ ᠪᠠᠭ ᠡᠨᠡ ᠬᠦ ᠪᠢᠦᠨᠢᠺ ᠨᠠᠮᠢ ᠶᠢᠨ ᠡᠮ ᠢ ᠡᠩ ᠲᠡᠷᠢᠭᠦᠨ ᠳᠤ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠭᠰᠠᠨ ᠢ ᠵᠠᠰᠠᠬᠤ ᠵᠠᠰᠠᠯ ᠳᠤ ᠬᠡᠷᠡᠭᠯᠡᠵᠦ᠂ ᠬᠤᠯᠤᠭᠠᠨ᠎ᠠ ᠶᠢᠨ ᠵᠠᠭᠪᠤᠷ ᠤᠨ ᠲᠤᠷᠰᠢᠯᠲᠠ ᠳᠤ ᠠᠮᠵᠢᠯᠲᠠ ᠣᠯᠪᠠ᠃      ᠸᠠᠩ ᠬᠦᠶ ᠰᠢᠤᠸᠠᠢ ᠲᠠᠨᠢᠯᠴᠠᠭᠤᠯᠬᠤ ᠳᠠᠭᠠᠨ᠂ ᠡᠨᠡ ᠬᠦ ᠰᠤᠳᠤᠯᠭᠠᠨ ᠨᠢ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠭᠰᠠᠨ ᠴᠢᠨᠠᠷᠲᠠᠶ ᠵᠢᠷᠦᠬᠡ ᠴᠢᠰᠤᠨ ᠰᠤᠳᠠᠯ ᠤᠨ ᠡᠪᠡᠳᠴᠢᠨ ᠢ ᠨᠠᠮᠢ ᠡᠮ ᠢᠶᠠᠷ ᠡᠮᠴᠢᠯᠡᠬᠦ ᠰᠢᠨ᠎ᠡ ᠰᠡᠳᠬᠢᠮᠵᠢ ᠶᠢ ᠣᠯᠭᠤᠵᠤ᠂ ᠣᠨᠣᠪᠴᠢᠲᠠᠶ ᠪᠠᠷ ᠡᠮᠨᠡᠨ ᠵᠠᠰᠠᠬᠤ ᠪᠠ ᠡᠮᠴᠢᠯᠡᠭᠡᠨ ᠤ ᠦᠷ᠎ᠡ ᠳ᠋ᠦᠩ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ᠴᠢᠬᠤᠯᠠ ᠰᠢᠨᠵᠢᠯᠡᠬᠦ ᠤᠬᠠᠭᠠᠨᠴᠢ ᠠᠴᠢ ᠬᠤᠯᠪᠣᠭᠳᠠᠯ ᠪᠠ ᠡᠮᠴᠢᠯᠡᠭᠡᠨ ᠤ ᠬᠡᠷᠡᠭᠯᠡᠭᠡᠨ ᠤ ᠦᠨ᠎ᠡ ᠥᠷᠲᠡᠭ ᠲᠠᠢ ᠶᠤᠮ ᠭᠡᠵᠡᠶ᠃                
 
ᠢᠷᠡᠯᠲᠡ᠄ ᠤᠷᠳᠤᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号