2014 ᠤᠨ ᠤ ᠪᠦᠬᠦ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠠᠵᠢᠯ ᠤᠨ ᠲᠡᠷᠢᠬᠦᠨ ᠤ ᠬᠠᠮᠳᠤ ᠨᠢᠬᠡᠴᠢ ᠪᠤᠯᠤᠨ ᠲᠡᠷᠢᠬᠦᠨ ᠤ ᠠᠵᠢᠯᠯᠠᠬᠴᠢ ᠶᠢ ᠬᠦᠬᠢᠬᠦᠯᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠲᠠᠷᠬᠠᠭᠠᠬᠤ ﹇2015﹈ 29 ᠳ᠋ᠤᠬᠡᠷ ᠲᠤᠭᠠᠳᠤᠡᠯ᠎ᠡ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠡᠯ᠎ᠡ ᠪᠡᠶᠢᠭᠤᠯᠭ᠎ᠠ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ᠂ ᠡᠯ᠎ᠡ ᠬᠦᠷᠢᠶᠡᠯᠡᠩ ᠲᠤᠭᠤᠷᠢᠭ ︵ᠰᠠᠭᠤᠷᠢᠨ ᠭᠠᠵᠡᠷ︶᠎ ᠤᠨ ᠬᠠᠮᠢᠶᠡᠷᠤᠯᠳᠡ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠡᠯ ᠠᠵᠢᠯ ᠦᠢᠯᠡᠰ ᠤᠨ ᠨᠢᠬᠡᠴᠢ᠄     2014 ᠤᠨ ᠳᠤ᠂ ᠮᠡᠨ ᠤ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠠᠵᠢᠯ ᠬᠤᠰᠢᠭᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠳᠤᠷᠢᠳᠤᠯᠭ᠎ᠠ ᠶᠢᠨ ᠲᠤᠤᠷ᠎ᠠ᠂ ᠡᠯ᠎ᠡ ᠪᠠᠯᠭᠠᠰᠤ᠂ ᠡᠯ᠎ᠡ ᠪᠡᠶᠢᠭᠤᠯᠭ᠎ᠠ ᠪᠡ ᠬᠤᠯᠪᠤᠬᠳᠠᠯ ᠪᠦᠬᠦᠢ ᠠᠵᠤ ᠠᠬᠤᠶᠢᠯᠡᠯ ᠤᠨ ᠬᠠᠮᠳᠤ ᠶᠢᠨ ᠴᠢᠷᠮᠡᠶᠢᠯᠭ᠎ᠠ ᠪᠠᠷ ᠪᠦᠬᠦ ᠬᠤᠰᠢᠭᠤᠨ ᠤ ᠭᠤᠤᠯᠳᠠᠯᠭᠠᠳᠤ ᠠᠵᠢᠯ ᠪᠤᠯᠤᠨ ᠭᠤᠤᠯ ᠪᠤᠯᠬᠤ ᠡᠬᠦᠷᠬᠡ ᠶᠢᠨ ᠲᠤᠭᠤᠷᠢᠨ ᠳᠤ ᠵᠤᠬᠢᠴᠡᠮᠵᠢ ᠶᠢᠨ ᠰᠢᠨ᠎ᠡ ᠶᠢ ᠲᠡᠰᠤᠷᠡᠯᠳᠡ ᠦᠬᠡᠢ ᠡᠬᠦᠳᠴᠤ᠂ ᠪᠤᠳᠠᠳᠡᠢ ᠦᠷ᠎ᠡ ᠪᠦᠳᠦᠮᠵᠢ ᠶᠢ ᠲᠡᠬᠡᠭᠰᠢᠯᠡᠬᠦᠯᠦᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠲᠤᠬᠳᠠᠭᠤᠨ ᠬᠦᠭᠵᠢᠯᠳᠡ ᠶᠢ ᠲᠦᠯᠬᠢᠨ ᠠᠬᠢᠭᠤᠯᠬᠤ ᠳᠤ ᠴᠢᠬᠤᠯᠨ ᠦᠢᠯᠡᠳᠤᠯ ᠢᠶᠠᠨ ᠪᠡᠳᠡᠷᠡᠭᠤᠯᠪᠡ᠃     ᠲᠡᠷᠢᠬᠦᠨ ᠤ ᠬᠢ ᠶᠢ ᠵᠤᠷᠢᠬᠵᠢᠭᠤᠯᠤᠨ᠂ ᠨᠡᠶᠢᠳᠡᠯᠢᠭ ᠢ ᠪᠤᠢ ᠪᠤᠯᠭᠠᠬᠤ ᠶᠢᠨ ᠲᠤᠯᠡᠳᠡ᠂ ᠬᠤᠰᠢᠭᠤ ᠵᠠᠰᠠᠭ ᠤᠨ ᠤᠷᠳᠤᠨ ᠠᠴᠠ 2014 ᠤᠨ ᠤ ᠠᠶᠤᠯᠬᠦᠢ ᠦᠢᠯᠡᠳᠪᠤᠷᠢᠯᠡᠯ ᠤᠨ ᠠᠵᠢᠯ ᠳᠤ ᠲᠤᠪᠤᠶᠢᠮ᠎ᠡ ᠠᠮᠵᠢᠯᠳᠡ ᠭᠠᠷᠭᠠᠬᠰᠡᠨ ᠵᠠᠰᠠᠭ ᠪᠠᠯᠭᠠᠰᠤ ᠵᠡᠷᠬᠡ 10 ᠨᠢᠬᠡᠴᠢ ᠬᠢᠬᠡᠳ ᠠᠨ ᡁᠢ ᠭᠠᠩ ᠵᠡᠷᠬᠡ 12 ᠨᠡᠷᠡᠰ ᠲᠡᠷᠢᠬᠦᠨ ᠤ ᠬᠤᠪᠢ ᠬᠦᠮᠦᠨ ᠢ ᠬᠦᠬᠢᠬᠦᠯᠦᠨ ᠮᠡᠳᠡᠬᠡᠯᠡᠬᠦ ᠪᠠᠷ ᠲᠤᠬᠳᠠᠪᠡ᠃     ᠬᠦᠬᠢᠬᠦᠯᠦᠭᠳᠡᠭᠰᠡᠨ ᠬᠠᠮᠳᠤ ᠨᠢᠬᠡᠴᠢ ᠪᠤᠯᠤᠨ ᠬᠤᠪᠢ ᠬᠦᠮᠦᠨ ᠠᠮᠵᠢᠯᠳᠡ ᠪᠦᠳᠦᠮᠵᠢ ᠪᠠᠨ ᠡᠷᠬᠢᠮᠯᠡᠨ᠂ ᠤᠮᠤᠷᠬᠠᠭ ᠪᠡᠷᠳᠡᠮ ᠢ ᠲᠡᠪᠴᠢᠨ᠂ ᠲᠡᠷᠤᠤ ᠬᠡᠴᠢᠶᠡᠩᠬᠦᠢ ᠪᠠᠷ ᠦᠷᠬᠦᠯᠵᠢᠯᠡᠨ ᠯᠠᠪᠳᠠᠭᠤᠨ ᠬᠢᠨᠠᠮᠠᠭᠠᠢ ᠠᠵᠢᠯᠯᠠᠵᠤ᠂ ᠲᠡᠷᠢᠬᠦᠨ ᠤ ᠨᠡᠶᠢᠳᠡᠯᠢᠭ ᠲᠠᠭᠤᠷᠢᠢᠶᠡᠯ ᠦᠵᠡᠬᠦᠯᠵᠤ ᠲᠡᠶᠢᠴᠢᠯᠠᠬᠤ ᠦᠢᠯᠡᠳᠤᠯ ᠢᠶᠠᠨ ᠬᠦᠢᠴᠡᠳ ᠪᠡᠳᠡᠷᠠᠭᠤᠯᠤᠨ᠂ ᠰᠢᠨ᠎ᠡ ᠨᠢᠬᠡᠨ ᠵᠢᠯ ᠳᠤ ᠰᠢᠨ᠎ᠡ ᠬᠤᠪᠢ ᠨᠡᠮᠡᠷᠢ ᠦᠵᠡᠬᠦᠯᠵᠤ᠂ ᠰᠢᠨ᠎ᠡ ᠶᠢ ᠦᠢᠯᠡᠳᠤᠨ᠂ ᠰᠢᠨ᠎ᠡ ᠪᠦᠳᠦᠮᠵᠢ ᠶᠢ ᠡᠬᠦᠤᠴᠤ᠂ ᠰᠢᠨ᠎ᠡ ︽ᠠᠶᠤᠯᠬᠦᠢ ᠦᠢᠯᠡᠳᠪᠤᠷᠢᠯᠡᠯ ᠤᠨ ᠬᠠᠤᠯᠢ︾᠎ ᠶᠢ ᠦᠷᠬᠦᠯᠵᠢᠯᠡᠨ ᠬᠦᠨᠵᠡᠬᠡᠢ ᠲᠣᠣᠱᠯᠠᠭᠤᠯᠤᠨ ᠨᠡᠶᠢᠳᠡᠪᠤᠷᠢᠵᠢᠭᠤᠯᠵᠤ᠂ ᠪᠦᠬᠦ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠠᠵᠢᠯ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠵᠤ ᠪᠡᠶᠢᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号