| — ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ | ᠰᠤᠷᠭᠠᠭᠤᠯᠢ ᠶᠢᠨ ᠵᠠᠬᠢᠷᠤᠯ ᠪᠦᠷᠢᠨᠵᠢᠷᠭᠠᠯ ᠢ ᠲᠡᠮᠲᠡᠭᠯᠡᠪᠡ | | ᠬᠤᠯᠠ ᠶᠢᠨ ᠭᠦᠰᠡᠯ ᠪᠠ ᠬᠠᠲᠠᠭᠤ ᠵᠣᠷᠢᠭ ᠪᠣᠯ ᠠᠵᠢᠯ ᠦᠢᠯᠡᠰ ᠤᠨ ᠬᠢᠨᠢ ᠬᠤᠣᠰ ᠵᠢᠭᠦᠷ ᠮᠥᠨ | — ᠭᠧᠲ᠋ᠧ ︵ᠭᠧᠷᠮᠠᠨ︶ | ᠦᠨᠳᠦᠰᠦᠲᠡᠨ ᠤ ᠪᠠᠨ ᠰᠣᠶᠤᠯ ᠭᠡᠭᠡᠷᠡᠯ ᠤᠨ ᠦᠢᠯᠡᠰ ᠤᠨ ᠲᠥᠯᠦᠭᠡ ᠤᠢ ᠪᠢᠯᠢᠭ ᠢᠶᠠᠨ ᠬᠤᠷᠴᠠᠯᠠᠨ ᠤᠬᠠᠭᠠᠨ ᠲᠠᠮᠢᠷ ᠢᠶᠠᠨ ᠰᠦᠢᠵᠦ᠂ ᠥᠰᠪᠦᠷᠢ ᠶᠢᠨ | ᠪᠠᠭᠠᠴᠤᠳ ᠢ ᠰᠤᠷᠭᠠᠨ ᠬᠥᠮᠦᠵᠢᠭᠦᠯᠵᠦ ᠶᠠᠪᠤᠭ᠎ᠠ ᠨᠠᠶᠢᠷᠰᠠᠭ ᠪᠣᠯᠪᠠᠰᠤᠨ ᠵᠠᠩ ᠲᠠᠢ᠂ ᠨᠠᠷᠢᠬᠠᠨ ᠥᠨᠳᠥᠷ ᠪᠡᠶ᠎ᠡ ᠲᠠᠢ᠂ ᠨᠠᠰᠤᠨ ᠤ ᠵᠠᠯᠠᠭᠤ ᠳᠠᠭᠠᠨ ᠨᠠᠷᠭᠢᠭᠤᠯᠵᠤ | ᠪᠠᠶᠢᠭ᠎ᠠ ᠪᠦᠷᠢᠨᠵᠢᠷᠭᠠᠯ ᠪᠠᠭᠰᠢ ᠪᠣᠯ ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠪᠢᠯᠡ᠃ ᠲᠡᠷᠡᠪᠡᠷ 1978 ᠣᠨ ᠤ 8 | ᠰᠠᠷ᠎ᠠ ᠳᠤ ᠲᠥᠷᠦᠵᠦ᠂ 2003 ᠣᠨ ᠳᠤ ᠥᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠵᠢᠩᠬᠢᠨᠢ | ᠠᠩᠭᠢ ᠶᠢ ᠲᠡᠭᠦᠰᠭᠡᠪᠡ᠃ ᠳᠤᠮᠳᠠᠳᠤ ᠰᠤᠷᠭᠠᠭᠤᠯᠢ ᠶᠢᠨ ᠥᠨᠳᠦᠷ ᠲᠡᠰ ᠤᠨ ᠪᠠᠭᠰᠢ ᠶᠢᠨ ᠴᠣᠯᠠ ᠬᠠᠮᠠᠭᠠᠯᠠᠪᠠ᠃ | | | | 2003 ᠣᠨ ᠳᠤ᠂ ᠥᠪᠦᠷ ᠮᠣᠩᠭᠤᠯ ᠤᠨ ᠶᠡᠭᠡ ᠰᠤᠷᠭᠠᠭᠤᠯᠢ ᠶᠢᠨ ︽ᠯᠢ ᠵᠢᠶᠠ ᠴᠧᠩ ᠰᠠᠭᠤᠷᠢ ᠮᠥᠩᠭᠦᠨ ᠤ ᠨᠡᠶᠢᠬᠡᠮᠯᠢᠭ︾ ᠤᠨ ᠪᠠᠷᠠᠭᠤᠨ ᠣᠷᠤᠨ ᠤ | ᠳᠤᠮᠳᠠᠳᠤ ᠪᠠᠭ᠎ᠠ ᠰᠤᠷᠭᠠᠭᠤᠯᠢ ᠶᠢᠨ ᠣᠳᠣᠬᠢᠴᠢᠯᠠᠭᠰᠠᠨ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠪᠠᠭᠰᠢ ᠶᠢᠨ ᠪᠣᠯᠪᠠᠰᠤᠷᠠᠯ ᠢ ᠲᠡᠭᠦᠰᠬᠡᠵᠤ᠂ 2001 | ᠣᠨ ᠳᠤ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠬᠢᠷᠤᠯ ᠢ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠶᠢᠨ ᠡᠷᠬᠢᠯᠡᠭᠰᠡᠨ ᠵᠠᠬᠢᠷᠤᠯ ᠤᠨ | ᠪᠣᠯᠪᠠᠰᠤᠷᠠᠯ ᠤᠨ ᠠᠩᠭᠢ ᠶᠢ ᠲᠡᠭᠦᠰᠬᠡᠵᠤ ᠪᠢᠯᠡ᠃ | ᠲᠡᠷᠡ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠭᠤᠣᠯᠳᠠᠯᠭᠠᠲᠦ ᠪᠠᠭ᠎ᠠ ᠰᠤᠷᠭᠠᠭᠤᠯᠢ᠂ ᠬᠤᠰᠢᠭᠤᠨ ᠤ ᠮᠣᠩᠭᠤᠯ ᠦᠨᠳᠦᠰᠦᠲᠡᠨ ᠤ | ᠳᠤᠮᠳᠠᠳᠤ ᠰᠤᠷᠭᠠᠭᠤᠯᠢ ᠳᠤ ᠤᠷᠠᠨ ᠵᠢᠷᠤᠭ᠂ ᠴᠢᠮᠡᠭᠡ ᠵᠠᠩᠭᠢ ᠶᠢᠨ ᠮᠡᠷᠭᠡᠵᠢᠯ ᠤᠨ ᠪᠠᠭᠰᠢ ᠪᠠᠷ ᠪᠠᠭᠰᠢᠯᠠᠬᠤ ᠶᠢᠨ ᠳᠠᠭᠠᠤ ᠰᠤᠷᠭᠠᠭᠤᠯᠢ ᠶᠢᠨ ᠡᠪᠯᠡᠯ ᠤᠨ ᠡᠭᠦᠷ ᠤᠨ | ᠱᠦᠵᠢ᠂ ᠵᠢᠭᠠᠨ ᠰᠤᠷᠭᠠᠬᠤ ᠭᠠᠵᠠᠷ ᠤᠨ ᠡᠷᠬᠢᠯᠡᠭᠴᠢ ᠶᠢᠨ ᠠᠵᠢᠯ ᠤᠳ ᠢ ᠳᠠᠪᠬᠤᠷᠯᠠᠨ ᠬᠠᠷᠢᠭᠤᠴᠠᠭᠰᠠᠭᠠᠷ ᠢᠷᠡᠭᠰᠡᠨ ᠪᠥᠭᠡᠳ 2012 ᠣᠨ ᠪᠣᠯᠬᠤ ᠳᠤ᠂ ᠠᠵᠢᠯ | ᠦᠢᠯᠡᠰ ᠤᠨ ᠲᠤᠬᠢᠷᠠᠭᠤᠯᠤᠯᠲᠠ ᠪᠠᠷ ᠵᠣᠬᠢᠶᠠᠨ ᠪᠠᠶᠢᠭᠤᠯᠤᠯᠲᠠ ᠠᠴᠠ ᠲᠡᠭᠦᠨ ᠢ ᠴᠢᠩᠭᠢᠰ ᠬᠠᠭᠠᠨ ᠤ ᠣᠩᠭᠤᠨ ᠳᠤ ᠪᠠᠶᠢᠷᠢᠰᠢᠭ᠎ᠠ ᠡᠵᠡᠨ ᠬᠤᠷᠤᠭ᠎ᠠ ᠮᠣᠩᠭᠤᠯ | ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠢᠶᠠᠷ ᠳᠡᠪᠰᠢᠭᠦᠯᠵᠡᠢ᠃ ᠡᠵᠡᠨ ᠬᠤᠷᠤᠭ᠎ᠠ ᠪᠠᠯᠭᠠᠰᠤᠨ ᠤ ᠲᠣᠭᠤᠷᠢᠭ ᠨᠢ ᠵᠠᠮ ᠬᠠᠷᠢᠯᠴᠠᠭ᠎ᠠ ᠳᠥᠷᠪᠡᠨ ᠵᠦᠭ | ᠨᠠᠢᠮᠠᠨ ᠵᠣᠪᠬᠢᠰ ᠲᠠᠢ ᠭᠦᠢᠴᠡᠳ ᠨᠡᠪᠲᠡᠷᠡᠯᠴᠡᠨ᠂ ᠳᠠᠶᠠᠩ ᠳᠡᠯᠡᠬᠡᠢ ᠶᠢᠨ ᠴᠣᠩᠬᠤ᠂ ᠳᠠᠶᠠᠭᠠᠷ ᠲᠦᠮᠡᠨ ᠤ ᠳᠠᠶᠢᠯᠭ᠎ᠠ ᠳᠠᠬᠢᠯᠭ᠎ᠠ ᠶᠢᠨ ᠳᠠᠷᠬᠠᠨ ᠣᠷᠤᠨ᠂ ᠲᠡᠭᠷᠢᠯᠢᠭ | ᠬᠥᠪᠡᠭᠦᠨ ᠴᠢᠩᠭᠢᠰ ᠬᠠᠭᠠᠨ ᠤ ᠰᠢᠲᠦᠭᠡᠨᠲᠦ ᠨᠤᠲᠤᠭ ᠪᠤᠯᠤᠭᠰᠠᠨ ᠢᠶᠠᠷ ᠠᠳᠡᠬᠢ ᠶᠢᠨ ᠥᠩ ᠰᠢᠮᠡᠯᠢᠭ ᠬᠥᠷᠦᠰᠦ ᠰᠢᠷᠤᠢ᠂ ᠥᠩᠭᠡᠲᠦ ᠲᠣᠷᠭᠠᠨ ᠡᠪᠡᠰᠦ ᠤᠰᠤ ᠨᠢ | ᠦᠷᠡᠵᠢᠯᠲᠦ ᠮᠠᠯ ᠤᠨ ᠬᠢᠨᠢ ᠥᠪ᠂ ᠥᠷᠭᠡᠨ ᠲᠦᠮᠡᠨ ᠤ ᠬᠢᠨᠢ ᠭᠤᠯᠤᠮᠲᠠ᠂ ᠥᠰᠪᠦᠷᠢ ᠪᠠᠭᠠᠴᠤᠳ ᠤᠨ ᠬᠢᠨᠢ ᠥᠰᠦᠨ ᠬᠥᠮᠦᠵᠢᠭᠦ ᠥᠯᠦᠭᠡᠢ ᠪᠣᠯᠵᠠᠢ᠃ | ᠡᠵᠡᠨ ᠬᠤᠷᠤᠭ᠎ᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢ ᠤᠤᠯ ᠳᠠᠭᠠᠨ ︽ᠬᠤᠷᠤᠭ᠎ᠠ ᠪᠠᠭ᠎ᠠ ᠰᠤᠷᠭᠠᠭᠤᠯᠢ︾ ᠭᠡᠮᠡᠨ ᠨᠡᠷᠡᠶᠢᠳᠴᠦ᠂ | ᠲᠤᠬᠠᠢ ᠶᠢᠨ ᠦᠶᠡᠰ ᠲᠤ ᠲᠤᠰ ᠰᠤᠷᠭᠠᠭᠤᠯᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠪᠠ ᠪᠠᠭ᠎ᠠ ᠰᠤᠷᠭᠠᠭᠤᠯᠢ᠂ ᠬᠠᠷᠢᠶᠠᠲᠤ ᠬᠡᠤᠬᠡᠳ ᠤᠨ | ᠴᠡᠴᠡᠷᠯᠢᠭ ᠲᠠᠢ ᠬᠠᠮᠲᠤᠲᠠ ᠡᠷᠬᠢᠯᠡᠵᠦ ᠪᠠᠶᠢᠭᠰᠠᠨ ᠪᠥᠭᠡᠳ ᠪᠠᠰᠠ ᠪᠠᠭ᠎ᠠ ᠰᠤᠷᠭᠠᠭᠤᠯᠢ ᠳᠠᠭᠠᠨ ᠬᠢᠲᠡᠳ ᠠᠩᠭᠢ ᠶᠢ ᠨᠡᠮᠡᠨ ᠡᠷᠬᠢᠯᠡᠵᠤ ᠪᠠᠶᠢᠵᠠᠢ᠃ 1994 | ᠣᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠶᠢ ᠪᠠᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠲᠠᠢ | ᠨᠡᠶᠢᠯᠡᠭᠦᠯᠬᠦ ᠶᠢᠨ ᠬᠠᠮᠲᠦ 2007 ᠣᠨ ᠳᠤ ᠬᠢᠲᠠᠳ ᠠᠩᠭᠢ ᠪᠠᠨ ᠬᠠᠰᠤᠪᠠ᠃ 2012 ᠣᠨ ᠳᠤ᠂ ᠬᠤᠰᠢᠭᠤ ᠰᠤᠷᠭᠠᠨ ᠬᠥᠮᠦᠵᠢᠯ ᠤᠨ ᠳᠣᠪᠴᠢᠶᠠᠨ ᠤ | ᠳᠣᠬᠢᠷᠠᠭᠤᠯᠭ᠎ᠠ ᠪᠠᠷ ᠬᠠᠷᠢᠶᠠᠲᠤ ᠬᠡᠤᠬᠡᠳ ᠤᠨ ᠴᠡᠴᠡᠷᠯᠢᠭ ᠨᠢ ᠥᠪᠡᠷ ᠤᠨ ᠬᠠᠤᠯᠢ ᠶᠢᠨ ᠡᠷᠬᠡᠲᠡᠨ ᠲᠠᠢ ᠳᠤᠰᠠᠭᠠᠷ ᠬᠡᠤᠬᠡᠳ ᠤᠨ ᠴᠡᠴᠡᠷᠯᠢᠭ ᠪᠣᠯᠵᠤ᠂ ᠪᠠᠭ᠎ᠠ | ᠰᠤᠷᠭᠠᠭᠤᠯᠢ ᠨᠢ ᠪᠦᠷᠢᠨ ᠪᠠᠭ᠎ᠠ ᠰᠤᠷᠭᠠᠭᠤᠯᠢ ᠪᠣᠯᠵᠤ ᠬᠤᠪᠢᠷᠠᠭᠠᠳ ᠪᠦᠷᠢᠨᠵᠢᠷᠭᠠᠯ ᠨᠥᠬᠦᠷ ᠪᠦᠬᠦ ᠬᠤᠰᠢᠭᠤᠨ ᠤ ᠵᠠᠬᠢᠷᠤᠯ ᠢ ᠰᠢᠯᠢᠨ ᠰᠣᠩᠭᠤᠬᠤ ᠰᠢᠯᠭᠠᠯᠲᠠ ᠪᠠᠷ | ᠳᠠᠮᠵᠢᠨ ᠲᠤᠰ ᠰᠤᠷᠭᠠᠭᠤᠯᠢ ᠶᠢᠨ ᠵᠠᠬᠢᠷᠤᠯ ᠪᠣᠯᠵᠠᠢ᠃ ᠲᠡᠭᠦᠨ ᠢ ᠠᠩᠬ᠎ᠠ ᠢᠷᠡᠬᠦ ᠳᠤ ᠪᠦᠬᠦ ᠰᠤᠷᠭᠠᠭᠤᠯᠢ ᠨᠢ ᠵᠥᠪᠬᠡᠨ ᠲᠠᠪᠢ ᠭᠠᠷᠤᠢ ᠰᠤᠷᠤᠭᠴᠢ ᠲᠠᠢ᠂ ᠬᠡᠳᠦᠨ | ᠪᠠᠭᠰᠢ ᠲᠠᠢ᠂ ᠲᠣᠨᠤᠭ ᠳᠦᠬᠦᠭᠡᠷᠥᠮᠵᠢ ᠪᠠᠷ ᠠᠨᠠᠶᠢᠬᠠᠨ᠂ ᠨᠡᠶᠢᠭᠡᠮ ᠤᠨ ᠡᠯ᠎ᠡ ᠡᠲᠡᠭᠡᠳ ᠤᠨ ᠰᠠᠨᠠᠭ᠎ᠠ ᠶᠢ ᠠᠯᠳᠠᠭᠤᠯᠤᠮᠠᠷ ᠬᠡᠮᠵᠢᠶᠡᠨ ᠳᠤ ᠬᠦᠷᠦᠭᠰᠡᠨ᠂ ᠦᠷᠭᠦᠯᠵᠢᠯᠡᠨ | ᠡᠷᠬᠢᠯᠡᠵᠤ ᠳᠡᠶᠢᠯᠬᠦ ᠡᠰᠡᠬᠦ ᠶᠢᠨ ᠲᠦᠷᠦᠭᠡ ᠪᠤᠱᠤᠭᠠᠨ ᠳᠡᠭᠡᠷ᠎ᠡ ᠲᠤᠯᠤᠭᠰᠠᠨ ᠰᠤᠷᠭᠠᠭᠤᠯᠢ ᠪᠠᠶᠢᠪᠠ᠃ ᠡᠶᠢᠮᠦᠷᠬᠦᠦ ᠡᠯᠦᠢ ᠬᠤᠯᠤᠢ ᠡᠵᠡᠭᠦ᠋ᠢᠷᠡᠭᠰᠡᠨ ᠪᠠᠶᠢᠳᠠᠯ ᠲᠠᠢ | ᠣᠷᠴᠢᠨ ᠠᠬᠤᠢ ᠶᠢ ᠨᠢᠳᠦ ᠪᠠᠷ ᠢᠶᠠᠨ ᠦᠵᠡᠭᠰᠡᠨ ᠪᠦᠷᠢᠨᠵᠢᠷᠭᠠᠯ᠄ ︽ᠡᠭᠡᠭᠡᠳ ᠪᠤᠴᠠᠶ᠎ᠠ ᠭᠡᠬᠦᠯᠡᠷ ᠵᠣᠬᠢᠶᠠᠨ ᠪᠠᠶᠢᠭᠤᠯᠤᠯᠲᠠ ᠶᠢᠨ ᠳᠣᠬᠢᠷᠠᠭᠤᠯᠭ᠎ᠠ᠂ ᠠᠬᠢᠭᠠᠳ ᠬᠢᠶ᠎ᠡ | ᠭᠡᠬᠦᠯᠡᠷ ᠬᠠᠮᠢᠭ᠎ᠠ ᠠᠴᠠ ᠰᠤᠷᠤᠭᠴᠢ ᠣᠯᠵᠤ᠂ ᠪᠠᠭᠰᠢ ᠡᠷᠢᠬᠦ ᠪᠢᠯᠡ︖ ᠡᠨᠡ ᠴᠤ ᠨᠢᠭᠡ ᠬᠡᠴᠡᠭᠦᠤ ᠡᠭᠦᠷᠭᠡ ᠲᠤᠯᠭᠠᠷᠠᠯ᠎ᠠ︕ ᠭᠠᠷ ᠢᠶᠠᠨ ᠨᠤᠬᠤᠯᠠᠨ ᠵᠣᠭᠰᠤᠵᠤ | ᠪᠣᠯᠬᠤ ᠦᠭᠡᠢ᠂ ᠭᠠᠷᠮᠠᠭᠠᠢᠢᠯᠠᠨ ᠱᠠᠯᠠᠮᠠᠭᠠᠶᠢᠯᠠᠵᠤ ᠬᠢᠬᠦ ᠬᠡᠷᠡᠭᠲᠠᠢ ᠪᠣᠯᠤᠯ᠎ᠠ︕︾ ᠬᠡᠵᠦ ᠭᠦᠨ ᠪᠣᠳᠣᠯᠭᠠᠰᠢᠷᠠᠯ ᠪᠣᠯᠵᠠᠢ᠃ | ᠢᠩᠭᠢᠭᠡᠳ ᠰᠢᠨ᠎ᠡ ᠵᠠᠬᠢᠷᠤᠯ᠂ ᠰᠢᠨ᠎ᠡ ᠰᠤᠷᠤᠯᠭ᠎ᠠ ᠶᠢᠨ ᠵᠢᠯ ᠳᠡᠭᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢ ᠲᠡᠭᠦᠰᠭᠡᠭᠰᠡᠨ 12 ᠰᠢᠨ᠎ᠡ ᠪᠠᠭᠰᠢ ᠶᠢ | ᠡᠯᠰᠡᠨ ᠠᠪᠴᠤ᠂ ᠨᠢᠭᠡᠳᠦᠭᠡᠷ ᠣᠨ ᠳᠠᠭᠠᠨ 6 ᠰᠤᠷᠤᠭᠴᠢ ᠡᠯᠰᠡᠵᠤ᠂ 6 ᠠᠩᠭᠢ ᠲᠠᠢ ᠰᠤᠷᠭᠠᠭᠤᠯᠢ ᠪᠠᠨ ᠡᠬᠢᠯᠡᠭᠦᠯᠦᠭᠰᠡᠨ ᠪᠥᠭᠡᠳ ᠳᠠᠷᠠᠭ᠎ᠠ ᠵᠢᠯ ︵2013 ᠣᠨ | ︶ ᠨᠢ ᠮᠥᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ 9 ᠪᠠᠭᠰᠢ ᠶᠢ ᠡᠯᠰᠡᠵᠤ᠂ 2016 ᠣᠨ ᠪᠣᠯᠬᠤ ᠳᠤ ᠨᠢᠭᠡᠳᠦᠭᠡᠷ ᠣᠨ ᠳᠠᠭᠠᠨ 20 | ᠰᠤᠷᠤᠭᠴᠢ ᠲᠠᠢ᠂ 2017 ᠣᠨ ᠪᠣᠯᠬᠤ ᠳᠤ ᠨᠢᠭᠡᠳᠦᠭᠡᠷ ᠣᠨ ᠳᠤ 26 ᠰᠤᠷᠤᠭᠴᠢ ᠲᠠᠢ᠂ 2018 ᠣᠨ ᠳᠤ 34 ᠰᠤᠷᠤᠭᠴᠢ ᠲᠠᠢ᠂ 2019 ᠣᠨ ᠳᠤ 30 | ᠰᠤᠷᠤᠭᠴᠢ ᠲᠠᠢ ᠪᠣᠯᠵᠤ᠂ ᠡᠳᠦᠭᠡ 8 ᠠᠩᠭᠢ ᠲᠠᠢ 123 ᠰᠤᠷᠤᠭᠴᠢ ᠲᠠᠢ᠂ 33 ᠪᠠᠭᠰᠢ ᠠᠵᠢᠯᠲᠠᠨ ᠲᠠᠢ ᠪᠣᠯᠵᠤ ᠥᠷᠭᠡᠵᠢᠨ ᠪᠤᠵᠠᠭᠠᠶᠢᠷᠠᠭᠠᠳ 2012 | ᠣᠨ ᠤ ᠬᠢ ᠲᠠᠢ ᠬᠠᠷᠢᠴᠠᠭᠤᠯᠪᠠᠯ ᠳᠠᠬᠢᠨ ᠢᠯᠡᠭᠦᠤ ᠪᠠᠷ ᠨᠡᠮᠡᠭᠳᠡᠭᠰᠡᠨ ᠪᠠᠶᠢᠨ᠎ᠠ᠃ | ︽ᠦᠢᠯᠡᠰ ᠰᠦᠨᠳᠡᠷᠯᠡᠪᠡᠯ ᠢᠷᠡᠭᠡᠳᠦᠢ ᠰᠠᠷᠠᠭᠤᠯᠬᠠᠨ︾ ᠭᠡᠳᠡᠭ ᠢᠶᠠᠷ ᠲᠡᠷᠡ ᠪᠠᠰᠠ ᠰᠤᠷᠭᠠᠭᠤᠯᠢ ᠶᠢᠨ ᠢᠶᠠᠨ ᠵᠢᠭᠠᠨ ᠰᠤᠷᠭᠠᠯᠲᠠ ᠶᠢᠨ ᠲᠣᠨᠤᠭ | ᠳᠥᠬᠦᠭᠡᠷᠥᠮᠵᠢ ᠪᠠᠨ ᠳᠠᠰᠤᠷᠠᠯᠲᠠ ᠦᠭᠡᠢ ᠪᠠᠷ ᠲᠡᠭᠦᠯᠳᠡᠷᠵᠢᠭᠦᠯᠦᠨ ᠰᠠᠶᠢᠵᠢᠷᠠᠭᠤᠯᠬᠤ ᠪᠠᠷ ᠤᠷᠢᠳ ᠬᠤᠵᠢᠳ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ | ᠰᠤᠷᠭᠠᠨ ᠬᠥᠮᠦᠵᠢᠯ ᠤᠨ ᠲᠤᠰᠬᠠᠢ ᠲᠥᠷᠦᠯ ᠤᠨ ᠪᠡᠯᠡ ᠮᠥᠩᠭᠦ ᠶᠢ ᠵᠢᠷᠠᠭᠠᠳ ᠲᠦᠮᠡᠨ ᠲᠥᠭᠦᠷᠢᠭ᠂ ᠣᠷᠳᠤᠰ ᠬᠤᠲᠠ ᠶᠢᠨ ᠦᠨᠳᠦᠰᠦᠲᠡᠨ ᠤ ᠰᠤᠷᠭᠠᠨ | ᠬᠥᠮᠦᠵᠢᠯ ᠤᠨ ᠳᠤᠰᠬᠠᠢ ᠲᠥᠷᠦᠯ ᠤᠨ ᠪᠡᠯᠡ ᠮᠥᠩᠭᠦ ᠶᠢ ᠲᠠᠯᠠᠭᠠᠳ ᠲᠦᠮᠡᠨ ᠲᠥᠭᠦᠷᠢᠭ᠂ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ | ᠳᠣᠪᠴᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠤᠰᠬᠠᠢ ᠲᠥᠷᠦᠯ ᠤᠨ ᠪᠡᠯᠡ ᠮᠥᠩᠭᠦ ᠶᠢ ᠲᠠᠪᠢᠭᠠᠳ ᠲᠦᠮᠡᠨ ᠲᠥᠭᠦᠷᠢᠭ᠂ ᠴᠢᠩᠭᠢᠰ ᠬᠠᠭᠠᠨ ᠤ | ᠣᠩᠭᠤᠨ ᠤ ᠬᠠᠮᠢᠶᠠᠷᠤᠯᠲᠠ ᠶᠢᠨ ᠵᠥᠪᠯᠡᠯ ᠠᠴᠠ ᠰᠤᠷᠭᠠᠨ ᠬᠥᠮᠦᠵᠢᠯ ᠢ ᠬᠠᠯᠠᠮᠵᠢᠯᠠᠨ ᠲᠡᠳᠭᠦᠭᠰᠡᠨ ᠪᠡᠯᠡ ᠮᠥᠩᠭᠦ ᠶᠢ ᠭᠤᠴᠢᠭᠠᠳ ᠲᠦᠮᠡᠨ ᠲᠥᠭᠦᠷᠢᠭ᠂ ᠡᠵᠡᠨ | ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠠᠴᠠ ᠦᠨᠳᠦᠰᠦᠲᠡᠨ ᠤ ᠰᠤᠷᠭᠠᠨ ᠬᠥᠮᠦᠵᠢᠯ ᠢ ᠲᠡᠳᠭᠦᠨ ᠳᠡᠮᠵᠢᠭᠰᠡᠨ ᠪᠡᠯᠡ ᠮᠥᠩᠭᠦ ᠬᠤᠷᠢᠭᠠᠳ | ᠲᠦᠮᠡᠨ ᠲᠥᠭᠦᠷᠢᠭ ᠢ ᠭᠤᠶᠤᠴᠢᠯᠠᠨ ᠣᠯᠵᠤ᠂ ᠰᠤᠷᠭᠠᠭᠤᠯᠢ ᠶᠢᠨ ᠢᠶᠠᠨ ᠠᠯᠢᠪᠠ ᠪᠦᠲᠦᠭᠡᠨ ᠪᠠᠶᠢᠭᠤᠯᠤᠯᠲᠠ ᠳᠠᠭᠠᠨ ᠵᠣᠷᠢᠭᠤᠯᠵᠠᠢ᠃ ᠡᠶᠢᠨ ᠬᠦ ᠪᠠᠭᠰᠢ | ᠰᠤᠷᠤᠭᠴᠢ ᠶᠢᠨ ᠲᠤᠭ᠎ᠠ ᠨᠣᠷᠮ᠎ᠠ ᠶᠢᠨ ᠳᠡᠭᠡᠭᠰᠢᠯᠡᠯᠲᠡ᠂ ᠵᠢᠭᠠᠨ ᠰᠤᠷᠭᠠᠯᠲᠠ ᠶᠢᠨ ᠠᠬᠢᠯᠲᠠ ᠥᠭᠡᠷᠡᠴᠢᠯᠡᠯᠲᠡ᠂ ᠨᠡᠶᠢᠬᠡᠮ ᠴᠠᠭ ᠦᠶ᠎ᠡ ᠶᠢᠨ ᠬᠥᠭᠵᠢᠯᠲᠡ ᠶᠢᠨ | ᠱᠠᠭᠠᠷᠳᠠᠯᠭ᠎ᠠ ᠵᠡᠷᠭᠡ ᠨᠢ ᠪᠦᠷᠢᠨᠵᠢᠷᠭᠠᠯ ᠪᠠᠭᠰᠢ ᠶᠢᠨ ᠤᠷᠮ᠎ᠠ ᠵᠣᠷᠢᠭ ᠢ ᠨᠢ ᠬᠥᠪᠴᠢᠯᠡᠨ᠂ ᠤᠬᠠᠭᠠᠨ ᠪᠣᠳᠤᠯ ᠢ ᠨᠢ ᠡᠷᠴᠢᠮᠯᠡᠭᠰᠡᠨ ᠢᠶᠠᠷ ᠲᠡᠷᠡ ᠳᠡᠭᠡᠳᠦ ᠱᠠᠲᠤᠨ ᠳᠤ | ᠰᠤᠷᠭᠠᠭᠤᠯᠢ ᠶᠢᠨ ᠢᠶᠠᠨ ᠵᠢᠭᠠᠨ ᠰᠤᠷᠭᠠᠬᠤ ᠣᠷᠴᠢᠨ ᠠᠬᠤᠢ᠂ ᠲᠤᠨᠤᠭ ᠳᠦᠬᠦᠭᠡᠷᠦᠮᠵᠢ ᠶᠢᠨ ᠪᠤᠳᠠᠳᠤ ᠪᠠᠶᠢᠳᠠᠯ ᠢᠶᠠᠨ ᠴᠠᠭ ᠢᠮᠠᠭᠲᠠ ᠮᠡᠳᠡᠭᠦᠯᠦᠨ᠂ ᠴᠥᠬᠦᠷᠡᠯ | ᠦᠭᠡᠢ ᠭᠤᠶᠤᠴᠢᠯᠠᠯ ᠳᠡᠪᠰᠢᠭᠦᠯᠦᠨ ᠵᠢᠭᠠᠪᠤᠷᠢ ᠠᠪᠴᠤ ᠪᠠᠶᠢᠭᠠᠳ᠂ 2019 ᠣᠨ ᠳᠤ 1400 ᠲᠦᠮᠡᠨ ᠲᠥᠭᠦᠷᠢᠭ ᠤᠨ ᠪᠡᠯᠨ ᠣᠷᠤᠭᠤᠯᠤᠯᠲᠠ ᠶᠢᠨ ᠲᠥᠷᠦᠯ | ᠵᠦᠢᠯ ᠢ ᠣᠯᠤᠭᠠᠳ᠂ 3544 ᠳᠡᠭᠰᠢ ᠳᠦᠷᠪᠡᠯᠵᠢᠨ ᠮᠧᠲᠷ ᠤᠨ ᠲᠠᠯᠠᠪᠠᠢ ᠪᠦᠬᠦᠢ ᠭᠤᠷᠪᠠᠨ ᠳᠠᠪᠬᠤᠷᠯᠢᠭ ᠵᠢᠭᠠᠨ ᠰᠤᠷᠭᠠᠯᠲᠠ ᠶᠢᠨ ᠰᠢᠨ᠎ᠡ ᠠᠰᠠᠷ ᠢ | ᠪᠠᠶᠢᠭᠤᠯᠤᠭᠰᠠᠨ ᠪᠠᠶᠢᠨ᠎ᠠ᠃ | ︽ᠰᠢᠷᠭᠠᠭᠤ ᠬᠥᠳᠡᠯᠮᠦᠷᠢ ᠠᠴᠠ ᠰᠢᠯᠢᠳᠡᠭ ᠪᠦᠲᠦᠭᠡᠯ︾ ᠭᠡᠳᠡᠭ ᠢᠶᠠᠷ ᠪᠦᠷᠢᠨᠵᠢᠷᠭᠠᠯ ᠨᠦᠬᠦᠷ ᠤᠷᠢᠳ ᠬᠤᠵᠢᠳ 2006 ᠣᠨ ᠳᠤ ᠣᠷᠳᠤᠰ ᠬᠤᠲᠠ ᠶᠢᠨ | ᠡᠪᠯᠡᠯ ᠤᠨ ᠬᠤᠷᠢᠶ᠎ᠠ ᠶᠢᠨ ︽ᠰᠢᠯᠢᠳᠡᠭ ᠡᠪᠯᠡᠯ ᠤᠨ ᠭᠡᠰᠢᠭᠦᠨ︾᠂ 2010 ᠣᠨ ᠳᠤ ︽ᠪᠦᠬᠦ ᠬᠤᠲᠠ ᠶᠢᠨ ᠣᠳᠣᠬᠢᠴᠢᠯᠠᠭᠰᠠᠨ ᠰᠤᠷᠭᠠᠨ ᠬᠥᠮᠦᠵᠢᠯ ᠤᠨ | ᠮᠡᠷᠭᠡᠵᠢᠯ ᠤᠨ ᠲᠡᠷᠢᠭᠦᠨ ᠤ ᠬᠤᠪᠢ ᠬᠥᠮᠦᠨ︾᠂ ᠪᠦᠬᠦ ᠬᠤᠰᠢᠭᠤᠨ ᠤ ︽ᠰᠢᠯᠢᠳᠡᠭ ᠪᠠᠭᠰᠢ︾᠂ 2016 ᠣᠨ ᠳᠤ ᠪᠦᠬᠦ ᠬᠤᠰᠢᠭᠤᠨ ᠤ ︽ᠰᠢᠯᠢᠳᠡᠭ ᠡᠪ | ᠬᠠᠮᠲᠤ ᠨᠠᠮ ᠤᠨ ᠭᠡᠰᠢᠭᠦᠨ︾᠂ 2017 ᠣᠨ ᠳᠤ ᠪᠦᠬᠦ ᠬᠤᠰᠢᠭᠤᠨ ᠤ ︽ᠰᠢᠯᠢᠳᠡᠭ ᠵᠠᠬᠢᠷᠤᠯ︾᠂ ᠪᠦᠬᠦ ᠬᠤᠰᠢᠭᠤᠨ ᠤ ︽ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠲᠡᠷᠢᠭᠦᠨ ᠤ ᠠᠵᠢᠯᠲᠠᠨ︾᠂ 2019 ᠣᠨ ᠳᠤ ᠪᠦᠬᠦ ᠬᠤᠰᠢᠭᠤᠨ ᠤ ︽ᠰᠢᠯᠢᠳᠡᠭ ᠵᠠᠬᠢᠷᠤᠯ︾᠂ ︽ᠣᠷᠳᠤᠰ ᠬᠤᠲᠠ ᠶᠢᠨ ᠮᠣᠩᠭᠤᠯ | ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠢᠨᠠᠨ ᠦᠨᠡᠯᠡᠬᠦ ᠺᠣᠮᠢᠰ︾ ᠤᠨ ᠲᠤᠰᠬᠠᠢ ᠮᠡᠷᠭᠡᠵᠢᠯᠲᠡᠨ ᠵᠡᠷᠭᠡ ᠶᠢᠨ ᠢᠷᠠᠭᠤ ᠠᠯᠳᠠᠷ ᠤᠳ ᠢ ᠬᠦᠷᠲᠡᠵᠠᠢ᠃ | ᠰᠤᠷᠭᠠᠨ ᠬᠥᠮᠦᠵᠢᠯ ᠤᠨ ᠰᠤᠳᠤᠯᠭᠠᠨ ᠤ ᠲᠠᠯ᠎ᠠ ᠪᠠᠷ ᠲᠡᠷᠡ ᠣᠢ ᠪᠢᠯᠢᠭ ᠣᠶᠤᠨ ᠤᠬᠠᠭᠠᠨ ᠢᠶᠠᠨ ᠲᠤᠩᠭᠠᠭᠠᠨ ᠪᠠᠶᠢᠵᠤ ᠪᠢᠴᠢᠭᠰᠡᠨ ︽ᠳᠤᠮᠳᠠᠳᠤ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠳᠠᠬᠢ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠬᠤᠯᠠ ᠴᠢᠨᠠᠷ ᠤᠨ ᠲᠤᠬᠠᠢ︾ ᠭᠡᠬᠦ ᠥᠭᠦᠯᠡᠯ ᠨᠢ ᠪᠦᠬᠦ ᠤᠯᠤᠰ ᠤᠨ | ᠰᠤᠷᠭᠠᠨ ᠬᠥᠮᠦᠵᠢᠯ ᠤᠨ ᠰᠢᠨᠵᠢᠯᠡᠭᠡ ᠰᠤᠳᠤᠯᠭᠠᠨ ᠤ ᠥᠭᠦᠯᠡᠯ ᠤᠨ ᠦᠨᠡᠯᠡᠨ ᠳᠣᠭᠲᠠᠭᠠᠬᠤ ᠺᠣᠮᠢᠰ ᠤᠨ ᠨᠢᠭᠡᠳᠦᠭᠡᠷ ᠲᠡᠰ ᠤᠨ ᠱᠠᠩᠨᠠᠯ ᠢ ᠲᠤᠰᠬᠤ ᠶᠢᠨ ᠳᠠᠭᠠᠤ ︽ | ᠰᠢᠯᠢᠳᠡᠭ ᠥᠭᠦᠯᠡᠯ ᠤᠨ ᠪᠣᠳᠢ︾ ᠳᠤ ᠲᠡᠭᠦᠪᠦᠷᠢᠯᠡᠭᠳᠡᠵᠤ᠂ ︽ᠴᠢᠮᠡᠭᠡ ᠵᠠᠩᠭᠢ ᠶᠢᠨ ᠮᠡᠷᠭᠡᠵᠢᠯ ᠤᠨ ᠬᠢᠴᠢᠶᠡᠯᠯᠡᠭᠡ ᠳᠠᠬᠢ ᠲᠣᠣᠷ ᠰᠦᠯᠵᠢᠶᠡᠨ ᠤ ᠠᠰᠠᠭᠤᠳᠠᠯ ᠢ ᠵᠥᠪ | ᠣᠨᠤᠪᠴᠢᠲᠠᠢ ᠵᠢᠯᠤᠭᠤᠳᠬᠤ ᠲᠤᠬᠠᠢ ᠥᠭᠦᠯᠡᠬᠦ ᠨᠢ︾᠂ ︽ᠴᠢᠮᠡᠭᠡ ᠵᠠᠩᠭᠢ ᠶᠢᠨ ᠮᠡᠷᠭᠡᠵᠢᠯ ᠤᠨ ᠬᠢᠴᠢᠶᠡᠯ ᠢ ᠬᠡᠷᠬᠢᠨ ᠣᠷᠤᠬᠤ ᠲᠤᠬᠠᠢ ᠬᠤᠪᠢ ᠶᠢᠨ ᠦᠵᠡᠯᠲᠡ︾ | ᠭᠡᠬᠦ ᠥᠭᠦᠯᠡᠯ ᠤᠳ ᠨᠢ ᠲᠤᠰ ᠲᠤᠰ ︽ᠠᠯᠲᠠᠨ ᠦᠨᠳᠦᠰᠦ︾ ᠰᠡᠳᠭᠦᠯ ᠳᠤ ᠨᠡᠶᠢᠲᠡᠯᠡᠭᠳᠡᠭᠡᠳ ᠨᠢᠭᠡᠳᠦᠭᠡᠷ ᠲᠡᠰ ᠤᠨ ᠱᠠᠩᠨᠠᠯ ᠢ ᠲᠤᠰᠴᠤ᠂ ︽ᠳᠤᠮᠳᠠᠳᠤ | ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯᠯᠡᠭᠡ ᠶᠢᠨ ᠤᠷᠮᠠᠰ ᠢ ᠬᠥᠮᠦᠵᠢᠭᠦᠯᠬᠦ ᠳᠤᠬᠠᠢ ᠲᠣᠪᠴᠢ ᠥᠭᠦᠯᠡᠬᠦ ᠨᠢ︾ ᠭᠡᠬᠦ ᠪᠦᠲᠦᠭᠡᠯ ᠨᠢ 2011 ᠣᠨ ᠳᠤ ︽ | ᠥᠪᠦᠷ ᠮᠣᠩᠭᠤᠯ ᠤᠨ ᠪᠠᠭᠠᠴᠤᠳ ᠬᠡᠤᠬᠡᠳ︾ ᠤᠨ ᠬᠡᠪᠯᠡᠯ ᠤᠨ ᠬᠤᠷᠢᠶᠠᠨ ᠤ ᠮᠤᠵᠢ ᠶᠢᠨ ᠲᠡᠰ ᠤᠨ ᠬᠡᠪᠯᠡᠯ ᠤᠨ ᠬᠤᠷᠢᠶ᠎ᠠ ᠶᠢᠨ ᠰᠢᠯᠢᠳᠡᠭ ᠡᠷᠳᠡᠮ ᠰᠢᠨᠵᠢᠯᠡᠭᠡᠨ ᠤ | ᠥᠭᠦᠯᠡᠯ ᠤᠨ ᠨᠢᠭᠡᠳᠦᠭᠡᠷ ᠲᠡᠰ ᠤᠨ ᠱᠠᠩᠨᠠᠯ ᠢ ᠲᠣᠰᠴᠤ᠂ ᠥᠪᠡᠷᠲᠡᠭᠡᠨ ᠵᠠᠰᠠᠬᠤ ᠣᠷᠤᠨ ᠤ ᠵᠢᠭᠠᠬᠤ ᠶᠢ ᠰᠤᠳᠤᠯᠬᠤ ᠭᠠᠵᠠᠷ ᠠᠴᠠ ᠡᠷᠬᠢᠯᠡᠭᠰᠡᠨ ︽2017 | ᠣᠨ ᠤ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠵᠠᠬᠢᠷᠤᠯ ᠤᠨ ᠦᠨᠳᠦᠰᠦᠨ ᠴᠢᠳᠠᠪᠤᠷᠢ ᠶᠢᠨ ᠰᠢᠯᠭᠠᠷᠠᠭᠤᠯᠤᠯᠲᠠ︾ ᠳᠤ ᠬᠤᠶᠠᠳᠤᠭᠠᠷ ᠲᠡᠰ ᠤᠨ ᠱᠠᠩᠨᠠᠯ ᠢ | ᠲᠤᠰᠴᠤ᠂ ︽ᠡᠵᠡᠨ ᠰᠣᠶᠤᠯ︾ ︵ᠳᠡᠭᠡᠳᠦ ᠳᠤᠮᠳᠠᠳᠤ ᠳᠣᠣᠷᠠᠳᠤ︶ ᠭᠡᠬᠦ ᠰᠤᠷᠭᠠᠭᠤᠯᠢ ᠶᠢᠨ ᠬᠢᠴᠢᠶᠡᠯ ᠤᠨ ᠰᠢᠷᠢᠰ ᠨᠣᠮ ᠪᠣᠯᠤᠨ ︽ᠡᠵᠡᠨ ᠰᠣᠶᠤᠯ︾ | ᠰᠤᠷᠭᠠᠭᠤᠯᠢ ᠶᠢᠨ ᠬᠢᠴᠢᠶᠡᠯ ᠤᠨ ᠨᠡᠭᠡᠭᠡᠯᠲᠡ ᠬᠢᠭᠡᠳ ︽ᠲᠤᠷᠰᠢᠯᠲᠠ ᠶᠢᠨ ᠰᠤᠳᠤᠯᠤᠯ ᠤᠨ ᠰᠡᠳᠦᠪ ᠳᠠᠭᠤᠰᠬᠤ ᠬᠠᠷᠢᠭᠤ ᠮᠡᠳᠡᠭᠦᠯᠦᠯᠲᠡ︾᠂ ︽ᠵᠢᠭᠠᠨ ᠰᠤᠷᠭᠠᠬᠤ | ᠭᠡᠷᠡᠯᠯᠢᠭ ᠪᠦᠰᠡ — ᠰᠢᠨ᠎ᠡ ᠶᠢᠨ ᠨᠢᠭᠡᠨ︾ ᠨᠢ ᠲᠤᠰ ᠲᠤᠰ 2016 ᠣᠨ ᠳᠤ ᠪᠦᠬᠦ ᠤᠯᠤᠰ ᠤᠨ ︽ᠭᠤᠷᠪᠠᠨ ᠡᠬᠡ ᠰᠤᠷᠭᠠᠨ ᠬᠥᠮᠦᠵᠢᠯ︾ ᠤᠨ | ᠰᠤᠷᠭᠠᠭᠤᠯᠢ ᠶᠢᠨ ᠬᠢᠴᠢᠶᠡᠯ ᠤᠨ ᠰᠤᠳᠤᠯᠤᠯ ᠢ ᠵᠢᠯᠤᠭᠤᠳᠬᠤ ᠺᠣᠮᠢᠰ ᠤᠨ ᠪᠦᠬᠦ ᠤᠯᠤᠰ ᠤᠨ ᠪᠠᠭᠰᠢ ᠨᠠᠷ ᠤᠨ ᠰᠢᠨᠵᠢᠯᠡᠭᠡ ᠰᠤᠳᠤᠯᠤᠯ ᠤᠨ ᠲᠤᠰᠬᠠᠢ ᠲᠥᠷᠦᠯ ᠤᠨ | ᠰᠠᠭᠤᠷᠢ ᠮᠥᠩᠭᠦᠨ ᠤ ︽ᠠᠷᠪᠠᠨ ᠬᠤᠶᠠᠳᠤᠭᠠᠷ ᠲᠠᠪᠤᠨ ᠵᠢᠯ ︾ ᠤᠨ ᠲᠥᠯᠦᠪᠯᠡᠭᠡᠨ ᠤ ᠭᠤᠣᠯᠳᠠᠯᠭᠠᠲᠤ ᠰᠡᠳᠦᠪ ᠪᠣᠯᠬᠤ ︽ᠭᠤᠷᠪᠠᠨ ᠡᠬᠡ ᠰᠤᠷᠭᠠᠨ ᠬᠥᠮᠦᠵᠢᠯ︾ | ᠤᠨ ᠰᠤᠳᠤᠯᠤᠯ ᠤᠨ ᠰᠤᠷᠭᠠᠭᠤᠯᠢ ᠶᠢᠨ ᠬᠢᠴᠢᠶᠡᠯ ᠤᠨ ᠨᠢᠭᠡᠳᠦᠭᠡᠷ ᠲᠡᠰ ᠤᠨ ᠱᠠᠩᠨᠠᠯ ᠢ ᠲᠤᠰ ᠲᠤᠰ ᠲᠤᠰᠴᠠᠢ᠃ | ᠪᠦᠷᠢᠨᠵᠢᠷᠭᠠᠯ ᠨᠦᠬᠦᠷ ᠲᠣᠬᠠᠢ ᠶᠢᠨ ᠭᠠᠵᠠᠷ ᠤᠷᠤᠨ ᠤ ᠡᠨᠡ ᠬᠦ ᠬᠤᠪᠤᠷ ᠨᠠᠨᠳᠢᠨ ᠰᠤᠶᠤᠯ ᠵᠤᠭᠠᠴᠠᠯ ᠤᠨ ᠲᠠᠪᠠᠭᠤᠯᠢᠭ ᠤᠷᠴᠢᠨ ᠲᠤᠭᠤᠷᠢᠨ ᠳᠠᠭᠠᠨ | ᠰᠠᠭᠤᠷᠢᠯᠠᠨ 2012 ᠤᠨ ᠳᠤ ᠰᠤᠷᠭᠠᠭᠤᠯᠢ ᠳᠠᠭᠠᠨ ︽ᠬᠤᠲᠠ ᠶᠢᠨ ᠲᠡᠰ ᠤᠨ ᠭᠦᠳᠡᠭᠡ ᠲᠤᠰᠬᠤᠨ ᠤ ᠪᠠᠭᠠᠴᠤᠳ ᠤᠨ ᠤᠷᠳᠤᠨ︾ ᠢ ᠪᠠᠶᠢᠭᠤᠯᠤᠭᠰᠠᠨ ᠠᠴᠠ | ᠭᠦᠳᠡᠭᠡ ᠶᠢᠨ ᠭᠡᠤᠭᠡᠳ ᠴᠤ ᠬᠤᠲᠠ ᠶᠢᠨ ᠭᠡᠤᠭᠡᠳ ᠤᠳ ᠲᠠᠢ ᠠᠳᠠᠯᠢ ᠲᠡᠭᠰᠢ ᠪᠠᠷ ᠤᠷᠠᠯᠢᠭ ᠰᠤᠶᠤᠯ ᠤᠨ ᠡᠯᠪᠡᠭ ᠰᠢᠮ᠎ᠡ ᠶᠢ ᠤᠯᠵᠤ ᠬᠦᠷᠲᠡᠬᠦ ᠠᠵᠠ | ᠲᠤᠬᠢᠶᠠᠯ ᠲᠠᠢ ᠪᠣᠯᠵᠠᠢ᠃ ᠤᠷᠢᠳ ᠬᠤᠵᠢᠳ 35 ᠲᠦᠮᠡᠨ ᠲᠦᠭᠦᠷᠢᠭ ᠤᠨ ᠪᠡᠯᠡ ᠮᠦᠩᠭᠦ ᠬᠤᠷᠠᠮᠳᠤᠭᠤᠯᠤᠨ ᠤᠤᠯ ᠤᠨ 1600 ᠳᠡᠭᠰᠢ ᠲᠦᠷᠪᠡᠯᠵᠢᠨ ᠮᠧᠲᠷ | ᠪᠦᠬᠦᠢ ᠭᠡᠤᠭᠡᠳ ᠤᠨ ᠴᠡᠴᠡᠷᠯᠢᠭ ᠤᠨ ᠬᠢᠴᠢᠶᠡᠯ ᠤᠨ ᠲᠢᠩᠬᠢᠮ ᠢ ᠰᠢᠨᠵᠢᠯᠡᠭᠡ ᠮᠡᠷᠭᠡᠵᠢᠯ᠂ ᠳᠠᠭᠤᠤ ᠪᠦᠵᠢᠭ᠂ ᠤᠷᠠᠯᠢᠭ᠂ ᠮᠤᠩᠭᠤᠯ ᠰᠢᠲᠠᠷ᠎ᠠ᠂ ᠦᠨᠳᠦᠰᠦᠳᠡᠨ ᠤ | ᠬᠦᠭᠵᠢᠮ ᠤᠨ ᠪᠠᠭᠠᠵᠢ ᠭᠡᠷᠡᠭᠰᠡᠯ ᠤᠨ ᠲᠢᠩᠬᠢᠮ ᠪᠤᠯᠠᠭᠠᠨ ᠦᠭᠡᠷᠡᠴᠢᠯᠡᠭᠰᠡᠨ ᠪᠠ ᠦᠷᠭᠦᠯᠵᠢᠯᠡᠨ ᠳᠡᠭᠡᠳᠦ ᠱᠠᠲᠤᠨ ᠳᠤ ᠭᠤᠶᠤᠴᠢᠯᠠᠵᠤ ᠪᠠᠶᠢᠭᠠᠳ ᠲᠤᠰᠬᠠᠢ | ᠲᠦᠷᠦᠯ ᠤᠨ ᠪᠡᠯᠡ ᠮᠦᠩᠭᠦ ᠶᠢ 10 ᠲᠦᠮᠡᠨ ᠲᠦᠭᠦᠷᠢᠭ ᠣᠯᠵᠤ 100 ᠭᠠᠷᠤᠢ ᠳᠡᠭᠰᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠪᠠᠭᠠᠴᠤᠳ ᠤᠨ ᠬᠥᠯ | ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ᠂ ᠰᠤᠷ ᠬᠠᠷᠪᠤᠯᠲᠠ ᠶᠢᠨ ᠲᠠᠯᠠᠪᠤᠷ ᠵᠡᠷᠭᠡ ᠶᠢ ᠪᠦᠲᠦᠭᠡᠨ ᠪᠠᠶᠢᠭᠤᠯᠤᠭᠰᠠᠨ ᠠᠴᠠ ᠭᠠᠳᠠᠨ᠎ᠠ᠂ ᠦᠨᠳᠦᠰᠦᠳᠡᠨ ᠤ | ᠰᠤᠶᠤᠯ ᠢ ᠤᠯᠠᠮᠵᠢᠯᠠᠬᠤ ᠳᠤᠷ᠎ᠠ ᠰᠤᠨᠢᠷᠬᠠᠯ ᠤᠨ ᠠᠩᠭᠢ ᠶᠢ ᠵᠤᠬᠢᠶᠠᠨ ᠪᠠᠶᠢᠭᠤᠯᠵᠤ ᠨᠡᠶᠢᠬᠡᠮ ᠠᠴᠠ ᠲᠤᠰᠬᠠᠢ ᠮᠡᠷᠭᠡᠵᠢᠯ ᠤᠨ ᠵᠢᠭᠠᠨ ᠵᠢᠯᠤᠭᠤᠳᠤᠭᠴᠢ ᠤᠷᠢᠵᠤ᠂ | ᠰᠤᠷᠭᠠᠭᠤᠯᠢ ᠠᠴᠠ ᠪᠠᠨ ᠲᠤᠰᠬᠠᠢ ᠮᠡᠷᠭᠡᠵᠢᠯ ᠤᠨ ᠬᠠᠪᠰᠤᠷᠤᠨ ᠵᠢᠯᠤᠭᠤᠳᠤᠭᠴᠢ ᠭᠡᠷᠡᠭᠯᠡᠨ᠂ ᠡᠯ᠎ᠡ ᠳᠤᠭᠤᠶᠢᠯᠠᠩ ᠨᠢ ᠦᠳᠡᠰᠢ ᠶᠢᠨ ᠴᠢᠯᠦᠭᠡ ᠪᠤᠶᠤ ᠭᠠᠷᠠᠭ ᠤᠨ | ᠠᠮᠠᠷᠠᠯᠲᠠ ᠪᠠᠨ ᠠᠰᠢᠭᠯᠠᠨ ᠪᠣᠯᠪᠠᠰᠤᠷᠠᠯ ᠬᠢᠬᠦ ᠶᠢ ᠴᠢᠩᠭ᠎ᠠ ᠪᠠᠷᠢᠮᠲᠠᠯᠠᠭᠰᠠᠭᠠᠷ ᠢᠷᠡᠭᠰᠡᠨ ᠠᠴᠠ ᠠᠵᠢᠯᠯᠠᠭᠠᠨ ᠳᠤ ᠤᠷᠤᠯᠴᠠᠬᠤ ᠨᠤᠷᠮ᠎ᠠ ᠨᠢ 100% ᠳᠤ ᠬᠦᠷᠴᠦ | ᠴᠢᠳᠠᠭᠰᠠᠨ ᠪᠠᠶᠢᠨ᠎ᠠ᠃ | ᠮᠦᠨ ᠴᠦ ᠴᠢᠩᠭᠢᠰ ᠬᠠᠭᠠᠨ ᠤ ᠤᠩᠭᠤᠨ ᠤ ᠲᠠᠶᠢᠯᠭ᠎ᠠ ᠳᠠᠬᠢᠯᠭ᠎ᠠ ᠶᠢᠨ ᠰᠤᠶᠤᠯ ᠢ ᠦᠪᠯᠡᠨ ᠤᠯᠠᠮᠵᠢᠯᠠᠬᠤ ᠲᠠᠯ᠎ᠠ ᠪᠠᠷ ︽ᠡᠵᠡᠨ ᠰᠠᠩ︾ ᠤᠨ ᠣᠩᠰᠢᠯᠭ᠎ᠠ᠂ | ︽ᠰᠦᠯᠳᠡ ᠶᠢᠨ ᠰᠠᠩ︾ ᠤᠨ ᠣᠩᠰᠢᠯᠭ᠎ᠠ᠂ ︽ᠴᠢᠩᠭᠢᠰ ᠬᠠᠭᠠᠨ ᠤ ᠪᠢᠯᠢᠭ ᠰᠤᠷᠭᠠᠯ︾ ᠤᠨ ᠤᠩᠰᠢᠯᠭ᠎ᠠ᠂ ᠮᠣᠷᠢᠨ ᠬᠤᠭᠤᠷ ᠤᠨ ᠲᠤᠭᠯᠠᠯᠲᠠ᠂ ᠡᠷ᠎ᠡ ᠶᠢᠨ | ᠭᠤᠷᠪᠠᠨ ᠨᠠᠭᠠᠳᠤᠮ᠂ ᠤᠩᠭᠤᠨ ᠰᠠᠬᠢᠭᠴᠢ ᠶᠠᠮᠤᠲᠠᠳ ︵ᠳᠠᠷᠬᠠᠳ︶ ᠢ ᠤᠷᠢᠵᠤ ᠬᠢᠴᠢᠶᠡᠯᠯᠡᠭᠡ ᠬᠢᠬᠦ ᠵᠡᠷᠭᠡ ᠤᠯᠠᠨ ᠲᠦᠷᠦᠯ ᠤᠨ ᠠᠵᠢᠯᠯᠠᠭ᠎ᠠ ᠶᠢ | ᠦᠷᠨᠢᠭᠦᠯᠬᠦ ᠠᠴᠠ ᠭᠠᠳᠠᠨ᠎ᠠ᠂ ᠪᠠᠭᠠᠴᠤᠳ ᠤᠨ ᠣᠷᠳᠣᠨ ᠨᠢ ︽6.1︾ ᠤ ᠤᠷᠠᠨ ᠰᠠᠶᠢᠬᠠᠨ ᠤ ᠲᠤᠭᠯᠠᠯᠲᠠ᠂ ᠤᠷᠠᠨ ᠪᠢᠴᠢᠯᠭᠡ ᠶᠢᠨ ᠦᠵᠡᠭᠦᠯᠭᠡ᠂ ᠰᠢᠨᠵᠢᠯᠡᠭᠡ | ᠮᠡᠷᠭᠡᠵᠢᠯ ᠤᠨ ᠭᠠᠷᠠᠭ ᠤᠨ ᠠᠵᠢᠯᠯᠠᠭ᠎ᠠ᠂ ᠶᠠᠷᠢᠶ᠎ᠠ ᠢᠯᠡᠳᠭᠡᠯ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠬᠦᠳᠡᠯᠭᠡᠭᠡᠨ ᠵᠡᠷᠭᠡ ᠪᠠᠷ ᠳᠠᠮᠵᠢᠭᠤᠯᠤᠨ ᠳᠤᠷ᠎ᠠ | ᠰᠤᠨᠢᠷᠬᠠᠯᠲᠤ ᠠᠩᠭᠢ ᠶᠢᠨ ᠰᠤᠷᠤᠭᠴᠢᠳ ᠲᠤ ᠣᠬᠢ ᠰᠠᠶᠢᠨ ᠤᠷ᠎ᠠ ᠠᠪᠢᠶᠠᠰ ᠢᠶᠠᠨ ᠰᠣᠷᠢᠬᠤ ᠣᠷᠣᠨ ᠵᠠᠢ ᠶᠢ ᠬᠠᠩᠭᠠᠭᠰᠠᠨ ᠠᠴᠠ ᠬᠡᠣᠬᠡᠳ ᠪᠠᠭᠠᠴᠤᠳ | ᠰᠤᠷᠭᠠᠭᠤᠯᠢ᠂ ᠭᠡᠷ ᠤᠨ ᠠᠬᠠᠮᠠᠳ ᠤᠨ ᠢᠶᠠᠨ ᠳᠡᠷᠭᠡᠳᠡ ᠦᠪᠡᠷ ᠤᠨ ᠢᠶᠠᠨ ᠲᠡᠭᠦᠰ ᠴᠢᠳᠠᠪᠤᠷᠢ ᠪᠠᠨ ᠭᠠᠶᠢᠬᠠᠭᠤᠯᠵᠤ ᠴᠢᠳᠠᠭᠰᠠᠨ ᠢᠶᠠᠷ ᠶᠣᠰᠣ ᠰᠤᠷᠲᠠᠬᠤᠨ᠂ ᠬᠡᠪ | ᠴᠢᠨᠠᠷ ᠤᠨ ᠰᠤᠷᠭᠠᠨ ᠬᠦᠮᠦᠵᠢᠯ ᠤᠨ ᠴᠢᠬᠤᠯᠠ ᠰᠠᠭᠤᠷᠢᠨ ᠪᠣᠯᠵᠤ ᠪᠣᠳᠠᠳᠤ ᠦᠷ᠎ᠡ ᠪᠦᠲᠦᠭᠡᠯ ᠭᠠᠷᠭᠠᠵᠠᠢ᠃ ᠤᠷᠢᠳ ᠬᠤᠵᠢᠳ ᠪᠦᠬᠦ ᠬᠤᠲᠠ ᠶᠢᠨ 10 ᠭᠠᠷᠣᠢ | ᠠᠬ᠎ᠠ ᠳᠡᠭᠦᠦ ᠰᠤᠷᠭᠠᠭᠤᠯᠢ ᠲᠠᠢ ᠠᠵᠢᠯ ᠰᠤᠷᠤᠯᠴᠠᠯᠭ᠎ᠠ᠂ ᠤᠷᠠᠯᠢᠭ ᠰᠤᠶᠤᠯ ᠤᠨ ᠦᠷᠭᠡᠨ ᠰᠤᠯᠢᠯᠴᠠᠭ᠎ᠠ ᠦᠷᠨᠢᠭᠦᠯᠦᠭᠰᠡᠨ ᠪᠦᠭᠡᠳ ᠦᠨᠳᠦᠰᠦᠳᠡᠨ ᠤ ᠬᠡᠪ | ᠵᠠᠩᠰᠢᠯ ᠤᠨ ᠰᠤᠶᠤᠯ ᠤᠨ ᠪᠦᠯᠬᠦᠮ ᠤᠨ ᠵᠤᠬᠢᠶᠠᠨ ᠦᠢᠯᠡᠳᠦᠭᠰᠡᠨ ︽ᠰᠢᠨ᠎ᠡ ᠶᠢᠨ ᠨᠢᠭᠡᠨ︾ ᠭᠡᠬᠦ ᠪᠢᠴᠢᠯ ᠺᠢᠨᠣ᠋ ᠨᠢ ᠪᠦᠬᠦ ᠤᠯᠤᠰ ᠤᠨ ᠨᠠᠰᠤᠨ ᠳᠤ ᠦᠯᠦ | ᠬᠦᠷᠦᠭᠰᠡᠳ ᠤᠨ ᠰᠦᠯᠵᠢᠶᠡᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠲᠤᠭᠯᠠᠯᠲᠠ ᠳᠤ ᠨᠢᠭᠡᠳᠦᠭᠡᠷ ᠳᠡᠰ ᠤᠨ ᠱᠠᠩᠨᠠᠯ ᠭᠦᠷᠲᠡᠵᠡᠢ᠃ ᠨᠡᠶᠢᠭᠡᠮ ᠵᠢᠷᠤᠮ ᠤᠨ | ᠭᠤᠣᠯᠯᠠᠭᠴᠢ ᠦᠷᠲᠡᠭ ᠤᠨ ᠦᠵᠡᠯᠲᠡ ᠶᠢᠨ ᠲᠤᠬᠠᠢ ᠳᠤᠰᠬᠠᠢ ᠪᠦᠲᠦᠭᠡᠯ — ︽ᠴᠤᠭ ᠵᠢᠪᠬᠤᠭ᠎ᠠ ᠪᠠᠨ ᠱᠤᠭᠤᠵᠤ᠂ ᠬᠦᠰᠡᠯ ᠵᠡᠭᠦᠳᠦ ᠪᠠᠷ ᠢᠶᠠᠨ ᠲᠡᠭᠦᠯᠢᠶᠡ︕︾ | ᠭᠡᠬᠦ ᠲᠤᠭᠯᠠᠯᠲᠠ ᠨᠢ ᠨᠢᠭᠡᠳᠦᠭᠡᠷ ᠤᠯᠠᠷᠢᠯ ᠤᠨ ᠪᠦᠬᠦ ᠤᠯᠤᠰ ᠤᠨ ᠬᠥᠳᠡᠭᠡ ᠲᠤᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠪᠦᠲᠦᠭᠡᠯ ᠤᠨ | ᠦᠵᠡᠭᠦᠯᠭᠡ ᠶᠢᠨ ᠲᠤᠭᠯᠠᠯᠲᠠ ᠵᠢᠴᠢ ᠰᠢᠯᠭᠠᠷᠠᠭᠤᠯᠤᠯᠲᠠ ᠶᠢᠨ ᠠᠵᠢᠯᠯᠠᠭᠠᠨ ᠳᠤ ᠲᠤᠭᠯᠠᠯᠲᠠ ᠶᠢᠨ ᠦᠵᠡᠭᠦᠯᠭᠡ ᠶᠢᠨ ᠲᠦᠷᠦᠯ᠂ ᠤᠷᠠᠨ ᠵᠢᠷᠤᠭ ᠤᠨ ᠲᠦᠷᠦᠯ ᠤᠨ | ᠬᠤᠶᠠᠳᠤᠭᠠᠷ ᠳᠡᠰ ᠤᠨ ᠱᠠᠩᠨᠠᠯ ᠢ ᠲᠤᠰᠪᠦᠷᠢ ᠬᠦᠷᠲᠡᠭᠡᠳ 2015 ᠣᠨ ᠳᠤ ︽ᠣᠷᠳᠣᠰ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶᠠᠨ ᠤ ᠲᠤᠮᠳᠠᠳᠤ | ᠤᠯᠤᠰ ᠤᠨ ᠨᠡᠭᠦᠳᠡᠯ ᠰᠦᠯᠵᠢᠶ᠎ᠡ ᠬᠤᠨᠳᠠᠭᠠᠲᠤ︾ ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠬᠤᠭᠤᠴᠠᠭᠠᠨ ᠤ ᠰᠢᠨᠵᠢᠯᠡᠭᠡ | ᠮᠡᠷᠭᠡᠵᠢᠯ ᠤᠨ ᠴᠤᠭᠯᠠᠭᠠᠨ ᠵᠢᠴᠢ ᠺᠠᠷᠲ᠋ᠤᠨ ᠵᠦᠴᠦᠭᠡ ᠶᠢᠨ ᠲᠤᠭᠯᠠᠯᠲᠠ ᠳᠤ ᠬᠤᠶᠠᠳᠤᠭᠠᠷ ᠲᠡᠰ ᠤᠨ ᠱᠠᠩᠨᠠᠯ ᠲᠤᠰᠤᠬᠰᠠᠨ ᠪᠠᠶᠢᠨ᠎ᠠ᠃ 2017 ᠣᠨ ᠳᠤ ᠡᠵᠡᠨ | ᠬᠤᠷᠤᠭ᠎ᠠ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠰᠤᠷᠭᠠᠨ ᠬᠦᠮᠦᠵᠢᠯ ᠤᠨ | ᠲᠤᠪᠴᠢᠶᠠᠨ ᠤ ︽ᠪᠦᠬᠦ ᠬᠤᠰᠢᠭᠤᠨ ᠤ ᠬᠥᠳᠡᠭᠡ ᠲᠤᠰᠬᠤᠨ ᠤ ᠰᠤᠷᠭᠠᠭᠤᠯᠢ ᠶᠢᠨ ᠰᠢᠯᠢᠳᠡᠭ ᠪᠠᠭᠠᠴᠤᠳ ᠤᠨ ᠣᠷᠳᠣᠨ︾ ᠢᠶᠠᠷ ᠴᠣᠯᠠᠯᠠᠭᠳᠠᠵᠤ᠂ ᠤᠯᠤᠰ ᠤᠷᠤᠨ | ᠪᠠ ᠬᠤᠲᠠ ᠬᠤᠰᠢᠭᠤᠨ ᠤ ᠦᠨᠳᠦᠷ ᠦᠨᠡᠯᠡᠯᠲᠡ ᠶᠢ ᠬᠦᠷᠲᠡᠭᠰᠡᠨ ᠪᠦᠭᠡᠳ 2017 ᠣᠨ ᠳᠤ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ | ᠪᠠᠶᠢᠭᠤᠯᠤᠯᠲᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ ᠤᠨ ︽ᠪᠦᠬᠦ ᠤᠷᠤᠨ ᠤ ᠬᠥᠳᠡᠭᠡ ᠲᠤᠰᠬᠤᠨ ᠤ | ᠰᠤᠷᠭᠠᠭᠤᠯᠢ ᠶᠢᠨ ᠪᠠᠭᠠᠴᠤᠳ ᠤᠨ ᠤᠷᠳᠤᠨ︾ ᠢᠶᠠᠷ ᠲᠡᠰ ᠳᠡᠪᠰᠢᠭᠦᠯᠦᠭᠳᠡᠨ᠂ 2018 ᠣᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠤᠶᠤᠨ ᠤ ᠪᠤᠯᠪᠠᠰᠣᠨ ᠤ ᠪᠠᠶᠢᠭᠤᠯᠤᠯᠲᠠ ᠶᠢᠨ ᠠᠯᠪᠠᠨ ᠭᠡᠷ ᠠᠴᠠ ︽ᠪᠠᠭᠠᠴᠤᠳ ᠤᠨ ᠤᠯᠠᠭᠠᠨᠮᠥ᠋ᠴᠢᠷ︾ ᠢᠶᠠᠷ ᠨᠡᠷᠡᠶᠢᠳᠴᠠᠢ᠃ 2012 | ᠣᠨ ᠳᠤ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶᠠᠨ ᠤ ᠪᠠᠭᠠᠴᠤᠳ ᠭᠡᠤᠭᠡᠳ ᠤᠨ ᠰᠤᠪᠠᠭ ᠤᠨ ︽ᠰᠢᠯᠢᠳᠡᠭ ᠤᠷᠠᠯᠢᠭ ᠤᠨ ᠪᠤᠯᠪᠠᠰᠤᠷᠠᠯ ᠤᠨ ᠰᠤᠷᠭᠠᠭᠤᠯᠢ︾ | ᠶᠢᠨ ᠢᠷᠠᠭᠤ ᠠᠯᠳᠠᠷ ᠢ ᠬᠦᠷᠲᠡᠵᠤ᠂ 2018 ᠣᠨ ᠳᠤ ᠤᠯᠠᠨ ᠤᠯᠤᠰ ᠤᠨ ᠪᠠᠭᠠᠴᠤᠳ ᠭᠡᠤᠭᠡᠳ ᠤᠨ ᠤᠷᠠᠨ ᠪᠢᠴᠢᠯᠭᠡ ᠶᠢᠨ ᠶᠡᠭᠡ ᠮᠦᠷᠦ᠋ᠢᠴᠡᠭᠡᠨ ᠤ ᠵᠤᠬᠢᠶᠠᠨ | ᠪᠠᠶᠢᠭᠤᠯᠬᠤ ᠺᠤᠮᠢᠰ᠂ ᠲᠤᠮᠳᠠᠳᠤ ᠤᠯᠤᠰ ᠤᠨ ᠪᠠᠭᠠᠴᠤᠳ ᠭᠡᠤᠭᠡᠳ ᠤᠨ ᠤᠷᠠᠨ ᠵᠢᠷᠤᠭ ᠤᠨ ᠵᠢᠭᠠᠨ ᠰᠤᠷᠭᠠᠯᠳᠠ ᠶᠢᠨ ᠰᠦᠯᠵᠢᠶ᠎ᠡ ᠶᠢᠨ ︽ᠲᠤᠮᠳᠠᠳᠤ ᠤᠯᠤᠰ ᠤᠨ | ᠵᠠᠭᠤᠨ ᠰᠢᠯᠢᠳᠡᠭ ᠭᠤᠸ᠎ᠠ ᠬᠦᠮᠦᠵᠢᠯ ᠤᠨ ᠨᠡᠷᠡᠲᠦ ᠰᠤᠷᠭᠠᠭᠤᠯᠢ︾ ᠶᠢᠨ ᠱᠠᠩᠨᠠᠯ ᠵᠡᠷᠭᠡ ᠦᠯᠡᠮᠵᠢ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ | | | | | | | | |