ᠤᠢ ᠰᠢᠭᠤᠢ ᠲᠡᠯ᠎ᠡ ᠨᠤᠳᠤᠭ ᠤᠨ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢ ᠨᠡᠶᠢᠳᠡᠯᠡᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠵᠡᠷᠯᠢᠭ᠋ ᠡᠯ᠎ᠡ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ ᠤ ᠵᠡᠷᠯᠢᠭ᠋
ᠨᠡᠶᠢᠲᠡᠯᠡᠭᠰᠡᠨ ᠴᠠᠭ᠄
2019-02-25
ᠡᠵᠡᠨ ᠵᠠᠰᠠᠭ ᠲᠠᠷᠬᠠᠭᠠᠬᠰᠡᠨ ﹇2014﹈ 26 ᠳ᠋ᠤᠭᠠᠷ ᠲᠤᠭᠠᠳᠤᠡᠯ᠎ᠡ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ ᠪᠡᠶᠢᠭᠤᠯᠭ᠎ᠠ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠢ ᠠᠵᠢᠯ ᠦᠢᠯᠡᠰ ᠤᠨ ᠪᠡᠶᠢᠭᠤᠯᠭ᠎ᠠ᠄     ᠦᠨᠤ ᠵᠢᠯ ᠠᠴᠠ ᠨᠡᠰᠢ᠂ ᠮᠡᠨ ᠤ ᠬᠤᠰᠢᠭᠤᠨ ᠤ ᠬᠤᠷ᠎ᠡ ᠲᠤᠨᠤᠳᠠᠰᠤᠨ ᠤ ᠬᠡᠮᠵᠢᠶ᠎ᠠ ᠬᠠᠷᠢᠴᠠᠩᠭᠤᠢ ᠪᠠᠭ᠎ᠠ᠂ ᠤᠷᠭᠤᠮᠠᠯ ᠤᠨ ᠬᠤᠴᠢᠴᠨ ᠬᠠᠭᠤᠷᠡᠢ᠂ ᠰᠢᠳᠡᠮᠠᠬᠠᠢ ᠴᠢᠨᠡᠷᠳᠡᠢ ᠪᠤᠳᠠᠰ ᠤᠨ ᠨᠤᠴᠤᠬᠤ ᠪᠤᠯᠤᠮᠵᠢ ᠨᠡᠮᠡᠭᠳᠡᠪᠡ᠃ ᠬᠠᠪᠤᠷ ᠪᠤᠯᠤᠬᠰᠡᠨ ᠠᠴᠠ ᠨᠠᠰᠢ ᠠᠭᠠᠷ ᠤᠨ ᠲᠤᠯᠠᠭᠠᠨ ᠲᠠᠬᠡᠬᠡᠭᠰᠢᠯᠡᠵᠤ᠂ ᠰᠠᠯᠬᠢ ᠰᠢᠭᠤᠷᠭ᠎ᠠ ᠲᠠᠢ ᠡᠳᠤᠷ ᠤᠯᠠᠰᠢᠷᠡᠵᠤ᠂ ᠤᠢ ᠰᠢᠭᠤᠢ ᠪᠡᠯᠴᠢᠬᠡᠷ ᠤᠨ ᠭᠠᠯ ᠤᠨ ᠠᠶᠤᠯ ᠡᠬᠦᠰᠬᠦ ᠪᠤᠯᠤᠮᠵᠢ ᠨᠠᠮᠡᠭᠳᠡᠵᠤ᠂ ᠭᠠᠯ ᠰᠡᠷᠬᠡᠶᠢᠯᠡᠬᠦ ᠪᠡᠶᠢᠳᠡᠯ ᠲᠤᠩ ᠪᠡᠴᠢᠮ ᠪᠡᠶᠢᠨ᠎ᠡ᠃ ᠪᠦᠬᠦ ᠬᠤᠰᠢᠭᠤᠨ ᠤ ᠠᠷᠡᠳ ᠲᠦᠮᠨ ᠤ ᠠᠮᠢ ᠨᠠᠰᠤ ᠡᠳ᠋ ᠪᠤᠳᠠᠰ ᠵᠢᠴᠢ ᠠᠮᠢ ᠠᠬᠤᠢ ᠶᠢᠨ ᠡᠬᠢ ᠰᠤᠷᠪᠤᠯᠵᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠲᠦᠷᠢᠮ︾᠎ ᠤᠨ ᠬᠤᠯᠪᠤᠬᠳᠡᠯ ᠪᠦᠬᠦᠢ ᠲᠤᠬᠳᠠᠭᠠᠯ ᠢ ᠦᠨᠳᠤᠰᠤᠯᠡᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠠᠴᠠ ᠪᠦᠬᠦ ᠬᠤᠰᠢᠭᠤᠨ ᠳᠤ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢᠨ ᠵᠡᠬᠢᠷᠤᠯᠳᠡ ᠬᠢᠬᠦ ᠪᠠᠷ ᠲᠤᠬᠳᠡᠪᠡ᠃     ᠨᠢᠬᠡ᠂ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢᠨ ᠵᠡᠬᠢᠷᠤᠯᠳᠡ ᠶᠢᠨ ᠬᠤᠭᠤᠴᠠᠭ᠎ᠠ᠄ 2014 ᠤᠨ ᠤ 3 ᠰᠡᠷ᠎ᠡ ᠶᠢᠨ 15᠎ ᠤ ᠡᠳᠤᠷ ᠠᠴᠠ 5 ᠰᠡᠷ᠎ᠡ ᠶᠢᠨ 31᠎ ᠤ ᠡᠳᠤᠷ ᠬᠤᠶᠡᠷ᠂ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢᠨ ᠵᠡᠬᠢᠷᠤᠯᠳᠡ ᠶᠢᠨ ᠤᠷᠤᠨ᠄ ᠡᠵᠡᠨ ᠬᠤᠷᠤᠭ᠎ᠠ ᠬᠤᠰᠢᠭᠤᠨ ᠤ ᠬᠡᠪᠴᠢᠶᠡᠨ ᠲᠤᠳᠤᠷ᠎ᠠ     ᠬᠤᠶᠠᠷ᠂ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢᠨ ᠵᠡᠬᠢᠷᠤᠯᠳᠡ ᠶᠢᠨ ᠬᠤᠭᠤᠴᠠᠭᠠᠨ ᠳᠤ᠂ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠵᠡᠬᠢᠷᠤᠯᠳᠡ ᠶᠢᠨ ᠤᠷᠤᠨ ᠳᠤ ᠬᠡᠬᠡᠷ᠎ᠡ ᠭᠠᠳᠡᠨ᠎ᠡ ᠭᠠᠯ ᠵᠡᠷᠤᠬᠤ ᠶᠢ ᠴᠢᠩᠭ᠎ᠠ ᠴᠠᠭᠠᠵᠠᠯᠠᠵᠤ᠂ ᠲᠤᠤᠷᠡᠬᠢ ᠠᠵᠢᠯᠯᠠᠭ᠎ᠠ ᠶᠢ ᠡᠷᠡᠰ ᠴᠠᠭᠠᠵᠠᠯᠠᠨ᠎ᠡ᠃ ᠲᠠᠷᠢᠶᠡᠨ ᠤ ᠦᠯᠡᠳᠡᠬᠡᠰᠤ ᠵᠡᠷᠬᠡ ᠶᠢ ᠨᠤᠷᠤᠭᠠᠬᠤ ᠲᠡᠷᠢᠶᠡᠯᠡᠩ ᠤᠨ ᠪᠡ ᠪᠡᠷᠢᠯᠭ᠎ᠠ ᠶᠢᠨ ᠭᠠᠵᠡᠷ ᠤᠨ ᠭᠠᠯ ᠬᠡᠷᠡᠭᠯᠡᠬᠦ᠂ ᠬᠡᠬᠡᠷ᠎ᠡ ᠭᠠᠳᠡᠨ᠎ᠡ ᠭᠠᠯ ᠰᠡᠷᠬᠡᠶᠢᠯᠡᠬᠦ ᠲᠡᠮᠡᠬᠢᠨ ᠴᠤᠬᠤᠳᠠᠰᠤ ᠪᠠᠨ ᠲᠤᠷ᠎ᠠ ᠪᠠᠷ ᠬᠠᠶᠠᠬᠤ ᠬᠦᠴᠨ ᠠᠰᠭᠠᠨ ᠴᠠᠭᠠᠰᠤ ᠨᠤᠴᠤᠭᠠᠬᠤ᠂ ᠡᠩ ᠠᠩᠨᠠᠬᠤ᠂ ᠫᠤᠤᠵᠢᠩ ᠲᠠᠯᠪᠢᠬᠤ᠂ ᠬᠡᠬᠡᠷ᠎ᠡ ᠭᠠᠳᠡᠨ᠎ᠡ ᠭᠠᠯ ᠨᠤᠴᠤᠭᠠᠨ ᠲᠤᠯᠠᠭᠠᠯᠠᠬᠤ᠂ ᠬᠤᠭᠤᠯᠨ ᠬᠢᠬᠦ ᠵᠡᠷᠬᠡ ᠪᠠᠭᠳᠡᠨ᠎ᠡ᠃ ᠭᠠᠯ ᠤᠨ ᠠᠶᠤᠯ ᠡᠬᠦᠰᠬᠡᠬᠦ ᠪᠤᠯᠤᠮᠵᠢ ᠲᠠᠢ ᠮᠡᠰᠢᠨ ᠲᠡᠷᠬᠡ ᠪᠡ ᠮᠧᠬᠠᠨᠢᠭ ᠲᠤ ᠴᠢᠬᠤᠯᠳᠡᠢ ᠠᠷᠭ᠎ᠠ ᠪᠡᠷᠢᠯ ᠠᠪᠴᠤ᠂ ᠬᠡᠷ ᠲᠤᠳᠤᠷᠡᠬᠢ ᠦᠢᠯᠡᠳᠪᠤᠷᠢᠯᠡᠯ ᠪᠡ ᠠᠮᠢᠳᠤᠷᠡᠯ ᠤᠨ ᠭᠠᠯ ᠬᠡᠷᠡᠭᠯᠡᠬᠦ ᠶᠢ ᠴᠢᠩᠭ᠎ᠠ ᠨᠢᠮᠪᠡᠢ ᠬᠠᠮᠢᠶᠡᠷᠤᠨ᠎ᠡ᠃     ᠭᠤᠷᠪᠠ᠂ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢᠨ ᠵᠡᠬᠢᠷᠤᠯᠳᠡ ᠶᠢᠨ ᠬᠤᠭᠤᠴᠠᠭᠠᠨ ᠳᠤ ᠤᠨᠴᠤᠭᠠᠢ ᠪᠡᠶᠢᠳᠡᠯ ᠲᠤᠤᠷ᠎ᠠ ᠡᠷᠬᠡᠪᠰᠢ ᠭᠠᠯ ᠬᠡᠷᠡᠭᠯᠡᠬᠦ ᠴᠢᠬᠤᠯᠳᠡᠢ ᠦᠶ᠎ᠠ ᠳᠤ ᠭᠠᠯ ᠬᠡᠷᠡᠭᠯᠡᠬᠦ ᠪᠡᠶᠢᠭᠤᠯᠭ᠎ᠠ ᠡᠰᠡᠬᠦᠯ᠎ᠡ ᠬᠤᠪᠢ ᠬᠦᠮᠦᠨ ᠠᠴᠠ ᠭᠠᠯ ᠬᠡᠷᠡᠭᠯᠡᠬᠦ ᠡᠷᠡᠮᠡᠯᠵᠡᠯ ᠲᠤᠷᠡᠳᠴᠤ᠂ ᠬᠠᠷᠢᠶ᠎ᠠ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ ᠤ ᠭᠠᠯ ᠰᠡᠷᠬᠡᠶᠢᠯᠡᠬᠦ ᠵᠢᠯᠤᠭᠤᠳᠬᠤ ᠲᠦᠪ ᠠᠴᠠ ᠬᠢᠨᠡᠬᠰᠡᠨ ᠤ ᠲᠠᠷᠠᠭ᠎ᠠ᠂ ᠬᠤᠰᠢᠭᠤᠨ ᠤ ᠭᠠᠯ ᠰᠡᠷᠬᠡᠶᠢᠯᠡᠬᠦ ᠵᠢᠯᠤᠭᠤᠳᠬᠤ ᠲᠦᠪ ᠳᠤ ᠮᠡᠳᠡᠬᠦᠯᠦᠨ ᠵᠦᠪᠰᠢᠶᠡᠷᠡᠬᠦᠯᠦᠨ᠎ᠡ᠃ ᠵᠦᠪᠰᠢᠶᠡᠷᠡᠬᠦᠯᠦᠭᠰᠡᠨ ᠤ ᠲᠡᠷᠠᠭ᠎ᠠ ᠱᠠᠭᠠᠷᠳᠡᠯᠭ᠎ᠠ ᠶᠤᠰᠤᠭᠠᠷ ᠬᠠᠮᠢᠶ᠎ᠠ ᠪᠦᠬᠦᠢ ᠰᠡᠷᠬᠡᠶᠢᠯᠡᠬᠦ ᠪᠡᠳᠤᠯᠠᠭ᠎ᠠ ᠶᠢᠨ ᠠᠷᠭ᠎ᠠ ᠪᠡᠷᠢᠯ ᠢ ᠬᠢᠭᠰᠡᠨ ᠤ ᠲᠠᠷᠠᠭ᠎ᠠ ᠭᠠᠯ ᠬᠡᠷᠡᠭᠯᠡᠵᠤ ᠪᠤᠯᠤᠨ᠎ᠡ᠃     ᠲᠦᠷᠪᠡ  ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠳᠤ ᠲᠦᠷᠢᠮ᠂ ᠪᠡᠶᠢᠭᠤᠯᠭ᠎ᠠ ᠶᠢᠨ ᠤᠳᠤᠷᠢᠳᠤᠯᠭ᠎ᠠ ᠶᠢᠨ ᠬᠠᠷᠢᠭᠤᠴᠠᠬᠤ ᠲᠦᠷᠢᠮ ᠵᠢᠴᠢ ᠤᠳᠤᠷᠢᠳᠤᠯᠭ᠎ᠠ ᠺᠡᠳᠡᠷ ᠤᠨ ᠬᠡᠰᠡᠭ ᠲᠠᠭᠠᠭᠠᠨ ᠬᠠᠷᠢᠭᠤᠴᠠᠬᠤ ᠲᠦᠷᠢᠮ ᠢ ᠨᠡᠷᠢᠨ ᠬᠢᠨᠡᠮᠡᠭᠠᠢ ᠨᠡᠶᠢᠳᠡᠪᠤᠷᠢᠵᠢᠭᠤᠯᠵᠤ᠂ ᠱᠠᠳᠤ ᠱᠠᠳᠤ ᠪᠠᠷ ᠬᠠᠷᠢᠭᠤᠴᠠᠨ᠎ᠠ᠃ ᠬᠡᠷ᠎ᠡ ᠪᠢᠴᠢᠭ ᠪᠢᠴᠢᠬᠦᠯᠦᠨ ᠬᠠᠷᠢᠭᠤᠴᠠᠯᠭ᠎ᠠ ᠶᠢᠨ ᠲᠤᠬᠳᠠᠭᠰᠡᠨ ᠬᠦᠮᠦᠨ ᠳᠤ ᠨᠡᠶᠢᠳᠡᠪᠤᠷᠢᠵᠢᠬᠤ ᠶᠢ ᠪᠡᠳᠤᠯᠡᠨ᠎ᠡ᠃ ᠭᠤᠤᠯ ᠤᠳᠤᠷᠢᠳᠤᠯᠭ᠎ᠠ ᠠᠴᠠ ᠭᠠᠯ ᠰᠡᠷᠬᠡᠶᠢᠯᠡᠬᠦ ᠠᠵᠢᠯ ᠢ ᠦᠪᠡᠷ ᠤᠨ ᠪᠠᠶ᠎ᠠ ᠪᠠᠷ ᠢᠶᠠᠨ ᠪᠡᠶᠢᠷᠢᠯᠠᠭᠤᠯᠤᠨ ᠨᠡᠶᠢᠳᠡᠪᠤᠷᠢᠵᠢᠭᠤᠯᠤᠨ᠎ᠡ᠃     ᠲᠠᠪᠤ᠂ ᠡᠯ᠎ᠡ ᠪᠠᠯᠭᠠᠰᠤ᠂ ᠡᠯ᠎ᠡ ᠬᠤᠯᠪᠤᠬᠳᠡᠯ ᠪᠦᠬᠦᠢ ᠬᠠᠷᠢᠭᠤᠴᠠᠯᠭᠠᠳᠤ ᠪᠡᠶᠢᠭᠤᠯᠭ᠎ᠠ ᠬᠢᠨ ︽ᠰᠡᠷᠬᠡᠶᠢᠯᠡᠬᠦ ᠎ ᠪᠠᠷ ᠭᠤᠤᠯ ᠪᠤᠯᠭᠠᠨ᠂ ᠢᠳᠡᠪᠬᠢᠳᠡᠢ ᠤᠨᠳᠡᠷᠭᠠᠬᠤ︾ ᠴᠢᠭᠯᠡᠯᠳᠡ ᠪᠡ ︽ᠬᠦᠮᠦᠨ ᠢᠶᠠᠷ ᠦᠨᠳᠤᠰᠤ ᠪᠤᠯᠭᠠᠨ᠂ ᠰᠢᠨᠵᠢᠯᠡᠬᠦ ᠤᠬᠠᠭᠠᠨ ᠢᠶᠠᠷ ᠰᠡᠷᠬᠡᠶᠢᠯᠡᠬᠦ︾ ᠵᠡᠷᠴᠢᠮ ᠢ ᠪᠡᠷᠢᠮᠳᠡᠯᠡᠨ᠂ ᠭᠠᠯ ᠤᠨᠳᠡᠷᠭᠠᠬᠤ ᠲᠦᠰᠤᠪ ᠢ ᠵᠡᠰᠡᠪᠤᠷᠢᠯᠠᠬᠤ ᠪᠡ ᠪᠤᠯᠪᠠᠰᠤᠷᠡᠯ ᠢ ᠦᠨᠡᠨᠬᠦ ᠰᠡᠶᠢᠳᠤᠷ ᠬᠢᠵᠤ᠂ ᠡᠯ᠎ᠡ ᠲᠦᠷᠤᠯ ᠤᠨ ᠭᠠᠯ ᠤᠨᠳᠠᠷᠭᠠᠬᠤ ᠠᠩᠬᠢ ᠶᠢ ᠨᠢᠬᠡᠳᠤᠬᠡᠷ ᠱᠤᠭᠤᠮ ᠳᠤ ᠪᠡᠶᠢᠷᠢᠰᠢᠭᠤᠯᠤᠨ᠂ ᠴᠠᠭ ᠢᠮᠡᠬᠳᠡ ᠪᠡᠯᠡᠳᠬᠡᠯ ᠲᠠᠢ ᠪᠡᠶᠢᠵᠤ᠂ ᠡᠯ᠎ᠡ ᠲᠦᠷᠤᠯ ᠤᠨ ᠭᠠᠯ ᠤᠨᠳᠠᠷᠭᠠᠬᠤ ᠪᠡᠯᠡᠳᠬᠡᠯ ᠠᠵᠢᠯ ᠢ ᠰᠡᠶᠢᠳᠤᠷ ᠬᠢᠨ᠎ᠡ᠃     ᠵᠢᠷᠭᠤᠭ᠎ᠠ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠪᠡᠶᠢᠭᠤᠯᠭ᠎ᠠ ᠠᠴᠠ 24 ᠴᠠᠭ ᠢᠶᠠᠷ ᠵᠢᠵᠢᠬᠦᠷᠯᠡᠬᠦ ᠪᠡ ᠤᠳᠤᠷᠢᠳᠤᠯᠭ᠎ᠠ ᠠᠴᠠ ᠪᠡᠶᠢᠷᠢᠨ ᠳᠤ ᠵᠢᠵᠢᠬᠦᠷᠯᠡᠬᠦ ᠲᠦᠷᠢᠮ ᠢ ᠬᠡᠷᠡᠭᠵᠢᠬᠦᠯᠵᠤ᠂ ᠲᠤᠰ ᠪᠡᠶᠢᠭᠤᠯᠭ᠎ᠠ ᠶᠢᠨ ᠢᠶᠠᠨ ᠭᠠᠯ ᠰᠡᠷᠬᠡᠶᠢᠯᠡᠬᠦ ᠵᠢᠵᠢᠬᠦᠷ ᠤᠨ ᠬᠦᠰᠤᠨᠦᠭᠳᠤ ᠪᠠᠨ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠵᠢᠯᠤᠭᠤᠳᠬᠤ ᠠᠯᠪᠡᠨ ᠬᠡᠷ ᠳᠤ ᠲᠤᠰᠢᠶᠡᠨ᠎ᠡ᠃ ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠠᠶᠤᠯ ᠤᠨ ᠮᠡᠳᠡᠭᠡ ᠵᠠᠩᠬᠢ ᠶᠢᠨ ᠨᠢᠬᠡᠳᠤᠯᠳᠡᠢ ᠪᠠᠷ ᠱᠡᠳᠤ ᠲᠠᠷᠠᠭᠠᠯᠠᠨ ᠲᠡᠬᠡᠭᠰᠢ ᠮᠡᠳᠡᠬᠦᠯᠬᠦ᠂ ᠭᠠᠯ ᠪᠡᠶᠢᠪᠡᠯ ᠡᠷᠬᠡᠪᠰᠢ ᠮᠡᠳᠡᠬᠦᠯᠬᠦ ᠲᠦᠷᠢᠮ᠂ ᠤᠨᠳᠠᠷᠭᠠᠬᠤ ᠶᠢᠨ ᠲᠠᠭᠠᠤ ᠮᠡᠳᠡᠬᠦᠯᠬᠦ ᠲᠦᠷᠢᠮ ᠢ ᠦᠨᠡᠨᠬᠦ ᠨᠡᠶᠢᠳᠡᠪᠤᠷᠢᠵᠢᠭᠤᠯᠵᠤ᠂ ᠭᠠᠯ ᠤᠨ ᠪᠡᠶᠢᠳᠡᠯ ᠤᠨ ᠴᠢᠮᠡᠬᠡᠨ ᠤ ᠴᠠᠭ ᠲᠤᠬᠠᠢ ᠳᠤᠨᠢ ᠲᠠᠬᠡᠭᠰᠢ ᠲᠤᠷᠤᠬᠰᠢ ᠲᠡᠮᠵᠢᠭᠤᠯᠤᠬᠳᠠᠬᠤ ᠢ ᠪᠡᠳᠤᠯᠠᠵᠤ᠂ ᠵᠢᠵᠢᠬᠦᠷᠯᠡᠭᠴᠢ ᠶᠢᠨ ᠪᠡᠶᠢᠷᠢ ᠠᠴᠠ ᠪᠠᠨ ᠰᠠᠭᠠᠳᠠᠬᠤ ᠮᠡᠳᠡᠭᠡ ᠵᠠᠩᠬᠢ ᠶᠢ ᠴᠠᠭ ᠲᠠᠭᠠᠨ ᠮᠡᠳᠡᠬᠦᠯᠬᠦ ᠦᠬᠡᠢ᠂ ᠨᠢᠭᠤᠬᠰᠡᠨ ᠲᠤᠳᠠᠭᠤ ᠲᠤᠷᠭᠠᠨ ᠮᠡᠳᠡᠬᠦᠯᠬᠦ ᠵᠡᠷᠬᠡ ᠠᠰᠠᠭᠤᠳᠡᠯ ᠡᠬᠦᠰᠬᠦ ᠶᠢ ᠡᠷᠡᠰ ᠴᠠᠭᠠᠵᠡᠯᠡᠨ᠎ᠡ᠃ ︵ᠡᠳᠤᠷ ᠪᠤᠯᠭᠠᠨ ᠤ ᠦᠳᠡ ᠶᠢᠨ ᠬᠤᠶᠢᠨ᠎ᠡ 5᠄ 00᠎ ᠠᠴᠠ ᠡᠮᠤᠨ᠎ᠡ ᠲᠤᠰ ᠡᠳᠤᠷ ᠤᠨ ᠢᠶᠠᠨ ᠭᠠᠯ ᠤᠨ ᠪᠡᠶᠢᠳᠡᠯ ᠢ ᠬᠤᠰᠢᠭᠤᠨ ᠤ ᠤᠢ ᠰᠢᠭᠤᠢ ᠲᠡᠯ᠎ᠡ ᠨᠤᠳᠤᠭ ᠤᠨ ᠭᠠᠯ ᠰᠡᠷᠬᠡᠶᠢᠯᠡᠬᠦ ᠵᠢᠯᠤᠭᠤᠳᠬᠤ ᠲᠦᠪ ᠤᠨ ᠠᠯᠪᠡᠨ ᠬᠡᠷ ᠲᠤ ᠮᠡᠳᠡᠬᠦᠯᠦᠨ᠎ᠡ᠃ ᠹᠺᠡᠰ᠄ 0477 — 8690476︶     ᠲᠤᠯᠤᠭ᠎ᠠ᠂ ᠭᠠᠯ ᠰᠡᠷᠬᠡᠶᠢᠯᠡᠬᠦ ᠴᠢᠩᠭ᠎ᠠ ᠰᠡᠷᠬᠡᠶᠢᠯᠡᠯᠳᠡ ᠶᠢᠨ ᠵᠡᠬᠢᠷᠤᠯᠳᠡ ᠶᠢᠨ ᠬᠤᠭᠤᠴᠠᠭᠠᠨ ᠳᠤ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠠᠴᠠ ᠬᠤᠰᠢᠭᠤᠨ ᠤ ᠭᠠᠯ ᠰᠡᠷᠬᠡᠶᠢᠯᠡᠬᠦ ᠵᠢᠯᠤᠭᠤᠳᠬᠤ ᠬᠡᠯᠳᠡᠰ᠂ ᠵᠠᠰᠠᠭ ᠤᠨ ᠤᠷᠳᠤᠨ ᠤ ᠱᠠᠯᠠᠪᠳᠡᠨ ᠪᠡᠶᠢᠴᠠᠭᠠᠬᠤ ᠲᠠᠰᠤᠭ ᠪᠡ ᠰᠡᠬᠢᠯᠭ᠎ᠠ ᠪᠡᠳᠤ ᠪᠡᠶᠢᠴᠠᠭᠠᠬᠤ ᠲᠤᠪᠴᠢᠶ᠎ᠠ ᠳᠤ ᠬᠠᠷᠢᠭᠤᠴᠠᠯᠭ᠎ᠠ ᠲᠠᠭᠠᠯᠭᠠᠨ᠂ ᠭᠠᠯ ᠤᠨ ᠠᠶᠤᠯ ᠢ ᠴᠡᠭᠴᠡᠯᠡᠬᠦ ᠦᠬᠡᠢ᠂ ᠬᠠᠷᠢᠭᠤᠴᠠᠯᠭ᠎ᠠ ᠶᠢ ᠨᠡᠶᠢᠳᠡᠪᠤᠷᠢᠵᠢᠭᠤᠯᠤᠬᠰᠡᠨ ᠦᠬᠡᠢ ᠵᠡᠷᠬᠡ ᠠᠵᠢᠯ ᠤᠨ ᠵᠤᠬᠢᠴᠡᠮᠵᠢ ᠦᠬᠡᠢ ᠠᠴᠠ ᠪᠤᠯᠵᠤ ᠶᠡᠭᠡ ᠬᠤᠬᠢᠷᠡᠯ ᠡᠬᠦᠰᠬᠡᠭᠰᠡᠨ ᠪᠡᠶᠢᠭᠤᠯᠭ᠎ᠠ ᠪᠡ ᠬᠤᠪᠢ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠠᠳᠡᠯ ᠠᠴᠠ ᠪᠤᠯᠵᠤ ᠭᠠᠯ ᠤᠨ ᠠᠶᠤᠯ ᠡᠬᠦᠰᠬᠡᠭᠰᠡᠨ ᠬᠠᠮᠳᠤ ᠨᠡᠶᠢᠳᠡ ᠪᠡ ᠬᠤᠪᠢ ᠬᠦᠮᠦᠨ ᠢ ᠬᠠᠤᠯᠢ ᠶᠤᠰᠤᠭᠠᠷ ᠰᠢᠢᠳᠪᠤᠷᠢᠯᠡᠨ᠎ᠡ᠃     ᠨᠠᠢᠮᠠ᠂ ᠡᠯ᠎ᠡ ᠦᠢᠯᠡᠳᠪᠤᠷᠢᠯᠡᠯ ᠤᠨ ᠴᠡᠭ᠂ ᠠᠵᠤ ᠠᠬᠤᠢ ᠠᠵᠢᠯ ᠦᠢᠯᠡᠰ ᠤᠨ ᠨᠢᠬᠡᠴᠢ᠂ ᠵᠢᠭᠤᠯᠴᠢᠯᠡᠯ ᠤᠨ ᠦᠵᠡᠮᠵᠢ ᠶᠢᠨ ᠴᠡᠭ ᠵᠢᠴᠢ ᠬᠦᠴᠤᠳᠡᠯ ᠦᠬᠡᠷᠡᠴᠢᠯᠡᠭᠴᠢ ᠲᠡᠮᠵᠢᠭᠤᠯᠬᠤ ᠲᠦᠬᠦᠬᠡᠷᠤᠮᠵᠢ᠂ ᠰᠢᠳᠠᠮᠠᠬᠠᠢ ᠬᠡᠢ ᠶᠢᠨ ᠲᠡᠮᠵᠢᠭᠤᠯᠬᠤ ᠬᠤᠭᠤᠯᠡᠢ᠂ ᠵᠡᠮ ᠬᠠᠷᠢᠯᠴᠠᠭᠠᠨ ᠤ ᠴᠢᠬᠤᠯᠨ ᠵᠡᠮ᠂ ᠨᠡᠬᠦᠷᠡᠰᠤᠨ ᠠᠭᠤᠷᠬᠠᠢ ᠶᠢᠨ ᠬᠤᠳᠳᠤᠭ ᠵᠡᠷᠬᠡ ᠴᠢᠬᠤᠯᠨ ᠭᠠᠵᠡᠷ ᠪᠡ ᠬᠦᠷᠢᠶ᠎ᠠ ᠬᠡᠪᠴᠢᠶᠡᠨ ᠤ ᠭᠤᠤᠯ ᠬᠠᠮᠢᠶᠡᠷᠤᠬᠴᠢ ᠪᠡᠶᠢᠭᠤᠯᠭ᠎ᠠ ᠠᠴᠠ ᠭᠠᠯ ᠤᠨ ᠠᠶᠤᠯ ᠤᠨ ᠲᠡᠯᠳᠡ ᠬᠡᠮ ᠢ ᠪᠦᠬᠦ ᠲᠡᠯ᠎ᠡ ᠪᠠᠷ ᠪᠡᠶᠢᠴᠠᠭᠠᠨ ᠠᠷᠢᠯᠭᠠᠬᠤ᠂ ᠪᠡᠶᠢᠴᠠᠭᠠᠨ ᠬᠠᠮᠠᠭᠠᠯᠠᠬᠤ ᠤᠬᠠᠭᠤᠯᠤᠨ ᠰᠤᠷᠭᠠᠨ ᠬᠦᠮᠦᠵᠢᠬᠦᠯᠬᠦ ᠵᠡᠷᠬᠡ ᠡᠯ᠎ᠡ ᠲᠦᠷᠤᠯ ᠤᠨ ᠭᠠᠯ ᠤᠨ ᠠᠶᠤᠯ ᠢ ᠰᠡᠷᠬᠡᠶᠢᠯᠡᠬᠦ ᠠᠷᠭ᠎ᠠ ᠬᠡᠮᠵᠢᠶ᠎ᠠ ᠶᠢ ᠰᠡᠶᠢᠳᠤᠷ ᠬᠢᠨ᠎ᠡ᠃ ᠠᠯᠢᠪᠡ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠪᠠᠷ ᠰᠢᠢᠳᠪᠤᠷᠢᠯᠡᠨ᠎ᠡ᠃     ᠶᠢᠰᠦ᠂ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠵᠢᠯᠤᠭᠤᠳᠬᠤ ᠲᠦᠪ ᠤᠨ ᠬᠡᠰᠢᠬᠦᠨ ᠪᠡᠶᠢᠭᠤᠯᠭ᠎ᠠ ᠤᠳ ᠦᠪᠡᠷ ᠤᠨ ᠢᠶᠠᠨ ᠡᠬᠦᠷᠬᠡ ᠬᠠᠷᠢᠭᠤᠴᠠᠯᠭ᠎ᠠ ᠪᠠᠨ ᠬᠠᠷᠢᠭᠤᠴᠠᠵᠤ᠂ ᠶᠡᠭᠡ ᠲᠡᠯ᠎ᠡ ᠶᠢᠨ ᠤᠨᠴᠠᠯᠢᠭ ᠢ ᠪᠤᠢ ᠪᠤᠯᠭᠠᠨ ᠨᠢᠬᠳᠡ ᠬᠠᠮᠵᠢᠯᠴᠡᠨ᠂ ᠬᠠᠷᠢᠯᠴᠠᠨ ᠬᠠᠪᠰᠤᠷᠡᠯᠴᠡᠨ ᠤᠢ ᠰᠢᠭᠤᠢ᠂ ᠨᠤᠳᠤᠭ ᠪᠡᠯᠴᠢᠬᠡᠷ ᠤᠨ ᠭᠠᠯ ᠤᠨ ᠠᠶᠤᠯ ᠢ ᠰᠡᠷᠬᠡᠶᠢᠯᠡᠬᠦ ᠪᠡ ᠠᠪᠤᠷᠠᠬᠤ ᠨᠢᠬᠡᠳᠤᠮᠡᠯ ᠬᠦᠴᠤᠨ ᠢ ᠪᠦᠷᠢᠯᠳᠤᠬᠦᠯᠦᠨ᠎ᠡ᠃     ᠠᠷᠪᠡ  ᠂ ᠠᠯᠢᠪᠡ ᠪᠡᠶᠢᠭᠤᠯᠭ᠎ᠠ ᠨᠢᠬᠡᠴᠢ ᠪᠡ ᠬᠦᠮᠦᠨ ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠪᠡᠶᠢᠳᠡᠯ ᠢ ᠰᠡᠷᠡᠵᠤ ᠮᠡᠳᠡᠪᠡᠯ ᠴᠠᠭ ᠲᠠᠷᠤᠢ ᠳᠤᠨᠢ ᠪᠠᠯᠭᠠᠰᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠵᠢᠯᠤᠭᠤᠳᠬᠤ ᠲᠦᠪ ᠡᠰᠡᠬᠦᠯ᠎ᠡ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠵᠢᠯᠤᠭᠤᠳᠬᠤ ᠠᠯᠪᠡᠨ ᠬᠡᠷ ᠲᠤ ᠮᠡᠳᠡᠬᠦᠯᠦᠨ᠎ᠡ᠃ ᠬᠡᠷᠡᠭ ᠮᠡᠳᠡᠬᠦᠯᠬᠦ ᠤᠳᠠᠰᠤ᠄ 12119 ᠡᠰᠡᠬᠦᠯ᠎ᠡ 0477 — 8690579᠂ ᠶᠡᠮᠡᠷᠪᠡ ᠪᠡᠶᠢᠭᠤᠯᠭ᠎ᠠ ᠪᠡ ᠬᠤᠪᠢ ᠬᠦᠮᠦᠨ ᠬᠡᠷᠡᠭ ᠮᠡᠳᠡᠬᠦᠯᠬᠦ ᠳᠤ ᠦᠨ᠎ᠡ ᠲᠦᠯᠦᠪᠤᠷᠢ ᠲᠡᠰᠢ ᠪᠠᠷ ᠲᠦᠬᠦᠮ ᠦᠵᠡᠬᠦᠯᠦᠨ᠎ᠡ᠃ ᠬᠤᠷᠡᠯ ᠢᠶᠠᠷ ᠮᠡᠳᠡᠬᠦᠯᠬᠦ᠂ ᠲᠤᠷ᠎ᠠ ᠪᠠᠷ ᠮᠡᠳᠡᠬᠦᠯᠬᠦ᠂ ᠨᠢᠭᠤᠵᠤ ᠲᠠᠯᠳᠡᠯᠠᠬᠤ ᠶᠢ ᠡᠷᠡᠰ ᠬᠤᠷᠢᠬᠯᠠᠨ᠎ᠠ᠃                             ᠡᠵᠡᠨ ᠬᠤᠷᠤᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ                                2014 ᠤᠨ ᠤ 3 ᠰᠡᠷ᠎ᠡ ᠶᠢᠨ 15᠎ ᠤ ᠡᠳᠤᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号