ᠦᠨᠡᠨᠴᠢ ᠢᠲᠡᠭᠡᠮᠵᠢ ᠪᠣᠯ ᠡᠵᠡᠩᠨᠡᠯᠲᠡ ᠶᠢᠨ ᠦᠨᠳᠦᠰᠦ — ᠯᠢᠦ ᠰᠠᠨ ᠬᠤ᠋
ᠨᠡᠶᠢᠲᠡᠯᠡᠭᠰᠡᠨ ᠴᠠᠭ᠄
2019/12/11
     ᠯᠢᠦ ᠰᠠᠨ ᠬᠤ᠋ 2008 ᠣᠨ ᠳᠤ ᠠᠳᠠᠯ ᠦᠢᠯᠡᠰ ᠴᠣᠭᠴᠠᠯᠠᠭᠰᠠᠨ ᠠᠴᠠ ᠨᠠᠭᠠᠰᠢ᠂ ᠠᠩᠬᠠᠨ ᠳᠠᠭᠠᠨ 4 ᠠᠵᠢᠯᠲᠠᠨ ᠠᠵᠢᠯᠴᠢᠨ ᠲᠠᠢ᠂ ᠡᠵᠡᠩᠨᠡᠯᠲᠡ ᠶᠢᠨ ᠲᠠᠯᠠᠪᠠᠢ ᠨᠢ 100 ᠲᠡᠭᠰᠢ ᠳᠥᠷᠪᠡᠯᠵᠢᠨ ᠮᠧᠲᠷ ᠬᠦᠷᠬᠦ ᠦᠭᠡᠢ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠵᠠᠭᠤᠨ ᠲᠦᠮᠡᠨ ᠲᠥᠭᠦᠷᠢᠭ ᠬᠦᠷᠬᠦ ᠦᠭᠡᠢ᠂ ᠬᠥᠭᠵᠢᠨ ᠪᠤᠵᠠᠭᠠᠶᠢᠷᠠᠭᠠᠳ ᠤᠳᠤ 40 ᠠᠵᠢᠯᠲᠠᠨ ᠲᠠᠢ᠂ ᠡᠵᠡᠩᠨᠡᠯᠲᠡ ᠶᠢᠨ ᠲᠠᠯᠠᠪᠠᠢ ᠨᠢ 4000 ᠲᠡᠭᠰᠢ ᠳᠥᠷᠪᠡᠯᠵᠢᠨ ᠮᠧᠲᠷ ᠪᠣᠯᠵᠤ᠂ ᠵᠢᠯ ᠤᠨ ᠪᠣᠷᠣᠯᠠᠭᠤᠯᠤᠯᠲᠠ ᠶᠢᠨ ᠬᠡᠪᠴᠢᠶ᠎ᠡ ᠨᠢ 2000 ᠲᠦᠮᠡᠨ ᠲᠥᠭᠦᠷᠢᠭ ᠢ ᠳᠠᠪᠠᠵᠤ᠂ ᠡᠳ᠋ ᠬᠥᠷᠥᠩᠭᠡ ᠨᠢ ᠵᠠᠭᠤᠨ ᠲᠦᠮᠡᠨ ᠲᠥᠭᠦᠷᠢᠭ ᠢ ᠳᠠᠪᠠᠭᠰᠠᠨ ᠭᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠪᠣᠯᠵᠠᠶ᠃ ᠯᠢᠦ ᠰᠠᠨ ᠬᠤ᠋ ᠠᠭᠤᠵᠢᠭᠤ ᠡᠨᠡᠷᠢᠩᠭᠦᠢ ᠰᠡᠳᠬᠢᠯ ᠢᠶᠠᠷ ᠬᠡᠷᠡᠭᠯᠡᠭᠴᠢᠳ ᠲᠤ ᠬᠠᠨᠳᠤᠨ᠂ ᠪᠤᠶᠠᠨ ᠦᠢᠯᠡᠳᠬᠦ ᠵᠠᠩ ᠰᠤᠷᠲᠠᠯ ᠢᠶᠠᠷ ᠹᠦ᠋ ᠵᠧᠩ ᠭᠡᠷ ᠤᠨ ᠴᠠᠬᠢᠯᠭᠠᠨ ᠬᠡᠷᠡᠭᠰᠡᠯ ᠤᠨ ᠪᠣᠶ ᠪᠦᠬᠦᠢ ᠠᠵᠢᠯᠲᠠᠳ ᠢ ᠨᠢᠭᠲᠠᠷᠠᠭᠤᠯᠵᠤ᠂ ︽ᠦᠨᠡᠨᠴᠢ ᠢᠲᠡᠭᠡᠮᠵᠢᠲᠡᠶ  ᠂ ᠶᠣᠰᠣ ᠮᠣᠷᠠᠯ ᠲᠠᠢ ᠪᠠᠶᠢᠬᠤ ᠶᠢ ᠡᠷᠬᠢᠮᠯᠡᠬᠦ︾ ᠠᠵᠤ ᠠᠬᠤᠶᠢᠯᠠᠯ ᠤᠨ ᠰᠣᠶᠣᠯ ᠢ ᠪᠦᠷᠢᠯᠳᠦᠭᠦᠯᠵᠡᠶ᠃      ᠯᠢᠦ ᠰᠠᠨ ᠬᠤ᠋ ᠪᠣᠯ ᠨᠢᠭᠡᠨ ᠰᠠᠶᠢᠨ ᠬᠥᠮᠦᠨ ᠶᠤᠮ᠂ ᠲᠡᠷᠡ ᠭᠡᠷ ᠤᠨ ᠴᠠᠬᠢᠯᠭᠠᠨ ᠬᠡᠷᠡᠭᠰᠡᠯ ᠤᠨ ᠶᠠᠰᠤ ᠴᠢᠨᠠᠷ ᠪᠦᠬᠦ ᠲᠠᠯ᠎ᠠ ᠶᠢᠨ ᠬᠥᠳᠡᠯᠦᠩᠭᠦᠶ ᠪᠠᠶᠢᠳᠠᠯ᠂ ᠪᠦᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠬᠥᠮᠦᠰ ᠢ ᠵᠣᠬᠢᠶᠠᠨ ᠪᠠᠶᠢᠭᠤᠯᠵᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠭᠤᠯᠵᠤ᠂ ᠶᠠᠰᠤ ᠴᠢᠨᠠᠷ ᠤᠨ ᠤᠬᠠᠭᠤᠯᠭ᠎ᠠ ᠶᠢ ᠴᠢᠩᠭᠠᠳᠬᠠᠵᠤ᠂ ᠠᠵᠢᠯᠯᠠᠭ᠎ᠠ ᠪᠣᠯᠤᠨ ᠣᠶᠢᠯᠠᠭᠠᠭᠳᠠᠬᠤᠨ ᠤ ᠲᠠᠯ᠎ᠠ ᠪᠠᠷ ᠪᠦᠬᠦ ᠠᠵᠢᠯᠲᠠᠨ ᠤ ᠶᠠᠰᠤ ᠴᠢᠨᠠᠷ ᠪᠣᠯᠤᠨ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠪᠡ᠃      ᠹᠦ᠋ ᠵᠧᠩ ᠭᠡᠷ ᠤᠨ ᠴᠠᠬᠢᠯᠭᠠᠨ ᠬᠡᠷᠡᠭᠰᠡᠯ ᠤᠨ ᠦᠢᠯᠡᠴᠢᠡᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠪᠦᠬᠦ ᠬᠤᠰᠢᠭᠤᠨ ᠤ ᠠᠩᠬᠠᠳᠠᠭᠴᠢ ᠲᠤᠰᠬᠠᠶ ᠰᠡᠯᠪᠢᠨ ᠵᠠᠰᠠᠬᠤ ᠲᠥᠪ ᠪᠠᠶᠢᠭᠤᠯᠵᠤ᠂ ︽ᠶᠣᠰᠣ ᠰᠤᠷᠲᠠᠬᠤᠨ᠂ ᠦᠨᠡᠨᠴᠢ ᠰᠢᠳᠤᠷᠭᠤ ᠪᠠᠷ ᠦᠨᠳᠦᠰᠦ ᠪᠣᠯᠭᠠᠵᠤ᠂ ᠪᠠᠭ᠎ᠠ ᠪᠠᠭ᠎ᠠ ᠪᠠᠷ ᠦᠨᠡᠨᠴᠢ ᠢᠲᠡᠭᠡᠮᠵᠢᠲᠡᠶ ᠪᠠᠶᠢᠬᠤ︾  ᠦᠢᠯᠡᠴᠢᠯᠡᠭᠡᠨ ᠤ ᠤᠷᠢᠶ᠎ᠠ ᠶᠢ ᠭᠡᠷ ᠤᠨ ᠴᠠᠬᠢᠯᠭᠠᠨ ᠬᠡᠷᠡᠭᠰᠡᠯ ᠤᠨ ᠦᠢᠯᠡᠴᠢᠯᠡᠭᠡᠨ ᠤ ᠬᠦᠷᠢᠶᠡᠨ ᠤ ᠨᠠᠷᠢᠨ  ᠵᠦᠢᠯᠡᠰ ᠳᠡᠭᠡᠷ᠎ᠡ ᠢᠯᠡᠷᠡᠭᠦᠯᠵᠡᠶ᠃ ᠤᠲᠠᠰᠤ ᠪᠠᠷ ᠪᠣᠯᠵᠣᠵᠤ᠂ ᠭᠡᠷ  ᠎ ᠲᠤᠨᠢ ᠣᠴᠢᠵᠤ  ᠦᠢᠯᠡᠴᠢᠯᠡᠨ᠎ᠡ᠃      ᠯᠢᠦ ᠰᠠᠨ ᠬᠤ᠋ ᠪᠣᠯ ᠨᠢᠭᠡᠨ ᠬᠠᠯᠠᠭᠤᠨ ᠰᠡᠳᠬᠢᠯ ᠲᠠᠢ ᠬᠥᠮᠦᠨ ᠶᠤᠮ᠂ ᠲᠡᠷᠡ ︽ᠪᠠᠶᠠᠵᠢᠭᠰᠠᠨ ᠴᠤ ᠢᠷᠡᠯᠲᠡ ᠶᠢ ᠨᠢ ᠮᠠᠷᠲᠠᠬᠤ ᠦᠭᠡᠢ᠂ ᠪᠠᠶᠠᠵᠢᠭᠰᠠᠨ ᠴᠤ ᠳᠠᠪᠰᠢᠬᠤ ᠶᠢ ᠪᠤᠳᠤᠬᠤ᠂ ᠵᠢᠷᠤᠮ ᠪᠠ ᠠᠰᠢᠭ ᠢ ᠬᠠᠮᠲᠤ ᠳᠤᠨᠢ ᠬᠠᠷᠠᠭᠠᠯᠵᠠᠬᠤ᠂ ᠶᠣᠰᠣ ᠰᠤᠷᠲᠠᠬᠤᠨ ᠪᠠ ᠦᠢᠯᠡ ᠠᠵᠢᠯᠯᠠᠭ᠎ᠠ ᠶᠢ ᠵᠡᠷᠭᠡᠪᠡᠷ ᠴᠢᠬᠤᠯᠠᠴᠢᠯᠠᠬᠤ᠂ ᠨᠡᠶᠢᠭᠡᠮ ᠳᠤ ᠠᠴᠢ ᠬᠠᠷᠢᠭᠤᠯᠠᠬᠤ︾ ᠭᠡᠷᠡᠯ ᠰᠠᠴᠤᠷᠠᠩᠭᠤᠶ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠡᠷᠡ ᠶᠠᠳᠠᠭᠤ ᠬᠦᠴᠢᠷᠳᠡᠯ ᠎ ᠲᠠᠢ ᠬᠦᠮᠦᠰ ᠢ ᠲᠤᠰᠠᠯᠠᠨ ᠲᠡᠳᠬᠦᠬᠦ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠳᠤ ᠠᠴᠢ ᠬᠠᠷᠢᠭᠤᠯᠵᠠᠶ᠃ ᠯᠢᠦ ᠰᠠᠨ ᠬᠤ᠋᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠣᠭᠲᠠᠭᠰᠠᠨ ᠴᠠᠭ ᠲᠠᠭᠠᠨ ᠭᠠᠶᠢᠯᠢ ᠲᠤᠰᠢᠶᠠᠨ᠎ᠠ᠃ ᠠᠵᠤ ᠠᠬᠤᠶᠢᠯᠠᠯ ᠪᠠᠶᠢᠭᠤᠯᠤᠭᠳᠠᠭᠰᠠᠨ ᠠᠴᠠ ᠨᠠᠭᠠᠰᠢ᠂ ᠠᠵᠢᠯᠲᠠᠨ ᠠᠵᠢᠯᠲᠠᠨ ᠢ ᠪᠠᠭᠲᠠᠭᠠᠭᠰᠠᠨ ᠬᠤᠪᠢ ᠬᠥᠮᠦᠨ ᠳᠤ ᠬᠠᠤᠯᠢ ᠠᠴᠠ ᠵᠥᠷᠢᠴᠡᠭᠰᠡᠨ ᠶᠠᠪᠤᠳᠠᠯ ᠨᠢᠭᠡ ᠴᠦ ᠭᠠᠷᠤᠭᠰᠠᠨ ᠦᠭᠡᠢ᠃ ᠲᠡᠷᠡ᠂ ᠠᠵᠤ  ᠠᠬᠤᠶᠢᠯᠠᠯ ᠵᠥᠪᠬᠡᠨ ᠵᠣᠭᠤᠰ ᠣᠯᠬᠤ ᠶᠢ ᠪᠤᠳᠤᠬᠤ ᠪᠢᠰᠢ᠂ ᠨᠠᠩ ᠴᠤ ᠨᠡᠶᠢᠭᠡᠮ ᠳᠤ  ᠦᠢᠯᠡᠴᠢᠯᠡᠬᠦ᠂ ᠠᠷᠠᠳ ᠣᠯᠠᠨ ᠳᠤ ᠦᠢᠯᠡᠴᠢᠯᠡᠬᠦ ᠵᠣᠬᠢᠶᠠᠨ ᠪᠠᠶᠢᠭᠤᠯᠤᠯᠲᠠ ᠪᠣᠯᠤᠨ᠎ᠠ ᠭᠡᠳᠡᠭ ᠢ ᠪᠠᠲᠤ ᠢᠲᠡᠭᠡᠵᠦ ᠪᠠᠶᠢᠯ᠎ᠠ᠃      ᠯᠢᠦ ᠰᠠᠨ ᠬᠤ᠋ ᠪᠣᠯ ᠨᠢᠭᠡᠨ ᠬᠠᠶᠢᠷ᠎ᠠ ᠰᠡᠳᠬᠢᠯᠭᠡ ᠶᠢ ᠡᠷᠬᠢᠮᠯᠡᠳᠡᠭ ᠬᠥᠮᠦᠨ ᠶᠤᠮ᠂ ᠠᠵᠢᠯᠲᠠᠳ ᠲᠠᠭᠠᠨ ᠬᠠᠨᠳᠤᠬᠤ ᠶᠢᠨ ᠬᠠᠮᠲᠤ ᠠᠵᠢᠯᠲᠠᠨ ᠤ ᠪᠠᠨ ᠠᠮᠢᠳᠤᠷᠠᠯ ᠢ ᠨᠠᠩ ᠢᠯᠡᠬᠦᠦ ᠬᠠᠯᠠᠮᠵᠢᠯᠠᠵᠤ᠂ ᠵᠢᠯ ᠪᠦᠷᠢ ᠭᠡᠷ ᠤᠨ ᠠᠮᠢᠳᠤᠷᠠᠯ ᠨᠢ ᠬᠦᠴᠢᠷᠳᠡᠯ ᠲᠠᠢ ᠠᠵᠢᠯᠲᠠᠨ ᠳᠠᠭᠠᠨ 2000᠎ ᠠᠴᠠ 3000 ᠲᠥᠭᠦᠷᠢᠭ ᠤᠨ ᠨᠥᠬᠦᠪᠥᠷᠢ ᠥᠭᠴᠦ᠂ ᠣᠯᠠᠨ ᠵᠢᠯ ᠤᠨ ᠲᠤᠷᠰᠢ ᠡᠶᠢᠮᠦᠷᠬᠦᠦ ᠬᠦᠴᠢᠷᠳᠡᠯ ᠢ ᠬᠠᠪᠰᠤᠷᠤᠨ ᠲᠡᠳᠬᠦᠬᠦ ᠵᠠᠷᠤᠯᠭ᠎ᠠ ᠨᠢ ᠲᠠᠪᠤᠨ ᠲᠦᠮᠡᠨ ᠲᠥᠭᠦᠷᠢᠭ ᠰᠢᠬᠠᠮ ᠵᠠᠷᠤᠴᠠᠭᠤᠯᠳᠠᠭ ᠪᠠᠶᠢᠨ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠡ