ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ‍ᠤᠨ‌‍ᠬᠥ᠋ᠭᠵᠢᠯᠲᠡ ᠶᠢ ᠲᠡᠳᠬᠦᠨ ᠳᠡᠮᠵᠢᠬᠦ ᠪᠤᠳᠤᠯᠭ᠎ᠠ ᠶᠢ ᠬᠡᠷᠡᠭᠵᠢᠭᠦᠯᠬᠦ ᠳᠦᠰᠦᠯ ︵ᠲᠤᠷᠰᠢᠨ ᠬᠡᠷᠡᠭᠵᠢᠭᠦᠯᠬᠦ︶᠎ ᠶᠢ ᠨᠡᠶᠢᠳᠡᠯᠡᠬᠦ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠲᠠᠷᠬᠠᠭᠠᠬᠤ ﹇2016﹈ 69 ᠳ᠋ᠤᠭᠠᠷ ᠲᠤᠭᠠᠳᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠬᠦᠷᠢᠶᠡᠯᠡᠩ ᠳᠤᠭᠤᠷᠢᠭ ᠤᠨ ᠬᠠᠮᠢᠶᠠᠷᠤᠬᠤ ᠺᠥᠮᠢᠰ᠂ ᠡᠯ᠎ᠡ ᠠᠵᠦ ᠠᠬᠤᠶᠢᠯᠠᠯ ᠵᠢᠴᠢ ᠠᠵᠦ ᠦᠢᠯᠡᠰ ᠤᠨ ᠨᠢᠭᠡᠴᠡ᠄     ︽ᠡᠵᠡᠨ ᠬᠤᠷᠤᠭ᠎ᠠ ᠬᠤᠰᠢᠭᠤᠨ ᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠬᠦ ᠪᠤᠳᠤᠯᠭ᠎ᠠ ᠶᠢ ᠬᠡᠷᠡᠭᠵᠢᠭᠦᠯᠬᠦ ᠳᠦᠰᠦᠯ ︵ᠲᠤᠷᠰᠢᠨ ᠬᠡᠷᠡᠭᠵᠢᠭᠦᠯᠬᠦ︶︾᠎ ᠶᠢ 2016 ᠤᠨ ᠤ 12 ᠳ᠋ᠤᠭᠠᠷ ᠤᠳᠠᠭᠠᠨ ᠤ ᠳᠦᠷᠪᠡᠨ ᠶᠡᠭᠡ ᠤᠳᠤᠷᠢᠳᠬᠤ ᠪᠠᠭ ᠤᠨ ᠬᠤᠯᠪᠤᠭᠠᠳᠤ ᠬᠤᠷᠠᠯ ᠢᠶᠠᠷ ᠪᠠᠳᠤᠯᠠᠭᠤᠯᠵᠦ᠂ ᠡᠳᠦᠭᠡ ᠳᠤᠰᠬᠠᠢ ᠨᠡᠶᠢᠳᠡᠯᠡᠵᠦ ᠪᠤᠢ᠃  ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ 2016 ᠤᠨ ᠤ 6 ᠰᠠᠷ᠎ᠠ ᠶᠢᠨ 15᠎ ᠤ ᠡᠳᠦᠷᠡᠵᠡᠨ ᠬᠤᠷᠤᠭ᠎ᠠ ᠬᠤᠰᠢᠭᠤᠨ ᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠬᠦ ᠪᠤᠳᠤᠯᠭ᠎ᠠ ᠶᠢ ᠬᠡᠷᠡᠭᠵᠢᠭᠦᠯᠬᠦ ᠳᠦᠰᠦᠯ ︵ᠲᠤᠷᠰᠢᠨ ᠬᠡᠷᠡᠭᠵᠢᠭᠦᠯᠬᠦ︶    ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠡᠷᠡᠬᠦᠯ ᠢᠶᠠᠷ ᠬᠦᠬᠢᠬᠦᠯᠦᠨ ᠬᠦᠭᠵᠢᠬᠦᠯᠬᠦ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠵᠢᠯᠤᠭᠤᠳᠴᠦ ᠴᠡᠴᠡᠷᠯᠢᠭ ᠡᠷᠬᠢᠯᠡᠬᠦ ᠶᠠᠰᠤ ᠴᠢᠨᠠᠷ ᠬᠢᠭᠡᠳ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠶᠢᠨ ᠳᠦᠯᠦᠭᠡ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠣᠯᠠᠨ ᠲᠦᠮᠡᠨ ᠳᠤ ᠬᠠᠨᠳᠤᠭᠤᠯᠤᠭᠰᠠᠨ ᠦᠢᠯᠡᠴᠢᠯᠡᠭᠡ ᠬᠠᠩᠭᠠᠵᠦ᠂ ︽ᠳᠦᠷᠦ ᠶᠢᠨ ᠶᠠᠪᠤᠳᠠᠯ ᠤᠨ ᠬᠤᠷᠢᠶᠠᠨ ᠤ ᠤᠳᠤᠬᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠬᠦᠯᠬᠦ ᠰᠠᠨᠠᠯ ᠤᠳ︾ ︵ᠲᠥᠷᠥ ᠠᠴᠠ ᠲᠠᠷᠬᠠᠭᠠᠭᠰᠠᠨ ︿2010﹀ 41 ᠳ᠋ᠤᠭᠡᠷ ᠨᠣᠮᠧᠷ︶᠂ ︽ᠡᠳ᠋ ᠤᠨ ᠵᠠᠰᠠᠭ ᠤᠨ ᠶᠠᠮᠦᠨ᠂ ᠰᠤᠭᠠᠨ ᠬᠦᠮᠦᠵᠢᠯ ᠤᠨ ᠶᠠᠮᠦᠨ ᠤ ᠡᠳ᠋ ᠎ ᠤᠨ ᠵᠠᠰᠠᠭ ᠤᠨ ᠤᠷᠤᠭᠤᠯᠤᠯᠳᠠ ᠪᠠᠨ ᠨᠡᠮᠡᠭᠳᠡᠬᠦᠯᠵᠦ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠦᠭᠵᠢᠯᠳᠡ ᠶᠢ ᠳᠡᠳᠬᠦᠬᠦ ᠳᠤᠬᠠᠢ ᠮᠡᠳᠡᠭᠳᠡᠯ︾ ︵ᠡᠳ᠋ ᠤᠨ ᠵᠠᠰᠠᠭ᠂ ᠰᠤᠷᠭᠠᠨ ᠬᠦᠮᠦᠵᠢᠯ ᠤᠨ ᠶᠠᠮᠦᠨ ᠠᠴᠠ ᠳᠠᠷᠬᠠᠭᠠᠭᠰᠠᠨ ︿2011﹀ 405 ᠳ᠋ᠤᠭᠠᠷ ᠨᠣᠮᠧᠷ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠬᠦ ᠲᠤᠬᠠᠶ ᠰᠠᠨᠠᠯ ᠢ ᠬᠡᠷᠡᠭᠵᠢᠭᠦᠯᠬᠦ ᠴᠤᠬᠤᠯᠠᠪᠤᠷᠢᠯᠠᠨ ᠤᠯᠠᠮᠵᠢᠯᠠᠬᠤ ᠲᠤᠬᠠᠶ ᠮᠡᠳᠡᠭᠳᠡᠯ︾ ︵ᠦᠪᠦᠷ ᠵᠠᠰᠠᠭ ᠳᠠᠷᠬᠠᠭᠠᠭᠰᠠᠨ ︿2011﹀ 87 ᠳ᠋ᠤᠭᠠᠷ ᠨᠣᠮᠧᠷ︶ ᠬᠢᠭᠡᠳ ︽ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠷᠳᠤᠰ ᠬᠤᠳᠠ ᠶᠢᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠬᠦᠭᠵᠢᠬᠦᠯᠦᠨ ᠠᠬᠢᠭᠤᠯᠬᠤ ᠲᠤᠬᠠᠶ ᠰᠠᠨᠠᠯ︾ ︵ᠤᠷᠳᠦᠰ ᠵᠠᠰᠠᠭ ᠠᠴᠠ ᠳᠠᠷᠬᠠᠭᠠᠭᠰᠠᠨ ︿2011﹀ 4 ᠳ᠋ᠤᠭᠡᠷ ᠨᠣᠮᠧᠷ︶᠎ ᠤᠨ ᠮᠠᠲ᠋ᠧᠷᠢᠶᠠᠯ ᠤᠨ ᠵᠤᠷᠢᠭ ᠰᠠᠨᠠᠭ᠎ᠠ ᠪᠠᠷ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠤᠰ ᠳᠦᠰᠦᠯ ᠢ ᠳᠤᠭᠳᠠᠭᠠᠪᠠ᠃ᠨᠢᠭᠡ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ  ᠎ ᠤᠨ ᠬᠥᠭᠵᠢᠯᠲᠡ ᠶᠢ ᠲᠡᠳᠬᠦᠨ ᠳᠡᠮᠵᠢᠬᠦ ᠬᠠᠷᠠᠭᠠᠯᠵᠠᠯᠲᠤ ᠪᠤᠳᠤᠯᠭ᠎ᠠ    ︵ᠨᠢᠭᠡ︶᠂ ᠠᠷᠠᠳ ᠠᠴᠠ ᠡᠷᠬᠢᠯᠡᠭᠰᠡᠨ ᠬᠡᠦᠬᠡᠳ ᠤᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠬᠡᠷᠡᠭᠲᠡᠶ᠃ ᠠᠷᠠᠳ ᠠᠴᠠ ᠡᠷᠬᠢᠯᠡᠭᠰᠡᠨ ᠬᠡᠦᠬᠡᠳ ᠤᠨ ᠰᠤᠷᠭᠠᠨ ᠬᠥᠮᠦᠵᠢᠯ ᠤᠨ ᠠᠵᠢᠯ ᠦᠢᠯᠡᠰ ᠤᠨ ᠬᠥᠭᠵᠢᠯᠲᠡ ᠶᠢ ᠳᠡᠳᠬᠦᠨ ᠲᠡᠮᠵᠢᠵᠤ᠂ ᠳᠡᠬᠦᠨ ᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠤᠷᠤᠭᠤᠯᠤᠨ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠨᠠᠶᠢᠳᠡ ᠶᠢᠨ ᠬᠢᠨ ᠢ ᠦᠷᠭᠡᠨ ᠳᠡᠯᠭᠡᠷ ᠢᠶᠠᠷ ᠤᠷᠤᠯᠴᠠᠭᠤᠯᠵᠦ᠂ ᠠᠯᠪᠠᠨ ᠤ ᠪᠠ ᠠᠷᠠᠳ ᠠᠴᠠ ᠡᠷᠬᠢᠯᠡᠬᠦ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠵᠦ᠂ ᠠᠷᠠᠳ ᠠᠴᠠ ᠡᠷᠬᠢᠯᠡᠭᠰᠡᠨ ᠬᠡᠦᠬᠡᠳ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠨᠢᠭᠡᠳᠦᠯᠳᠡᠢ ᠲᠥᠯᠥᠪᠯᠡᠨ ᠲᠣᠬᠢᠷᠠᠭᠤᠯᠵᠤ᠂ ᠵᠦᠢ ᠵᠣᠬᠢᠰᠲᠠᠶ ᠪᠠᠶᠢᠷᠢᠯᠠᠭᠤᠯᠬᠤ᠂ ᠵᠣᠷᠢᠭᠵᠢᠭᠤᠯᠬᠤ᠂ ᠳᠡᠮᠵᠢᠬᠦ ᠪᠠ ᠬᠥᠲᠥᠯᠥᠨ ᠵᠢᠯᠤᠭᠠᠳᠤᠨ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠷᠢᠮᠵᠢᠶᠠᠴᠢᠯᠠᠯᠳᠠ ᠬᠢᠭᠡᠳ ᠳᠡᠳᠬᠦᠯᠳᠡ ᠶᠢ ᠴᠢᠩᠭᠠᠳᠬᠠᠵᠤ᠂ ︽ᠠᠯᠪᠠᠨ ᠤ ᠰᠤᠷᠭᠠᠭᠤᠯᠢ ᠡᠷᠬᠢᠯᠡᠬᠦ ᠪᠠᠷ ᠭᠤᠣᠯ ᠴᠣᠭᠴᠠ ᠪᠣᠯᠭᠠᠨ᠂ ᠠᠯᠪᠠᠨ ᠪᠠ ᠠᠷᠠᠳ ᠠᠴᠠ ᠡᠷᠬᠢᠯᠡᠬᠦ ᠰᠤᠷᠭᠠᠨ ᠬᠥᠮᠦᠵᠢᠯ ᠬᠠᠮᠳᠤ ᠪᠠᠷ ᠬᠦᠭᠵᠢᠬᠦᠯᠬᠦ︾ ᠪᠠᠶᠢᠷᠢᠰᠢᠯ ᠳᠤᠭᠳᠠᠴᠠ ᠢ ᠠᠯᠬᠤᠮ ᠠᠯᠬᠤᠮ ᠪᠤᠢ ᠪᠣᠯᠭᠠᠬᠤ ᠬᠡᠷᠡᠭᠲᠡᠶ᠃     ︵ᠬᠤᠶᠠᠷ︶᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠭᠠᠵᠠᠷ ᠬᠡᠷᠡᠭᠯᠡᠬᠦ ᠳᠤ ᠪᠤᠳᠤᠯᠭ᠎ᠠ ᠎ ᠶᠢᠨ ᠴᠢᠨᠠᠷᠳᠠᠢ ᠬᠠᠷᠭᠠᠯᠵᠠᠯᠠᠯ ᠦᠵᠡᠭᠦᠯᠬᠦ ᠬᠡᠷᠡᠭᠲᠡᠶ᠃ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠷᠠᠭᠠᠯᠵᠠᠯ ᠤᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠠᠷᠠᠳ ᠠᠴᠠ ᠡᠷᠬᠢᠯᠡᠭᠰᠡᠨ ᠬᠡᠦᠬᠡᠳ ᠎ ᠤᠨ ᠴᠡᠴᠡᠷᠯᠢᠭ ᠤᠨ ᠭᠠᠵᠠᠷ ᠰᠢᠷᠣᠶ ᠠᠰᠢᠭᠯᠠᠬᠤ ᠳᠦᠯᠦᠪᠵᠢᠬᠦᠯᠭᠡ ᠨᠢ ᠶᠡᠷᠦᠩᠬᠡᠶ ᠲᠥᠯᠥᠪᠵᠢᠭᠦᠯᠭᠡ ᠪᠣᠯᠤᠨ ᠬᠤᠲᠠ ᠪᠠᠯᠭᠠᠰᠤ ᠶᠢᠨ ᠲᠥᠯᠥᠪᠵᠢᠭᠦᠯᠭᠡ ᠳᠤ ᠨᠡᠶᠢᠴᠡᠭᠰᠡᠨ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠶᠣᠰᠣᠭᠠᠷ ᠭᠠᠵᠠᠷ ᠬᠡᠷᠡᠭᠯᠡᠬᠦ ᠭᠦᠢᠴᠡᠳᠬᠡᠬᠦ ᠲᠤᠭ᠎ᠠ ᠶᠢ ᠨᠢ ᠡᠩ ᠲᠡᠷᠢᠭᠦᠨ ᠳᠤ ᠳᠤᠬᠢᠷᠠᠭᠤᠯᠤᠨ ᠦᠭᠴᠦ᠂ ᠬᠤᠪᠢᠶᠠᠨ ᠥᠭᠬᠦ ᠪᠤᠶᠤ ᠡᠯᠰᠡᠨ ᠠᠪᠴᠤ ᠫᠠᠶᠢᠰᠠ ᠡᠯᠭᠦᠬᠦ ᠵᠡᠷᠭᠡ ᠬᠡᠯᠪᠡᠷᠢ ᠪᠠᠷ ᠭᠠᠵᠠᠷ ᠰᠢᠷᠣᠶ ᠶᠢᠨ ᠭᠠᠷ ᠭᠦᠢᠴᠡᠳᠬᠡᠯ ᠢ ᠬᠢᠨ᠎ᠡ᠃  ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠵᠢᠭᠠᠨ ᠰᠤᠷᠭᠠᠯᠲᠠ ᠳᠤ ᠬᠡᠷᠡᠭᠯᠡᠬᠦ ᠭᠡᠷ ᠪᠠᠶᠢᠰᠢᠩ ᠵᠢᠴᠢ ᠲᠡᠭᠦᠨ ᠤ ᠢᠵᠢ ᠳᠠᠭᠠᠯᠳᠤᠪᠤᠷᠢ ᠪᠠᠷᠢᠯᠭ᠎ᠠ ᠶᠢᠨ ᠭᠠᠵᠠᠷ ᠳᠠᠯᠠᠪᠠᠢ ᠶᠢ ᠲᠠᠲᠠᠪᠤᠷᠢᠯᠠᠬᠤ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ ᠰᠦᠢᠳᠬᠡᠯ ᠤᠨ ᠬᠠᠷᠠᠭᠠᠯᠵᠠᠯᠳᠤ  ᠪᠤᠳᠤᠯᠭ᠎ᠠ ᠬᠦᠷᠳᠡᠭᠡᠨ᠎ᠡ᠃     ︵ᠭᠤᠷᠪᠠ︶᠂ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ ᠤᠨ ᠤᠰᠤ ᠴᠠᠬᠢᠯᠭᠠᠨ ᠤ ᠰᠦᠢᠳᠭᠡᠯ ᠳᠤ ᠬᠠᠷᠭᠠᠯᠵᠠᠯ ᠦᠵᠡᠬᠦᠯᠬᠦ᠃ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ ᠤᠨ ᠳᠤᠯᠠᠭᠠᠯᠭ᠎ᠠ᠂ ᠤᠰᠤ᠂ ᠴᠠᠬᠢᠯᠭᠠᠨ ᠤ ᠰᠦᠢᠳᠭᠡᠯ ᠳᠤ ᠬᠠᠷᠭᠠᠯᠵᠠᠯ ᠦᠵᠡᠬᠦᠯᠬᠦ ᠪᠤᠳᠤᠯᠭ᠎ᠠ ᠶᠢᠨ ᠳᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠦ᠂ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ ᠤᠨ ᠤᠰᠤ ᠴᠠᠬᠢᠯᠭᠠᠨ ᠤ ᠰᠦᠢᠳᠭᠡᠯ ᠢ ᠰᠤᠷᠭᠠᠨ ᠬᠦᠮᠦᠵᠢᠯ ᠤᠨ ᠠᠵᠢᠯ ᠤᠨ ᠵᠦᠢᠯᠡᠰ ᠤᠨ ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠬᠤᠷᠢᠶᠠᠨ᠎ᠠ᠃     ︵ᠳᠦᠷᠪᠡ︶᠂ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ ᠲᠤ ᠪᠤᠯᠪᠠᠰᠤᠷᠠᠯ ᠤᠨ ᠠᠵᠢᠯ ᠳᠤᠬᠢᠷᠠᠭᠤᠯᠬᠤ᠃ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ  ᠎ ᠤᠨ ᠡᠷᠬᠢᠯᠡᠭᠴᠢ᠂ ᠴᠡᠴᠡᠷᠯᠡᠭ ᠤᠨ ᠳᠠᠷᠤᠭ᠎ᠠ ᠬᠢᠭᠡᠳ ᠪᠠᠭᠰᠢ ᠨᠠᠷ ᠤᠨ ᠪᠤᠯᠪᠠᠰᠤᠷᠠᠯ ᠤᠨ ᠬᠦᠴᠦᠯᠡᠴᠡ ᠪᠠᠨ ᠴᠢᠩᠭᠠᠳᠬᠠᠵᠦ᠂ ᠳᠡᠬᠦᠨ ᠢ ᠪᠦᠬᠦ ᠬᠤᠰᠢᠭᠤᠨ ᠤ ᠪᠤᠯᠪᠠᠰᠤᠷᠠᠯ ᠤᠨ ᠰᠢᠰᠲ᠋ᠧᠮ ᠳᠤ ᠤᠷᠤᠭᠤᠯᠵᠦ᠂ ᠦᠨᠡᠨ ᠪᠤᠳᠠᠳᠠᠢ ᠪᠠᠷ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ  ᠎ ᠤᠨ ᠡᠷᠬᠢᠯᠡᠭᠴᠢ ᠶᠢᠨ ᠬᠡᠪ ᠴᠢᠨᠠᠷ ᠬᠢᠭᠡᠳ ᠴᠡᠴᠡᠷᠯᠡᠭ ᠤᠨ ᠳᠠᠷᠤᠭ᠎ᠠ᠂ ᠪᠠᠭᠰᠢ ᠨᠠᠷ ᠤᠨ ᠳᠤᠰᠬᠠᠢ ᠮᠡᠷᠭᠡᠵᠢᠯ ᠤᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃     ᠬᠤᠶᠠᠷ᠂ ᠠᠷᠠᠳ ᠠᠴᠠ ᠡᠷᠬᠢᠯᠡᠬᠦ ᠬᠡᠤᠬᠡᠳ ᠤᠨ ᠴᠡᠴᠡᠷᠯᠡᠭ  ᠎ ᠤᠨ ᠰᠤᠷᠭᠠᠭᠤᠯᠢ ᠡᠷᠬᠢᠯᠡᠬᠦ ᠠᠷᠭ᠎ᠠ ᠮᠠᠶ᠋ᠢᠭ ᠤᠨ ᠳᠠᠯ᠎ᠠ ᠪᠠᠷ ᠳᠡᠳᠬᠦᠬᠦ ᠠᠷᠠᠳ ᠤᠨ ᠪᠡᠯᠡ ᠤᠷᠤᠭᠤᠯᠤᠭᠰᠠᠨ ᠰᠤᠷᠭᠠᠭᠤᠯᠢ ᠡᠷᠬᠢᠯᠡᠬᠦ ᠪᠡᠶᠡᠴᠢ ᠴᠣᠭᠴᠠ ᠶᠢ ᠢᠳᠡᠪᠬᠢᠳᠡᠢ ᠳᠡᠮᠵᠢᠵᠦ᠂ ᠨᠠᠶᠢᠳᠠᠨ ᠬᠠᠮᠢᠶᠠᠷᠤᠭᠤᠯᠬᠤ᠂ ᠪᠡᠯᠡ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠦ ᠰᠤᠷᠭᠠᠭᠤᠯᠢ ᠡᠷᠬᠢᠯᠡᠬᠦ᠂ ᠥᠮᠴᠢᠯᠡᠬᠦ ᠡᠷᠬᠡ ᠶᠢᠨ ᠪᠦᠲᠦᠴᠡ ᠪᠠ ᠰᠤᠷᠭᠠᠭᠤᠯᠢ ᠡᠷᠬᠢᠯᠡᠬᠦ ᠬᠡᠯᠪᠡᠷᠢ ᠶᠢᠨ ᠤᠯᠡᠨ ᠶᠠᠩᠵᠦᠴᠢᠯᠠᠬᠤ ᠶᠢ ᠪᠡᠶᠡᠯᠡᠬᠦᠯᠦᠨ᠎ᠡ᠃     ︵ᠨᠢᠭᠡ︶᠂ ᠪᠡᠶ᠎ᠡ ᠪᠠᠨ ᠳᠠᠭᠠᠭᠠᠵᠦ ᠰᠤᠷᠭᠠᠭᠤᠯᠢ ᠡᠷᠬᠢᠯᠡᠬᠦ᠃ ᠬᠡᠤᠬᠡᠳ ᠤᠨ ᠴᠡᠴᠡᠷᠯᠡᠭ ᠢ ᠪᠦᠷᠢᠮᠰᠦᠨ ᠬᠤᠪᠢ ᠬᠦᠮᠦᠨ ᠤ ᠪᠤᠶᠤ ᠨᠡᠶᠢᠭᠡᠮ ᠤᠨ ᠬᠦᠴᠦᠨ ᠤ ᠪᠡᠯᠡ ᠤᠷᠤᠭᠤᠯᠤᠯᠳᠠ ᠪᠠᠷ ᠪᠠᠶᠢᠭᠤᠯᠵᠦ᠂ ᠰᠤᠷᠭᠠᠭᠤᠯᠢ ᠡᠷᠬᠢᠯᠡᠭᠴᠢ ᠬᠢᠭᠡᠳ ᠰᠤᠷᠭᠠᠨ ᠬᠦᠮᠦᠵᠢᠯ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠴᠡᠴᠡᠷᠯᠡᠭ ᠤᠨ ᠳᠠᠷᠤᠭ᠎ᠠ ᠳᠤᠮᠢᠯᠠᠵᠦ ᠬᠠᠮᠳᠤᠷᠠᠨ ᠬᠠᠮᠢᠶᠠᠷᠦᠨ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢ ᠬᠦᠯᠢᠶᠡᠨ᠎ᠡ᠃1᠂ ᠬᠡᠤᠬᠡᠳ ᠤᠨ ᠴᠡᠴᠡᠷᠯᠡᠭ ᠢ ᠬᠤᠪᠢ ᠬᠦᠮᠦᠨ ᠪᠤᠶᠤ ᠨᠡᠶᠢᠭᠡᠮ ᠤᠨ ᠬᠦᠴᠦᠨ ᠠᠴᠠ ᠪᠡᠯᠡ ᠤᠷᠤᠭᠤᠯᠤᠨ ᠪᠠᠶᠢᠭᠤᠯᠵᠦ᠂ ᠬᠠᠮᠢᠶ᠎ᠠ ᠪᠦᠬᠦᠢ ᠱᠠᠭᠠᠷᠳᠠᠯᠭ᠎ᠠ ᠳᠦᠷᠢᠮ ᠳᠤ ᠨᠠᠶᠢᠴᠡᠭᠰᠡᠨ ᠬᠢᠷᠢ ᠬᠡᠮ ᠪᠠᠶᠢᠬᠤ ᠶᠢ ᠱᠠᠭᠠᠷᠳᠠᠵᠦ᠂ ᠰᠤᠷᠭᠠᠨ ᠬᠦᠮᠦᠵᠢᠯ ᠤᠨ ᠳᠤᠪᠴᠢᠶᠠᠨ ᠤ ᠬᠢᠨᠠᠨ ᠵᠦᠪᠰᠢᠶᠡᠷᠡᠯᠳᠡ ᠪᠠᠷ ᠳᠠᠩᠰᠠᠯᠠᠵᠦ᠂ ᠰᠤᠷᠭᠠᠨ ᠬᠦᠮᠦᠵᠢᠯ ᠤᠨ ᠳᠤᠪᠴᠢᠶᠠᠨ ᠠᠴᠠ ᠴᠡᠴᠡᠷᠯᠡᠭ ᠤᠨ ᠳᠠᠷᠤᠭ᠎ᠠ ᠳᠤᠮᠢᠯᠠᠨ ᠬᠠᠮᠳᠤ ᠪᠠᠷ ᠬᠠᠮᠢᠶᠠᠷᠤᠨ᠎ᠠ᠃2᠂ ᠠᠯᠳᠠᠨᠰᠢᠷᠡᠭᠡ ᠪᠠᠯᠭᠠᠰᠤᠨ ᠤ ᠳᠦᠪ ᠲᠤ ᠬᠡᠤᠬᠡᠳ ᠤᠨ ᠴᠡᠴᠡᠷᠯᠡᠭ ᠪᠠᠶᠢᠭᠤᠯᠵᠦ᠂ ᠪᠤᠳᠠᠳᠠᠢ ᠪᠠᠷᠢᠯᠭ᠎ᠠ ᠶᠢᠨ ᠳᠠᠯᠠᠪᠠᠢ ᠪᠠᠷ ᠳᠡᠭᠰᠢ ᠳᠦᠷᠪᠡᠯᠵᠢᠨ ᠮᠧᠲᠷ ᠪᠦᠷᠢ ᠳᠤ 600 ᠳᠦᠬᠦᠷᠢᠭ ᠤᠨ ᠨᠦᠬᠦᠪᠦᠷᠢ ᠦᠭᠴᠦ᠂ ᠴᠡᠴᠡᠷᠯᠡᠭ ᠪᠦᠷᠢ ᠬᠠᠮᠤᠭ ᠦᠨᠳᠦᠷ ᠲᠤ ᠪᠠᠨ 360 ᠳᠦᠮᠡᠨ ᠳᠦᠭᠦᠷᠢᠭ ᠠᠴᠠ ᠢᠯᠡᠬᠦᠦ ᠬᠡᠳᠦᠷᠢᠬᠦ ᠦᠭᠡᠢ ᠪᠠᠶᠢᠬᠤ ᠬᠡᠷᠡᠭᠳᠡᠢ︔ ᠠᠯᠳᠠᠨᠰᠢᠷᠡᠭᠡ ᠪᠠᠯᠭᠠᠰᠤᠨ ᠤ ᠳᠦᠪ ᠠᠴᠠ ᠪᠤᠰᠤᠳ ᠭᠠᠵᠠᠷ ᠵᠢᠴᠢ ᠤᠨᠳᠤᠤ ᠭᠠᠵᠠᠷ ᠴᠡᠴᠡᠷᠯᠡᠭ ᠪᠠᠶᠢᠭᠤᠯᠪᠠᠯ᠂ ᠪᠤᠳᠠᠳᠠᠢ ᠪᠠᠷᠢᠯᠭ᠎ᠠ ᠶᠢᠨ ᠳᠠᠯᠠᠪᠠᠢ ᠪᠠᠷ ᠳᠡᠭᠰᠢ ᠳᠦᠷᠪᠡᠯᠵᠢᠨ ᠮᠧᠲᠷ ᠪᠦᠷᠢ ᠳᠤ 400 ᠳᠦᠬᠦᠷᠢᠭ ᠤᠨ ᠨᠦᠬᠦᠪᠦᠷᠢ ᠦᠭᠴᠦ᠂ ᠴᠡᠴᠡᠷᠯᠡᠭ ᠪᠦᠷᠢ ᠬᠠᠮᠤᠭ ᠦᠨᠳᠦᠷ ᠲᠤ ᠪᠠᠨ 200 ᠳᠦᠮᠡᠨ ᠳᠦᠭᠦᠷᠢᠭ ᠠᠴᠠ ᠢᠯᠡᠬᠦᠦ ᠬᠡᠳᠦᠷᠢᠬᠦ ᠦᠭᠡᠢ ᠪᠠᠶᠢᠬᠤ ᠬᠡᠷᠡᠭᠳᠡᠢ᠃ ᠳᠡᠭᠡᠳᠦ ᠱᠠᠳᠤᠨ ᠤ ᠬᠠᠮᠢᠶ᠎ᠠ ᠪᠦᠬᠦᠢ ᠪᠤᠳᠤᠯᠭ᠎ᠠ ᠶᠢᠨ ᠶᠤᠰᠤᠭᠠᠷ ᠨᠦᠬᠦᠪᠦᠷᠢ ᠶᠢ ᠡᠷᠡᠮᠵᠢᠯᠡᠵᠦ᠂ ᠳᠤᠰᠬᠠᠢ ᠪᠡᠯᠡ ᠮᠦᠩᠭᠦ ᠶᠢ ᠪᠦᠷᠢᠨ ᠢᠶᠠᠷ ᠪᠠᠭᠤᠯᠭᠠᠵᠦ ᠦᠭᠬᠦᠨ᠎ᠡ᠃3᠂ ᠡᠯ᠎ᠡ ᠳᠡᠰ ᠤᠨ ᠪᠤᠳᠤᠯᠭ᠎ᠠ ᠶᠢᠨ ᠴᠢᠨᠠᠷᠳᠠᠢ ᠨᠦᠬᠦᠪᠦᠷᠢ ᠬᠠᠷᠭᠠᠯᠵᠠᠯ ᠠᠴᠠ ᠭᠠᠳᠠᠨ᠎ᠠ᠂ ᠵᠢᠭᠠᠨ ᠰᠤᠷᠭᠠᠭᠴᠢ ᠶᠢᠨ ᠴᠠᠯᠢᠩ ᠬᠦᠯᠦᠰᠦ ᠵᠢᠴᠢ ᠬᠠᠮᠢᠶ᠎ᠠ ᠪᠦᠬᠦᠢ ᠵᠠᠷᠤᠳᠠᠯ ᠢ ᠰᠤᠷᠭᠠᠭᠤᠯᠢ ᠡᠷᠬᠢᠯᠡᠭᠴᠢ ᠠᠴᠠ ᠭᠠᠷᠭᠠᠨ᠎ᠠ᠃    ︵ᠬᠤᠶᠠᠷ︶᠂ ᠨᠠᠶᠢᠳᠠᠯᠭ᠎ᠠ ᠪᠠᠷ ᠰᠤᠷᠭᠠᠭᠤᠯᠢ ᠡᠷᠬᠢᠯᠡᠬᠦ᠃ ᠵᠠᠰᠠᠭ ᠤᠨ ᠤᠷᠳᠤᠨ ᠠᠴᠠ ᠪᠡᠯᠡ ᠭᠠᠷᠭᠠᠨ ᠬᠡᠤᠬᠡᠳ ᠤᠨ ᠴᠡᠴᠡᠷᠯᠡᠭ ᠪᠠᠶᠢᠭᠤᠯᠵᠦ᠂ ᠬᠢᠷᠢ ᠬᠡᠮ ᠲᠠᠢ ᠪᠠᠶᠢᠭᠤᠯᠭ᠎ᠠ ᠨᠢᠭᠡᠴᠡ ᠵᠢᠴᠢ ᠬᠤᠪᠢ ᠬᠦᠮᠦᠨ ᠢᠶᠠᠷ ᠰᠤᠷᠭᠠᠭᠤᠯᠢ ᠡᠷᠬᠢᠯᠡᠬᠦᠯᠵᠦ᠂ ᠰᠤᠷᠭᠠᠭᠤᠯᠢ ᠡᠷᠬᠢᠯᠡᠭᠴᠢ ᠬᠢᠭᠡᠳ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠴᠡᠴᠡᠷᠯᠡᠭ ᠤᠨ ᠳᠠᠷᠤᠭ᠎ᠠ ᠳᠤᠮᠢᠯᠠᠨ ᠬᠠᠮᠳᠤ ᠪᠠᠷ ᠬᠠᠮᠢᠶᠠᠷᠦᠨ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢ ᠬᠦᠯᠢᠶᠡᠨ᠎ᠡ᠃1᠂ ᠴᠡᠴᠡᠷᠯᠡᠭ ᠪᠠᠶᠢᠭᠤᠯᠬᠤ ᠭᠠᠵᠠᠷ ᠳᠠᠯᠠᠪᠠᠢ ᠬᠤᠳᠠᠯᠳᠤᠨ ᠠᠪᠬᠤ᠃ ᠴᠡᠴᠡᠷᠯᠡᠭ ᠢ ᠵᠠᠰᠠᠭ ᠤᠨ ᠤᠷᠳᠤᠨ ᠠᠴᠠ ᠪᠡᠯᠡ ᠤᠷᠤᠭᠤᠯᠤᠨ ᠪᠠᠶᠢᠭᠤᠯᠵᠦ᠂ ᠬᠢᠷᠢ ᠬᠡᠮ ᠲᠠᠢ ᠪᠠᠶᠢᠭᠤᠯᠭ᠎ᠠ ᠨᠢᠭᠡᠴᠡ ᠵᠢᠴᠢ ᠬᠤᠪᠢ ᠬᠦᠮᠦᠨ ᠢᠶᠠᠷ ᠰᠤᠷᠭᠠᠭᠤᠯᠢ ᠡᠷᠬᠢᠯᠡᠬᠦᠯᠵᠦ᠂ ᠰᠤᠷᠭᠠᠭᠤᠯᠢ ᠡᠷᠬᠢᠯᠡᠭᠴᠢ ᠠᠴᠠ ᠴᠡᠴᠡᠷᠯᠡᠭ ᠤᠨ ᠳᠤᠳᠤᠭᠠᠳᠤ ᠵᠠᠰᠠᠯᠳᠠ ᠴᠢᠮᠡᠭᠯᠡᠯ ᠵᠢᠴᠢ ᠱᠠᠭᠠᠷᠳᠠᠯᠭ᠎ᠠ ᠳᠤ ᠨᠡᠶᠢᠴᠡᠭᠰᠡᠨ ᠪᠠᠷᠢᠮᠵᠢᠶᠠᠴᠢᠯᠠᠭᠰᠠᠨ ᠳᠦᠬᠦᠭᠡᠷᠦᠮᠵᠢ ᠶᠢ ᠬᠤᠳᠠᠯᠳᠤᠨ ᠠᠪᠤᠨ᠎ᠠ᠃ ᠰᠤᠷᠭᠠᠭᠤᠯᠢ ᠡᠷᠬᠢᠯᠡᠭᠴᠢ ᠠᠴᠠ ᠨᠢᠭᠡ ᠯᠡ ᠳᠡᠭᠡᠷ᠎ᠡ ᠮᠦᠩᠭᠦ ᠪᠠᠨ ᠳᠤᠰᠢᠶᠠᠬᠤ ᠪᠤᠶᠤ ᠬᠤᠭᠤᠴᠠᠭ᠎ᠠ ᠬᠤᠪᠢᠶᠠᠷᠯᠠᠨ ᠮᠦᠩᠭᠭᠦ ᠪᠠᠨ ᠳᠤᠰᠢᠶᠠᠵᠦ ᠬᠠᠤᠯᠢ ᠳᠤ ᠳᠤᠭᠳᠠᠭᠰᠠᠨ ᠢᠶᠠᠷ ᠵᠠᠰᠠᠭ ᠤᠨ ᠤᠷᠳᠤᠨ ᠠᠴᠠ ᠴᠡᠴᠡᠷᠯᠡᠭ ᠤᠨ ᠬᠦᠷᠢᠶ᠎ᠡ ᠬᠤᠳᠠᠯᠳᠤᠨ ᠠᠪᠤᠨ᠎ᠠ᠃ ᠨᠢᠭᠡ  ᠯᠡ ᠳᠡᠭᠡᠷ᠎ᠡ ᠮᠦᠩᠭᠦ ᠳᠤᠰᠢᠶᠠᠪᠠᠯ ᠵᠤᠬᠢᠬᠤ ᠬᠠᠷᠢᠴᠠᠯ ᠲᠠᠢ ᠪᠠᠷ ᠬᠠᠷᠭᠠᠯᠵᠢᠯᠠᠯ ᠬᠦᠷᠳᠡᠵᠦ᠂ ᠬᠤᠭᠤᠴᠠᠭ᠎ᠠ ᠬᠤᠪᠢᠶᠠᠷᠯᠠᠨ ᠮᠦᠩᠭᠭᠦ ᠪᠠᠨ ᠳᠤᠰᠢᠶᠠᠪᠠᠯ᠂ 12 ᠠᠩᠭᠢ ᠠᠴᠠ ᠳᠡᠭᠡᠭᠰᠢ ︵12 ᠠᠩᠭᠢ ᠶᠢ ᠪᠠᠭᠳᠠᠭᠠᠨ᠎ᠠ︶ ᠬᠡᠪᠴᠢᠶ᠎ᠡ ᠪᠦᠬᠦᠢ ᠬᠡᠤᠭᠡᠳ ᠤᠨ ᠴᠡᠴᠡᠷᠯᠡᠭ ᠢ ᠪᠠᠶᠢᠭᠤᠯᠪᠠᠯ᠂ ᠨᠠᠶᠢᠳᠠᠯᠭ᠎ᠠ ᠪᠠᠷ ᠰᠤᠷᠭᠠᠭᠤᠯᠢ ᠪᠠᠶᠢᠭᠤᠯᠬᠤ ᠬᠡᠷ᠎ᠡ ᠪᠠᠶᠢᠭᠤᠯᠤᠭᠰᠠᠨ ᠠᠴᠠ ᠬᠤᠶᠢᠰᠢ 12 ᠵᠢᠯ ᠤᠨ ᠳᠤᠳᠤᠷ᠎ᠠ ᠴᠡᠴᠡᠷᠯᠡᠭ ᠬᠤᠳᠠᠯᠳᠤᠨ ᠠᠪᠤᠭᠰᠠᠨ ᠵᠠᠷᠤᠳᠠᠯ ᠢ ᠳᠦᠯᠦᠵᠦ ᠳᠠᠭᠤᠰᠬᠠᠬᠤ ᠬᠡᠷᠡᠭᠳᠡᠢ᠂ 12 ᠠᠩᠭᠢ ᠠᠴᠠ ᠳᠤᠷᠤᠭᠰᠢ ᠬᠡᠪᠴᠢᠶ᠎ᠡ ᠪᠦᠬᠦᠢ ᠬᠡᠤᠭᠡᠳ ᠤᠨ ᠴᠡᠴᠡᠷᠯᠡᠭ ᠢ ᠪᠠᠶᠢᠭᠤᠯᠪᠠᠯ᠂ ᠨᠠᠶᠢᠳᠠᠯᠭ᠎ᠠ ᠪᠠᠷ ᠰᠤᠷᠭᠠᠭᠤᠯᠢ ᠪᠠᠶᠢᠭᠤᠯᠬᠤ ᠬᠡᠷ᠎ᠡ ᠪᠠᠶᠢᠭᠤᠯᠤᠭᠰᠠᠨ ᠠᠴᠠ ᠬᠤᠶᠢᠰᠢ 12 ᠵᠢᠯ ᠤᠨ ᠳᠤᠳᠤᠷ᠎ᠠ ᠴᠡᠴᠡᠷᠯᠡᠭ ᠬᠤᠳᠠᠯᠳᠤᠨ ᠠᠪᠤᠭᠰᠠᠨ ᠵᠠᠷᠤᠳᠠᠯ ᠢ ᠳᠦᠯᠦᠵᠦ ᠳᠠᠭᠤᠰᠬᠠᠬᠤ ᠬᠡᠷᠡᠭᠳᠡᠢ᠃ ᠬᠡᠷᠪᠡ ᠤᠨᠴᠠᠭᠠᠢ ᠪᠠᠶᠢᠳᠠᠯ ᠢᠶᠠᠷ ᠤᠷᠢᠳᠴᠢᠯᠠᠨ ᠰᠤᠷᠭᠠᠭᠤᠯᠢ ᠡᠷᠬᠢᠯᠡᠬᠦ ᠪᠠᠨ ᠵᠤᠭᠰᠤᠪᠠᠯ᠂ ᠬᠡᠷ᠎ᠡ ᠳᠠᠭᠤᠰᠬᠤ ᠠᠴᠠ ᠡᠮᠦᠨ᠎ᠡ ᠡᠷᠬᠡᠪᠰᠢ ᠨᠢᠭᠡ ᠯᠡ ᠳᠡᠭᠡᠷ᠎ᠡ ᠴᠡᠴᠡᠷᠯᠡᠭ ᠬᠤᠳᠠᠯᠳᠤᠨ ᠠᠪᠤᠭᠰᠠᠨ ᠵᠠᠷᠤᠳᠠᠯ ᠢ ᠪᠦᠬᠦᠨ ᠢᠶᠠᠷ ᠨᠢ ᠳᠦᠯᠦᠵᠦ ᠳᠠᠭᠤᠰᠬᠤ ᠬᠡᠷᠡᠭᠳᠡᠢ᠃ ᠴᠡᠴᠡᠷᠯᠡᠭ ᠬᠤᠳᠠᠯᠳᠤᠨ ᠠᠪᠤᠭᠰᠠᠨ ᠵᠠᠷᠤᠳᠠᠯ ᠢ ᠳᠦᠯᠦᠵᠦ ᠳᠠᠭᠤᠰᠤᠭᠰᠠᠨ ᠳᠠᠷᠠᠭ᠎ᠠ᠂ ᠦᠮᠴᠢᠯᠡᠬᠦ ᠡᠷᠭᠡ ᠶᠢ ᠨᠢ ᠰᠤᠷᠭᠠᠭᠤᠯᠢ ᠡᠷᠬᠢᠯᠡᠭᠴᠢ ᠳᠤ ᠰᠢᠯᠵᠢᠬᠦᠯᠦᠨ᠎ᠡ᠂ ᠬᠡᠬᠦ ᠳᠤ ᠪᠠᠨ ᠨᠠᠰᠤᠨ ᠳᠤᠷᠰᠢᠳᠠ ᠴᠡᠴᠡᠷᠯᠡᠭ ᠤᠨ ᠬᠡᠷᠡᠭᠯᠡᠯᠳᠡ ᠶᠢᠨ ᠰᠢᠨᠵᠢ ᠴᠢᠨᠠᠷ ᠢ ᠦᠭᠡᠷᠡᠴᠢᠯᠡᠵᠦ ᠪᠤᠯᠬᠤ ᠦᠭᠡᠢ᠃ ᠵᠢᠭᠠᠨ ᠰᠤᠷᠭᠠᠭᠴᠢ ᠶᠢ ᠰᠤᠷᠭᠠᠭᠤᠯᠢ ᠡᠷᠬᠢᠯᠡᠭᠴᠢ ᠠᠴᠠ ᠦᠪᠡᠷᠳᠡᠭᠡᠨ ᠰᠤᠩᠭᠤᠨ ᠬᠡᠷᠡᠭᠯᠡᠵᠦ᠂ ᠡᠯ᠎ᠡ ᠵᠦᠢᠯ ᠤᠨ ᠪᠤᠳᠤᠯᠭ᠎ᠠ ᠶᠢᠨ ᠴᠢᠨᠠᠷᠳᠠᠢ ᠨᠦᠬᠦᠪᠦᠷᠢ ᠬᠠᠷᠭᠠᠯᠵᠢᠯᠠᠯ ᠠᠴᠠ ᠭᠠᠳᠠᠨ᠎ᠠ᠂ ᠡᠯ᠎ᠡ ᠵᠦᠢᠯ ᠤᠨ ᠰᠤᠷᠭᠠᠭᠤᠯᠢ ᠶᠢᠨ ᠵᠠᠷᠤᠳᠠᠯ᠂ ᠴᠠᠯᠢᠩ ᠬᠦᠯᠦᠰᠦ ᠮᠡᠳᠦ ᠶᠢᠨ ᠪᠤᠰᠤᠳ ᠵᠠᠷᠤᠳᠠᠯ ᠢ ᠴᠦᠮ ᠰᠤᠷᠭᠠᠭᠤᠯᠢ ᠡᠷᠬᠢᠯᠡᠭᠴᠢ ᠠᠴᠠ ᠬᠠᠷᠢᠭᠤᠴᠠᠨ᠎ᠠ᠃2᠂ ᠴᠡᠴᠡᠷᠯᠡᠭ ᠤᠨ ᠭᠠᠵᠠᠷ ᠢ ᠳᠦᠷᠢᠶᠡᠰᠦᠯᠡᠬᠦ᠃ ᠵᠠᠰᠠᠭ ᠤᠨ ᠭᠠᠵᠠᠷ ᠠᠴᠠ ᠴᠡᠴᠡᠷᠯᠡᠭ ᠢ ᠪᠠᠶᠢᠭᠤᠯᠵᠦ᠂ ᠬᠢᠷᠢ ᠬᠡᠮ ᠲᠠᠢ ᠪᠠᠶᠢᠭᠤᠯᠭ᠎ᠠ ᠨᠢᠭᠡᠴᠡ ᠵᠢᠴᠢ ᠬᠤᠪᠢ ᠬᠦᠮᠦᠨ ᠢᠶᠠᠷ ᠰᠤᠷᠭᠠᠭᠤᠯᠢ ᠡᠷᠬᠢᠯᠡᠬᠦᠯᠵᠦ᠂ ᠰᠤᠷᠭᠠᠭᠤᠯᠢ ᠡᠷᠬᠢᠯᠡᠭᠴᠢ ᠵᠠᠰᠠᠭ ᠤᠨ ᠭᠠᠵᠠᠷ ᠠᠴᠠ ᠴᠡᠴᠡᠷᠯᠡᠭ ᠤᠨ ᠭᠠᠵᠠᠷ ᠢ ᠳᠦᠷᠢᠶᠡᠰᠦᠯᠡᠨ᠂ ᠳᠦᠷᠢᠶᠡᠰᠦᠨ ᠬᠤᠭᠤᠴᠠᠭ᠎ᠠ ᠨᠢ 10 ᠵᠢᠯ᠂ ᠰᠤᠷᠭᠠᠭᠤᠯᠢ ᠡᠷᠬᠢᠯᠡᠭᠴᠢ ᠠᠴᠠ ᠴᠡᠴᠡᠷᠯᠡᠭ ᠤᠨ ᠳᠤᠳᠤᠭᠠᠳᠤ ᠵᠠᠰᠠᠯᠳᠠ ᠴᠢᠮᠡᠭᠯᠡᠯ ᠵᠢᠴᠢ ᠱᠠᠭᠠᠷᠳᠠᠯᠭ᠎ᠠ ᠎ ᠳᠤ ᠨᠡᠶᠢᠴᠡᠭᠰᠡᠨ ᠪᠠᠷᠢᠮᠵᠢᠶᠠᠴᠢᠯᠠᠭᠰᠠᠨ ᠳᠦᠬᠦᠭᠡᠷᠦᠮᠵᠢ ᠶᠢ ᠬᠤᠳᠠᠯᠳᠤᠨ ᠠᠪᠤᠨ᠎ᠠ ︵ᠳᠤᠳᠤᠭᠠᠳᠤ ᠵᠠᠰᠠᠯᠳᠠ ᠴᠢᠮᠡᠭᠯᠡᠯ ᠵᠢᠴᠢ ᠳᠦᠭᠦᠭᠡᠷᠦᠮᠵᠢ ᠶᠢᠨ ᠵᠠᠷᠤᠳᠠᠯ ᠢ ᠳᠦᠷᠢᠶᠡᠰᠦᠨ ᠳᠤ ᠪᠤᠳᠤᠵᠦ ᠪᠤᠯᠤᠨ᠎ᠠ︶᠃ 12 ᠠᠩᠭᠢ ᠠᠴᠠ ᠳᠡᠭᠡᠭᠰᠢ ︵12 ᠠᠩᠭᠢ ᠶᠢ ᠪᠠᠭᠳᠠᠭᠠᠨ᠎ᠠ︶ ᠬᠡᠪᠴᠢᠶ᠎ᠡ ᠪᠦᠬᠦᠢ ᠬᠡᠤᠭᠡᠳ ᠤᠨ ᠴᠡᠴᠡᠷᠯᠡᠭ ᠨᠢ ᠵᠢᠯ ᠪᠦᠷᠢ ᠵᠠᠰᠠᠭ ᠤᠨ ᠤᠷᠳᠦᠨ ᠎ ᠳᠤ 30-50 ᠳᠦᠮᠡᠨ ᠳᠦᠭᠦᠷᠢᠭ ᠤᠨ ᠳᠦᠷᠢᠶᠡᠰᠦᠨ ᠮᠦᠩᠭᠦ ᠳᠤᠰᠢᠶᠠᠨ᠂ 12 ᠠᠩᠭᠢ ᠠᠴᠠ ᠳᠤᠷᠤᠭᠰᠢ ᠬᠡᠪᠴᠢᠶ᠎ᠡ ᠪᠦᠬᠦᠢ ᠬᠡᠤᠭᠡᠳ ᠤᠨ ᠴᠡᠴᠡᠷᠯᠡᠭ ᠨᠢ ᠵᠢᠯ ᠪᠦᠷᠢ ᠵᠠᠰᠠᠭ ᠤᠨ ᠤᠷᠳᠦᠨ ᠳᠤ 20- 40 ᠳᠦᠮᠡᠨ ᠳᠦᠭᠦᠷᠢᠭ ᠤᠨ ᠳᠦᠷᠢᠶᠡᠰᠦᠨ ᠮᠦᠩᠭᠦ ᠳᠤᠰᠢᠶᠠᠨ᠎ᠠ᠃ ᠵᠢᠭᠠᠨ ᠰᠤᠷᠭᠠᠭᠴᠢ ᠶᠢ ᠰᠤᠷᠭᠠᠭᠤᠯᠢ ᠡᠷᠬᠢᠯᠡᠭᠴᠢ ᠠᠴᠠ ᠦᠪᠡᠷᠳᠡᠭᠡᠨ ᠰᠤᠩᠭᠤᠨ ᠬᠡᠷᠡᠭᠯᠡᠵᠦ᠂ ᠡᠯ᠎ᠡ ᠪᠤᠳᠤᠯᠭ᠎ᠠ ᠶᠢᠨ ᠴᠢᠨᠠᠷᠳᠠᠢ ᠨᠦᠬᠦᠪᠦᠷᠢ ᠬᠠᠷᠭᠠᠯᠵᠢᠯᠠᠯ ᠠᠴᠠ ᠭᠠᠳᠠᠨ᠎ᠠ᠂ ᠡᠯ᠎ᠡ ᠵᠦᠢᠯ ᠤᠨ ᠰᠤᠷᠭᠠᠭᠤᠯᠢ ᠶᠢᠨ ᠵᠠᠷᠤᠳᠠᠯ᠂ ᠴᠠᠯᠢᠩ ᠬᠦᠯᠦᠰᠦ ᠮᠡᠳᠦ ᠶᠢᠨ ᠪᠤᠰᠤᠳ ᠵᠠᠷᠤᠳᠠᠯ ᠢ ᠴᠦᠮ ᠰᠤᠷᠭᠠᠭᠤᠯᠢ ᠡᠷᠬᠢᠯᠡᠭᠴᠢ ᠠᠴᠠ ᠬᠠᠷᠢᠭᠤᠴᠠᠨ᠎ᠠ᠃3᠂ ᠡᠯ᠎ᠡ ᠳᠡᠰ ᠤᠨ ᠪᠤᠳᠤᠯᠭ᠎ᠠ ᠶᠢᠨ ᠴᠢᠨᠠᠷᠳᠠᠢ ᠨᠦᠬᠦᠪᠦᠷᠢ ᠬᠠᠷᠭᠠᠯᠵᠠᠯ ᠠᠴᠠ ᠭᠠᠳᠠᠨ᠎ᠠ᠂ ᠵᠢᠭᠠᠨ ᠰᠤᠷᠭᠠᠭᠴᠢ ᠶᠢᠨ ᠴᠠᠯᠢᠩ ᠬᠦᠯᠦᠰᠦ ᠵᠢᠴᠢ ᠬᠠᠮᠢᠶ᠎ᠠ ᠪᠦᠬᠦᠢ ᠵᠠᠷᠤᠳᠠᠯ ᠢ ᠰᠤᠷᠭᠠᠭᠤᠯᠢ ᠡᠷᠬᠢᠯᠡᠭᠴᠢ ᠠᠴᠠ ᠳᠠᠭᠠᠴᠢᠯᠠᠨ ᠭᠠᠷᠭᠠᠨ᠎ᠠ᠃    ︵ᠭᠤᠷᠪᠠ︶᠂ ᠠᠯᠪᠠᠨ ᠠᠴᠠ ᠪᠦᠳᠦᠭᠡᠨ ᠪᠠᠶᠢᠭᠤᠯᠵᠦ ᠬᠤᠪᠢ ᠠᠴᠠ ᠡᠷᠬᠢᠯᠡᠬᠦ᠃ ᠨᠡᠶᠢᠳᠡᠮ ᠬᠠᠷᠭᠠᠯᠵᠠᠯ ᠤᠨ ᠴᠢᠨᠠᠷᠳᠠᠢ ᠬᠤᠪᠢ ᠠᠴᠠ ᠡᠷᠬᠢᠯᠡᠭᠰᠡᠨ ᠴᠡᠴᠡᠷᠯᠡᠭ ᠤᠨ ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠬᠡᠤᠬᠡᠳ ᠤᠨ ᠴᠡᠴᠡᠷᠯᠡᠭ ᠪᠠᠶᠢᠭᠤᠯᠵᠦ᠂ ᠴᠡᠴᠡᠷᠯᠡᠭ ᠶᠢ ᠵᠠᠰᠠᠭ ᠤᠨ ᠤᠷᠳᠤᠨ ᠠᠴᠠ ᠪᠡᠯᠡ ᠤᠷᠤᠭᠤᠯᠵᠦ ᠪᠠᠶᠢᠭᠤᠯᠤᠨ᠂ ᠬᠤᠰᠢᠭᠤ ᠰᠤᠷᠭᠠᠨ ᠬᠦᠮᠦᠵᠢᠯ ᠤᠨ ᠳᠤᠪᠴᠢᠶᠠᠨ ᠠᠴᠠ ᠴᠡᠴᠡᠷᠯᠡᠭ ᠤᠨ ᠳᠠᠷᠤᠭ᠎ᠠ ᠳᠤᠮᠢᠯᠠᠨ ᠬᠠᠮᠳᠤ ᠪᠠᠷ ᠬᠠᠮᠢᠶᠠᠷᠤᠨ᠂ ᠬᠤᠰᠢᠭᠤ ᠰᠤᠷᠭᠠᠨ ᠬᠦᠮᠦᠵᠢᠯ ᠤᠨ ᠳᠤᠪᠴᠢᠶᠠᠨ ᠤ ᠬᠢᠨᠠᠯᠳᠠ ᠶᠢ ᠬᠦᠯᠢᠶᠡᠨ᠎ᠡ᠃ ᠰᠤᠷᠭᠠᠭᠤᠯᠢ ᠡᠷᠬᠢᠯᠡᠭᠴᠢ ᠠᠴᠠ ᠴᠡᠴᠡᠷᠯᠡᠭ ᠤᠨ ᠳᠤᠳᠤᠭᠠᠳᠤ ᠵᠠᠰᠠᠯᠳᠠ ᠴᠢᠮᠡᠭᠯᠡᠯ ᠵᠢᠴᠢ ᠱᠠᠭᠠᠷᠳᠠᠯᠭ᠎ᠠ ᠳᠤ ᠨᠡᠶᠢᠴᠡᠭᠰᠡᠨ ᠪᠠᠷᠢᠮᠵᠢᠶᠠᠴᠢᠯᠠᠭᠰᠠᠨ ᠳᠦᠬᠦᠭᠡᠷᠦᠮᠵᠢ ᠶᠢ ᠬᠤᠳᠠᠯᠳᠤᠨ ᠠᠪᠴᠦ᠂ ᠰᠤᠷᠭᠠᠭᠤᠯᠢ ᠡᠷᠬᠢᠯᠡᠬᠦ ᠦᠶᠡᠯᠡᠯ ᠨᠢ 10 ᠵᠢᠯ ᠢᠶᠠᠷ ᠪᠤᠳᠤᠨ᠎ᠠ᠃ ᠰᠤᠷᠭᠠᠭᠤᠯᠢ ᠡᠷᠬᠢᠯᠡᠬᠦ ᠬᠤᠭᠤᠴᠠᠭᠠᠨ ᠳᠤ ᠡᠷᠭᠡᠪᠰᠢ ᠨᠡᠶᠢᠳᠡᠮ ᠬᠠᠷᠭᠠᠯᠵᠠᠯ ᠤᠨ ᠴᠢᠨᠠᠷᠳᠠᠢ ᠬᠤᠪᠢ ᠠᠴᠠ ᠡᠷᠬᠢᠯᠡᠭᠰᠡᠨ ᠴᠡᠴᠡᠷᠯᠡᠭ ᠤᠨ ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠰᠦᠢᠳᠭᠡᠯ ᠬᠤᠷᠢᠶᠠᠵᠦ᠂ ᠬᠠᠮᠢᠶ᠎ᠠ ᠪᠦᠬᠦᠢ ᠪᠠᠷᠢᠮᠵᠢᠶᠠᠨ ᠳᠤ ᠬᠦᠷᠦᠭᠰᠡᠨ ᠳᠠᠷᠠᠭ᠎ᠠ ᠡᠩ ᠳᠡᠷᠢᠬᠦᠴᠢᠯᠡᠨ ᠨᠡᠶᠢᠳᠡᠮ ᠬᠠᠷᠭᠠᠯᠵᠠᠯ ᠤᠨ ᠴᠢᠨᠠᠷᠳᠠᠢ ᠬᠤᠪᠢ ᠠᠴᠠ ᠡᠷᠬᠢᠯᠡᠭᠰᠡᠨ ᠴᠡᠴᠡᠷᠯᠡᠭ ᠢᠶᠠᠷ ᠳᠤᠭᠳᠠᠭᠠᠨ᠂ ᠨᠡᠶᠢᠳᠡᠮ ᠬᠠᠷᠭᠠᠯᠵᠠᠯ ᠤᠨ ᠴᠢᠨᠠᠷᠳᠠᠢ ᠬᠤᠪᠢ ᠠᠴᠠ ᠡᠷᠬᠢᠯᠡᠭᠰᠡᠨ ᠴᠡᠴᠡᠷᠯᠡᠭ ᠤᠨ ᠬᠠᠷᠭᠠᠯᠵᠢᠯᠠᠯ ᠪᠤᠳᠤᠯᠭ᠎ᠠ ᠶᠢᠨ ᠪᠠᠳᠤᠯᠭ᠎ᠠ ᠶᠢ ᠬᠦᠷᠳᠡᠭᠡᠨ᠎ᠡ᠃ ᠵᠢᠭᠠᠨ ᠰᠤᠷᠭᠠᠭᠴᠢ ᠶᠢ ᠰᠤᠷᠭᠠᠭᠤᠯᠢ ᠡᠷᠬᠢᠯᠡᠭᠴᠢ ᠦᠪᠡᠷᠳᠡᠭᠡᠨ ᠰᠤᠩᠭᠤᠵᠦ ᠬᠡᠷᠡᠭᠯᠡᠨ᠂ ᠡᠯ᠎ᠡ ᠪᠤᠳᠤᠯᠭ᠎ᠠ ᠶᠢᠨ ᠴᠢᠨᠠᠷᠳᠠᠢ ᠨᠦᠬᠦᠪᠦᠷᠢ ᠬᠠᠷᠭᠠᠯᠵᠢᠯᠠᠯ ᠠᠴᠠ ᠭᠠᠳᠠᠨ᠎ᠠ᠂ ᠡᠯ᠎ᠡ ᠵᠦᠢᠯ ᠤᠨ ᠰᠤᠷᠭᠠᠭᠤᠯᠢ ᠶᠢᠨ ᠵᠠᠷᠤᠳᠠᠯ᠂ ᠴᠠᠯᠢᠩ ᠬᠦᠯᠦᠰᠦ ᠮᠡᠳᠦ ᠶᠢᠨ ᠪᠤᠰᠤᠳ ᠵᠠᠷᠤᠳᠠᠯ ᠢ ᠴᠦᠮ ᠰᠤᠷᠭᠠᠭᠤᠯᠢ ᠡᠷᠬᠢᠯᠡᠭᠴᠢ ᠠᠴᠠ ᠬᠠᠷᠢᠭᠤᠴᠠᠨ᠎ᠠ᠃     ᠭᠤᠷᠪᠠ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠬᠦᠭᠵᠢᠯᠳᠡ ᠶᠢᠨ ᠪᠠᠳᠤᠯᠭᠠᠳᠤ ᠠᠷᠭ᠎ᠠ ᠬᠡᠮᠵᠢᠶ᠎ᠡ     ︵ᠨᠢᠭᠡ︶᠂ ᠡᠳ᠋ ᠤᠨ ᠵᠠᠰᠠᠭ ᠠᠴᠠ ᠳᠡᠳᠬᠦᠭᠰᠡᠨ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠶᠢᠨ ᠬᠦᠭᠵᠢᠯᠳᠡ ᠶᠢᠨ ᠳᠤᠭᠳᠠᠴᠠ ᠶᠢ ᠪᠠᠶᠢᠭᠤᠯᠬᠤ᠃ ᠬᠤᠰᠢᠭᠤ ᠡᠳ᠋ ᠶᠢᠨ ᠵᠠᠰᠠᠭ ᠠᠴᠠ ᠵᠢᠯ ᠪᠦᠷᠢ ᠳᠤᠰ ᠳᠡᠰ ᠤᠨ ᠳᠦᠰᠦᠪ ᠠᠴᠠ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠬᠦᠭᠵᠢᠯᠳᠡ ᠳᠤ ᠳᠡᠳᠬᠦᠬᠦ ᠳᠤᠰᠬᠠᠢ ᠪᠡᠯᠡ ᠮᠦᠩᠭᠦ ᠭᠠᠷᠭᠠᠵᠦ᠂ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠬᠦᠭᠵᠢᠯᠳᠡ ᠶᠢ ᠠᠬᠢᠭᠤᠯᠤᠨ ᠬᠦᠬᠢᠬᠦᠯᠦᠨ᠎ᠡ᠃ ᠳᠤᠰᠬᠠᠢ ᠵᠦᠢᠯ ᠤᠨ ᠪᠡᠯᠡ ᠮᠦᠩᠭᠦ ᠶᠢ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠦᠢᠯᠡᠰ ᠲᠤ ᠭᠠᠷᠮᠠᠭᠠᠢ ᠦᠢᠯᠡᠳᠦᠯ ᠭᠠᠷᠭᠠᠭᠰᠠᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠬᠢᠭᠡᠳ ᠬᠤᠪᠢ ᠬᠦᠮᠦᠨ ᠎ ᠳᠤ ᠬᠦᠬᠢᠬᠦᠯᠬᠦ ᠱᠠᠩᠨᠠᠬᠤ ᠵᠢᠴᠢ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ ᠬᠢᠭᠡᠳ ᠵᠢᠭᠠᠨ ᠰᠤᠷᠭᠠᠯᠳᠠ ᠎ ᠶᠢᠨ ᠠᠵᠢᠯ᠂ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠡᠷᠬᠢᠯᠡᠭᠴᠢ᠂ ᠴᠡᠴᠡᠷᠯᠡᠭ ᠤᠨ ᠳᠠᠷᠤᠭ᠎ᠠ ᠵᠢᠴᠢ ᠪᠠᠭᠰᠢ ᠨᠠᠷ ᠤᠨ ᠪᠤᠯᠪᠠᠰᠤᠷᠠᠯ ᠢ ᠴᠢᠩᠭᠠᠳᠬᠤᠬᠤ᠂ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠲᠤ ᠵᠢᠭᠠᠨ ᠰᠤᠷᠭᠠᠯᠳᠠ ᠬᠢᠭᠡᠳ ᠳᠤᠷᠰᠢᠯᠭ᠎ᠠ ᠰᠤᠯᠢᠯᠴᠠᠭᠠᠨ ᠤ ᠬᠦᠳᠡᠯᠭᠡᠭᠡᠨ ᠦᠷᠨᠢᠬᠦᠯᠬᠦ᠂ ᠠᠷᠠᠳ ᠤᠨ ᠡᠷᠬᠢᠯᠡᠭᠰᠡᠨ ᠬᠡᠤᠭᠡᠳ ᠤᠨ ᠴᠡᠴᠡᠷᠯᠡᠭ ᠤᠨ ᠳᠡᠰ ᠳᠠᠪᠰᠢᠯᠳᠠ ᠵᠢᠴᠢ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦᠯᠦᠨ ᠵᠤᠷᠢᠭᠤᠯᠤᠨ᠎ᠠ᠃ ᠳᠦᠪ ᠠᠴᠠ ᠱᠠᠩᠨᠠᠭᠰᠠᠨ ᠪᠠ ᠨᠦᠬᠦᠪᠦᠷᠢᠯᠡᠭᠰᠡᠨ ᠪᠡᠯᠡ ᠮᠦᠩᠭᠦ ᠠᠴᠠ ᠭᠠᠳᠠᠨ᠎ᠠ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠡᠭ ᠲᠤ ︽ᠬᠦᠬᠢᠬᠦᠯᠦᠯ ᠢᠶᠠᠷ ᠤᠷᠤᠭᠤᠯᠤᠯᠳᠠ ᠶᠢ ᠤᠷᠤᠯᠠᠭᠤᠯᠬᠤ︾ ᠬᠦᠴᠦᠯᠡᠴᠡ ᠪᠠᠨ ᠨᠡᠮᠡᠭᠳᠡᠬᠦᠯᠵᠦ᠂ ᠤᠯᠤᠰ ᠤᠨ ᠳᠡᠰ ᠤᠨ᠂ ᠤᠷᠤᠨ ᠤ ᠳᠡᠰ ᠤᠨ᠂ ᠬᠤᠳᠠ ᠶᠢᠨ ᠳᠡᠰ ᠤᠨ ᠵᠢᠱᠢᠶᠡᠴᠢ ᠴᠡᠴᠡᠷᠯᠡᠭ ᠪᠠ ᠳᠡᠷᠢᠬᠦᠨ ᠤ ᠴᠡᠴᠡᠷᠯᠡᠭ ᠢᠶᠠᠷ ᠦᠨᠡᠯᠡᠭᠰᠡᠳ ᠲᠤ ᠵᠤᠬᠢᠬᠤ ᠬᠡᠮᠵᠢᠶᠡᠨ ᠤ ᠬᠦᠬᠢᠬᠦᠯᠦᠯ ᠤᠨ ᠮᠦᠩᠭᠦ ᠦᠭᠭᠦᠨ᠎ᠡ᠃    ︵ᠬᠤᠶᠠᠷ︶᠂ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠎ ᠢ ᠳᠡᠭᠡᠭᠰᠢᠯᠡᠬᠦᠯᠬᠢ ᠢᠨᠵᠧᠷᠨᠡᠭ ᠢ ᠬᠡᠷᠡᠭᠵᠢᠬᠦᠯᠬᠦ᠃ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠳᠡᠰ ᠬᠢᠭᠡᠳ ᠴᠡᠴᠡᠷᠯᠡᠭ ᠪᠠᠶᠢᠭᠤᠯᠤᠭᠰᠠᠨ ᠴᠢᠨᠠᠷ ᠴᠢᠨᠰᠠᠭ᠎ᠠ ᠶᠢ ᠦᠨᠳᠦᠰᠦᠯᠡᠵᠦ᠂ ᠵᠤᠬᠢᠬᠤ ᠬᠡᠮᠵᠢᠶᠡᠨ ᠤ ᠵᠢᠩᠭᠢᠨᠢ ᠪᠠᠭᠰᠢ ᠨᠠᠷ ᠢ ᠳᠤᠮᠢᠯᠠᠨ ᠳᠤᠬᠢᠷᠠᠭᠤᠯᠵᠦ᠂ ᠳᠤᠬᠠᠢ ᠶᠢᠨ ᠬᠡᠤᠭᠡᠳ ᠤᠨ ᠴᠡᠴᠡᠷᠯᠡᠭ ᠬᠢᠭᠡᠳ ᠰᠤᠷᠭᠠᠨ ᠬᠦᠮᠦᠵᠢᠯ ᠤᠨ ᠳᠤᠪᠴᠢᠶᠠᠨ ᠠᠴᠠ ᠨᠢᠭᠡᠳᠦᠯᠳᠡᠢ ᠬᠠᠮᠢᠶᠠᠷᠤᠨ᠂ ᠬᠢᠨᠠᠨ ᠰᠢᠯᠭᠠᠷᠠᠭᠤᠯᠤᠨ᠎ᠠ᠃    ︵ᠭᠤᠷᠪᠠ︶᠂ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠪᠠᠭᠰᠢ ᠰᠤᠷᠤᠭᠴᠢ ᠶᠢᠨ ᠬᠠᠤᠯᠢ ᠶᠣᠰᠤᠨ ᠤ ᠡᠷᠭᠡ ᠠᠰᠢᠭ ᠢ ᠬᠠᠮᠠᠭᠠᠯᠠᠬᠤ᠃ ᠠᠷᠠᠳ ᠤᠨ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠪᠠᠭᠰᠢ ᠰᠤᠷᠤᠭᠴᠢ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠳᠠ᠂ ᠱᠠᠩᠨᠠᠨ ᠬᠦᠬᠢᠬᠦᠯᠦᠯ᠂ ᠰᠤᠷᠭᠠᠭᠤᠯᠢ ᠳᠡᠪᠰᠢᠬᠦ᠂ ᠨᠡᠶᠢᠭᠡᠮ ᠤᠨ ᠬᠦᠳᠡᠯᠭᠡᠭᠡᠨ ᠳᠤ ᠤᠷᠤᠯᠴᠠᠬᠤ ᠳᠠᠯ᠎ᠠ ᠳᠤ ᠠᠯᠪᠠᠨ ᠤ ᠡᠷᠬᠢᠯᠡᠭᠰᠡᠨ ᠴᠡᠴᠡᠷᠯᠡᠭ ᠯᠦᠭᠡ ᠠᠳᠠᠯᠢ ᠳᠡᠭᠰᠢ ᠡᠷᠭᠡ ᠠᠰᠢᠭ ᠲᠠᠢ ᠪᠠᠶᠢᠵᠦ᠂ ᠭᠡᠤᠬᠡᠳ ᠤᠨ ᠳᠤᠰᠠᠯᠠᠮᠵᠢ ᠶᠢ ᠠᠳᠠᠯᠢ ᠱᠠᠳᠤᠨ ᠤ ᠠᠳᠠᠯᠢ ᠳᠦᠷᠦᠯ ᠤᠨ ᠠᠯᠪᠠᠨ ᠎ ᠠᠴᠠ ᠡᠷᠬᠢᠯᠡᠭᠰᠡᠨ ᠬᠡᠤᠬᠡᠳ ᠤᠨ ᠴᠡᠴᠡᠷᠯᠡᠭ ᠤᠨ ᠬᠡᠤᠬᠡᠳ ᠤᠨ ᠳᠤᠰᠠᠯᠠᠮᠵᠢ ᠶᠢᠨ ᠰᠢᠰᠲ᠋ᠧᠮ ᠳᠤ ᠤᠷᠤᠭᠤᠯᠤᠨ᠎ᠠ᠃     ᠳᠦᠷᠪᠡ᠂ ᠳᠠᠭᠠᠯᠳᠤᠭᠤᠯᠤᠯ ᠳᠦᠷᠢᠮ    ︵ᠨᠢᠭᠡ︶᠂ ᠳᠤᠰ ᠪᠤᠳᠤᠯᠭ᠎ᠠ ᠶᠢᠨ ᠳᠦᠰᠦᠯ ᠨᠢ ᠨᠡᠶᠢᠳᠡᠯᠡᠭᠰᠡᠨ ᠡᠳᠦᠷ ᠠᠴᠠ ᠡᠬᠢᠯᠡᠨ ᠬᠦᠴᠦᠨ ᠲᠠᠢ᠃    ︵ᠬᠤᠶᠠᠷ︶᠂ ᠳᠤᠰ ᠪᠤᠳᠤᠯᠭ᠎ᠠ ᠶᠢᠨ ᠳᠦᠰᠦᠯ ᠨᠢ ᠡᠵᠡᠨ ᠬᠤᠷᠤᠭ᠎ᠠ ᠬᠤᠰᠢᠭᠤᠨ ᠤ ᠰᠤᠷᠭᠠᠨ ᠬᠦᠮᠦᠵᠢᠯ ᠤᠨ ᠳᠤᠪᠴᠢᠶᠠᠨ ᠠᠴᠠ ᠬᠠᠷᠢᠭᠤᠴᠠᠵᠦ ᠳᠠᠶᠢᠯᠪᠤᠷᠢᠯᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号