ᠡᠵᠡᠨ ᠬᠤᠷᠤᠭ᠎ᠠ ᠬᠤᠰᠢᠭᠤᠨ ᠤ 2018 ᠤᠨ ᠤ ᠠᠯᠪᠠᠨ ᠵᠢᠷᠤᠮ ᠤᠨ ᠮᠤᠳᠤ ᠲᠠᠷᠢᠬᠤ ᠬᠡᠷᠡᠭᠵᠢᠬᠦᠯᠦᠯᠳᠡ ᠎ ᠶᠢᠨ ᠲᠦᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠎ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠠᠯᠪᠡᠨ ᠲᠠᠷᠬᠠᠭᠠᠭᠰᠠᠨ ﹇2018﹈ 9 ᠳ᠋ᠤᠬᠡᠷ ᠲᠤᠭᠠᠳᠤ ᠡᠯ᠎ᠡ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ ᠬᠠᠮᠢᠶ᠎ᠠ ᠪᠦᠬᠦᠢ ᠪᠡᠶᠢᠭᠤᠯᠭ᠎ᠠ᠂ ᠡᠯ᠎ᠡ ᠬᠠᠮᠢᠶ᠎ᠠ ᠪᠦᠬᠦᠢ ᠰᠢᠭᠤᠳ ᠬᠠᠷᠢᠶ᠎ᠠ ᠪᠡᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄       ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠰᠤᠳᠤᠯᠤᠨ ᠵᠦᠪᠰᠢᠶᠡᠷᠡᠬᠡᠳ ᠡᠳᠦᠬᠡ ︽ᠡᠵᠡᠨ ᠬᠤᠷᠤᠭ᠎ᠠ ᠬᠤᠰᠢᠭᠤᠨ ᠤ 2018 ᠤᠨ ᠤ ᠠᠯᠪᠠᠨ ᠵᠢᠷᠤᠮ ᠤᠨ ᠮᠤᠳᠤ ᠲᠠᠷᠢᠬᠤᠬᠡᠷᠡᠭᠵᠢᠬᠦᠯᠦᠯᠳᠡ ᠶᠢᠨ ᠲᠦᠰᠦᠯ︾᠎ ᠢ ᠲᠠ ᠨᠠᠷ ᠲᠤ ᠲᠠᠷᠤᠮᠠᠯᠯᠠᠨ ᠲᠠᠷᠬᠠᠭᠠᠪᠠ᠃ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠰᠦᠬᠡᠢ᠃                                     ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                          2018 ᠤᠨ ᠤ 4 ᠰᠠᠷ᠎ᠠ ᠶᠢᠨ 3᠎ ᠤ ᠡᠳᠦᠷ               ᠡᠵᠡᠨ ᠬᠤᠷᠤᠭ᠎ᠠ ᠬᠤᠰᠢᠭᠤᠨ ᠤ 2018 ᠤᠨ ᠤ ᠠᠯᠪᠠᠨ ᠵᠢᠷᠤᠮ ᠤᠨ           ᠮᠤᠳᠤ ᠲᠠᠷᠢᠬᠤ ᠬᠡᠷᠡᠭᠵᠢᠬᠦᠯᠦᠯᠳᠡ ᠶᠢᠨ ᠲᠦᠰᠦᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠬᠡᠷᠡᠭᠵᠢᠬᠦᠯᠵᠦ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠠᠮᠢ ᠠᠬᠤᠢ ᠶᠢᠨ ᠦᠵᠡᠯᠳᠡ ᠶᠢ ᠪᠠᠳᠤ ᠪᠤᠢ ᠪᠤᠯᠭᠠᠵᠤ᠂ ᠪᠦᠬᠦ ᠠᠷᠠᠳ ᠢᠶᠠᠷ ᠢᠶᠠᠨ ᠤᠶᠢᠵᠢᠭᠤᠯᠵᠤ ᠨᠤᠭᠤᠭᠠᠷᠠᠭᠤᠯᠬᠤ ᠪᠠ ᠠᠮᠢ ᠠᠬᠤᠢ ᠶᠢᠨ ᠤᠷᠴᠢᠨ ᠠᠬᠤᠢ ᠎ ᠶᠢᠨ ᠬᠠᠮᠠᠭᠠᠯᠠᠯᠳᠠ ᠶᠢᠨ ᠲᠠᠬᠢᠯᠳᠠ ᠶᠢ ᠦᠨᠡᠨᠬᠦ ᠴᠢᠩᠭᠠᠳᠬᠠᠵᠤ᠂ 2018 ᠤᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠵᠤᠬᠢᠶᠠᠨ ᠪᠠᠶᠢᠭᠤᠯᠤᠨ ᠦᠷᠨᠢᠬᠦᠯᠬᠦ ᠶᠢᠨ ᠲᠤᠯᠠᠳᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠦᠷᠨᠢᠬᠦᠯᠬᠦ ᠲᠤᠬᠠᠢ ᠬᠡᠷᠡᠭᠵᠢᠬᠦᠯᠦᠯᠳᠡ ᠶᠢᠨ ᠠᠷᠭ᠎ᠠ︾ ᠪᠤᠯᠤᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠯᠪᠠᠨ ᠵᠢᠷᠤᠮ ᠤᠨ ᠮᠤᠳᠤ ᠲᠠᠷᠢᠬᠤ ᠲᠦᠷᠢᠮ︾᠎ ᠤᠨ ᠱᠠᠭᠠᠷᠳᠠᠯᠭ᠎ᠠ ᠶᠢ ᠦᠨᠳᠦᠰᠦᠯᠡᠵᠦ᠂ ᠮᠠᠨ ᠤ ᠬᠤᠰᠢᠭᠤᠨ ᠤ ᠪᠤᠳᠠᠳᠠᠢ ᠲᠠᠢ ᠤᠶᠠᠯᠳᠤᠭᠤᠯᠤᠨ ᠲᠤᠰ ᠬᠡᠷᠡᠭᠵᠢᠬᠦᠯᠦᠯᠳᠡ ᠶᠢᠨ ᠲᠦᠰᠦᠯ ᠎ ᠢ ᠲᠤᠭᠳᠠᠭᠠᠪᠠ᠃      ᠨᠢᠬᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠎ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠦᠷᠬᠡᠨ ᠠᠴᠠ ᠲᠠᠶᠢᠴᠢᠯᠠᠵᠤ᠂ ᠨᠢᠭᠳᠠ ᠪᠠᠶᠢᠷᠢᠯᠠᠭᠤᠯᠵᠤ᠂ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠎ ᠶᠢ ᠬᠦᠨᠵᠡᠬᠡᠢ ᠦᠷᠨᠢᠬᠦᠯᠵᠦ᠂ ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ ᠪᠤᠯᠤᠨ ᠠᠷᠠᠳ ᠤᠨ ᠪᠦᠯᠬᠦᠮ ᠵᠤᠬᠢᠶᠠᠨ ᠪᠠᠶᠢᠭᠤᠯᠤᠯᠳᠠ ᠶᠢᠨ ᠲᠤᠮᠳᠠ ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠤᠳᠤ ᠲᠠᠷᠢᠬᠤ ᠰᠢᠨ᠎ᠡ ᠦᠷᠨᠢᠯᠳᠠ ᠶᠢ ᠦᠷᠨᠢᠬᠦᠯᠵᠦ᠂ ᠠᠯᠳᠠᠨᠰᠢᠷᠡᠭᠡ ᠪᠠᠯᠭᠠᠰᠤ᠂ ᠴᠢᠩᠭᠢᠰ ᠬᠠᠭᠠᠨ ᠤ ᠤᠩᠭᠤᠨ ᠤ ᠡᠷᠬᠢᠨ ᠲᠤᠭᠤᠷᠢᠨ ᠤ ᠪᠦᠬᠦᠯᠢ ᠴᠤᠭᠴᠠ ᠶᠢᠨ ᠨᠤᠭᠤᠭᠠᠷᠠᠭᠤᠯᠤᠯᠳᠠ ᠭᠤᠶᠤᠵᠢᠭᠤᠯᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠠᠯᠳᠠᠷᠰᠢᠯ ᠪᠤᠯᠤᠨ ᠨᠦᠯᠦᠬᠡᠯᠡᠬᠦ ᠬᠦᠴᠦ ᠶᠢ ᠤᠯᠠᠮ ᠨᠢᠬᠡ ᠠᠯᠬᠤᠮ ᠪᠠᠬᠢᠵᠢᠬᠦᠯᠦᠨ ᠦᠷᠬᠡᠳᠬᠡᠬᠡᠳ᠂ ᠦᠪᠦᠷ ᠮᠤᠩᠭᠤᠯ ᠤᠨ ᠴᠢᠩᠭᠢᠰ ᠬᠠᠭᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠭᠤᠤᠯᠳᠠᠯᠭᠠᠳᠤ ᠦᠵᠡᠮᠵᠢ ᠶᠢᠨ ᠤᠷᠤᠨ ᠢ ᠪᠦᠬᠦ ᠬᠦᠴᠦᠨ ᠢᠶᠠᠷ ᠢᠶᠠᠨ ᠡᠬᠦᠳᠴᠦ᠂ ᠪᠦᠬᠦ ᠴᠠᠷᠠᠭ᠎ᠠ ᠶᠢᠨ ᠵᠢᠭᠤᠯᠴᠢᠯᠠᠯ ᠤᠨ ᠦᠯᠢᠬᠡᠷ ᠲᠠᠭᠤᠷᠢᠶᠠᠯᠳᠤ ᠤᠷᠤᠨ ᠤ ᠪᠦᠳᠦᠬᠡᠨ ᠪᠠᠶᠢᠭᠤᠯᠤᠯᠳᠠ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠢ ᠰᠢᠭᠤᠢ ᠶᠢᠨ ᠵᠢᠭᠤᠯᠴᠢᠯᠠᠯ᠂ ᠤᠢ ᠰᠢᠭᠤᠢ ᠶᠢᠨ ᠠᠵᠤ ᠦᠢᠯᠡᠰ ᠢ ᠬᠦᠭᠵᠢᠬᠦᠯᠬᠦ ᠳᠤ ᠰᠠᠶᠢᠨ ᠰᠠᠭᠤᠷᠢ ᠲᠠᠯᠪᠢᠵᠤ ᠲᠤᠯᠭᠠᠭᠤᠷᠢ ᠬᠠᠩᠭᠠᠨ᠎ᠠ᠃ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠪᠠᠷ ᠲᠠᠮᠵᠢᠭᠤᠯᠤᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠨᠤᠭᠤᠭᠠᠨ ᠦᠩᠬᠡ ᠶᠢᠨ ᠬᠦᠭᠵᠢᠯᠳᠡ ᠶᠢᠨ ᠤᠶᠢᠯᠠᠭᠠᠭᠳᠠᠬᠤᠨ ᠢ ᠶᠠᠬᠡᠪᠡᠷ ᠤᠬᠠᠭᠤᠯᠵᠤ᠂ ᠪᠦᠬᠦ ᠨᠡᠶᠢᠬᠡᠮ ᠢᠶᠠᠷ ᠢᠶᠠᠨ ᠬᠠᠯᠠᠮᠵᠢᠯᠠᠬᠤ᠂ ᠲᠠᠮᠵᠢᠬᠦ ᠤᠷᠤᠯᠴᠠᠬᠤ ᠠᠮᠢ ᠠᠬᠤᠢ ᠶᠢᠨ ᠪᠠᠶᠢᠭᠤᠯᠤᠯᠳᠠ ᠶᠢᠨ ᠬᠦᠨ ᠵᠤᠵᠠᠭᠠᠨ ᠪᠠᠶᠢᠳᠠᠯ ᠢ ᠪᠦᠷᠢᠯᠳᠦᠬᠦᠯᠦᠨ ᠠᠬᠢᠭᠤᠯᠤᠨ᠎ᠠ᠃      ᠬᠤᠶᠠᠷ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ      ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠨᠢᠬᠡᠳᠦᠯᠳᠠᠢ ᠤᠳᠤᠷᠢᠳᠴᠤ᠂ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ ᠪᠤᠳᠠᠳᠠᠢ ᠵᠤᠬᠢᠶᠠᠵᠤ ᠪᠠᠶᠢᠭᠤᠯᠤᠨ ᠱᠠᠳᠤ ᠬᠤᠪᠢᠶᠠᠨ ᠬᠠᠮᠢᠶᠠᠷᠬᠤ ᠲᠦᠷᠢᠮ ᠢ ᠬᠡᠷᠡᠭᠵᠢᠬᠦᠯᠦᠨ᠎ᠡ᠃ ᠲᠠᠷᠤᠢ ᠬᠤᠰᠢᠭᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ᠂ ᠠᠷᠠᠳ ᠤᠨ ᠪᠦᠯᠬᠦᠮ ᠎ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ ᠠᠴᠠ ᠨᠢᠬᠡᠳᠦᠯᠳᠠᠢ ᠪᠠᠷ ᠬᠡᠰᠡᠭ ᠭᠠᠵᠠᠷ ᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠡᠯ᠎ᠡ ᠪᠠᠯᠭᠠᠰᠤᠨ ᠤ ᠱᠠᠳᠤᠨ ᠤ ᠬᠠᠷᠢᠶ᠎ᠠ ᠨᠢᠬᠡᠴᠢ ᠶᠢᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ ᠶᠢ ᠪᠠᠶᠢᠭ᠎ᠠ ᠭᠠᠵᠠᠷ ᠤᠨ ᠬᠢᠨᠢ ᠪᠠᠯᠭᠠᠰᠤᠨ ᠠᠴᠠ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠶᠢᠨ ᠲᠤᠯᠠᠳᠠ᠂ ᠬᠤᠰᠢᠭᠤ ᠠᠷᠠᠳ ᠤᠨ ᠵᠠᠰᠠᠭ ᠤᠨ ᠤᠷᠳᠤᠨ ᠠᠯᠪᠠᠨ ᠵᠢᠷᠤᠮ ᠤᠨ ᠮᠤᠳᠤ ᠲᠠᠷᠢᠬᠤ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠪᠦᠬᠦ ᠬᠤᠰᠢᠭᠤᠨ ᠤ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠬᠠᠷᠢᠭᠤᠴᠠᠨ ᠵᠢᠯᠤᠭᠤᠳᠤᠨ᠎ᠠ᠃ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢ ᠲᠤᠤᠷ᠎ᠠ ᠮᠡᠳᠦ      ᠲᠤᠭᠤᠶᠢᠯᠠᠩ ᠤᠨ ᠲᠠᠷᠤᠭ᠎ᠠ᠄      ᠬᠤᠸᠠ ᠷᠦᠢ ᠹᠧᠩ᠄ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠵᠠᠰᠠᠭ ᠤᠨ ᠤᠷᠳᠤᠨ ᠤ ᠲᠠᠷᠤᠭ᠎ᠠ      ᠲᠡᠳ᠋ ᠲᠤᠭᠤᠶᠢᠯᠠᠩ ᠤᠨ ᠲᠠᠷᠤᠭ᠎ᠠ᠄ ᠯᠢᠦ ᠬᠤᠸᠠᠢ ᠢᠦᠢ᠄  ᠬᠤᠰᠢᠭᠤ ᠨᠠᠮ ᠤᠨ ᠬᠤᠷᠢᠶᠠᠨ ᠤ ᠪᠠᠶᠢᠩᠭᠤ ᠎ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ ᠲᠠᠷᠤᠭ᠎ᠠ                                 ᠪᠠᠢ ᠵᠢᠶᠠᠨ ᠭᠠᠩ᠄ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠯᠪᠠᠨ ᠬᠡᠷ ᠤᠨ ᠡᠷᠬᠢᠯᠡᠭᠴᠢ                                 ᠵᠠᠩ ᠶᠦᠩ᠄    ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ      ᠪᠦᠷᠢᠯᠳᠦᠬᠦᠨ᠄ ᠯᠢ ᠶᠢᠨ ᠹᠧᠩ᠄ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ ᠤᠨ ᠡᠷᠬᠢᠯᠡᠭᠴᠢ                  ᠮᠠ ᠬᠤᠩ ᠬᠠᠢ᠄ ᠬᠤᠰᠢᠭᠤ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ                  ᠸᠠᠩ ᠮᠢᠩ᠄ ᠬᠤᠰᠢᠭᠤ ᠠᠷᠠᠳ ᠤᠨ ᠵᠡᠪᠰᠡᠭᠳᠦ ᠬᠦᠴᠦᠨ ᠤ ᠬᠡᠯᠳᠡᠰ ᠤᠨ ᠲᠡᠳ᠋ ᠲᠠᠷᠤᠭ᠎ᠠ                  ᠪᠠᠢ ᠰᠢᠶᠤᠤ ᠯᠦᠩ᠄ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠲᠡᠳ᠋ ᠲᠠᠷᠤᠭ᠎ᠠ᠂ ᠰᠢᠯᠭᠠᠨ ᠬᠢᠨᠠᠬᠤ ᠠᠯᠪᠠᠨ ᠬᠡᠷ ᠤᠨ ᠡᠷᠬᠢᠯᠡᠭᠴᠢ                  ᠰᠢᠦᠢ ᠵᠢᠶᠠᠨ ᠰᠢᠶᠠ᠄ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ                  ᠸᠠᠩ ᠢᠦᠢ ᠵᠢᠶᠧ᠄ ᠬᠤᠰᠢᠭᠤ ᠡᠪᠯᠡᠯ ᠤᠨ ᠬᠤᠷᠢᠶᠠᠨ ᠤ ᠱᠦᠵᠢ                  ᠯᠢ ᠯᠢ᠄ ᠬᠤᠰᠢᠭᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠲᠡᠷᠢᠬᠦᠯᠡᠭᠴᠢ                  ᠭᠤᠤ ᠷᠦᠢ᠄ ᠬᠤᠰᠢᠭᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ ᠤᠨ ᠲᠡᠷᠢᠬᠦᠯᠡᠭᠴᠢ                  ᠵᠠᠩ ᠳ᠋ᠧ ᠴᠢᠶᠠᠩ᠄ ᠬᠤᠰᠢᠭᠤ ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ                  ᠶᠠᠩ ᠵᠢᠶᠦ᠋ᠨ ᠯᠢ᠄ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠲᠠᠷᠤᠭ᠎ᠠ                  ᠵᠤᠤ ᠬᠠᠢ ᠯᠤ᠋᠄ ᠬᠤᠰᠢᠭᠤ ᠤᠢ ᠰᠢᠭᠤᠢ ᠶᠢᠨ ᠲᠤᠪᠴᠢᠶᠠᠨ ᠲᠠᠷᠤᠭ᠎ᠠ                  ᠸᠠᠩ ᠵᠢᠶᠦ᠋ᠨ᠄ ᠬᠤᠰᠢᠭᠤ ᠴᠡᠴᠡᠷᠯᠢᠭᠵᠢᠬᠦᠯᠬᠡ ᠶᠢᠨ ᠲᠤᠪᠴᠢᠶᠠᠨ ᠲᠠᠷᠤᠭ᠎ᠠ                  ᠸᠠᠩ ᠰᠡᠴᠡᠨ᠄ ᠠᠯᠳᠠᠨᠰᠢᠷᠡᠭᠡ ᠪᠠᠯᠭᠠᠰᠤᠨ ᠲᠠᠷᠤᠭ᠎ᠠ                  ᠮᠠ ᠳ᠋ᠦᠩ᠄ ᠤᠯᠠᠭᠠᠨᠮᠦ᠋ᠷᠡᠨ ᠪᠠᠯᠭᠠᠰᠤᠨ ᠲᠠᠷᠤᠭ᠎ᠠ                  ᠵᠠᠩ ᡁᠢ ᠰᠢᠶᠦ᠋ᠩ᠄ ᠡᠵᠡᠨ ᠬᠤᠷᠤᠭ᠎ᠠ ᠪᠠᠯᠭᠠᠰᠤᠨ ᠲᠠᠷᠤᠭ᠎ᠠ                  ᠬᠤᠷᠴᠠ᠄ ᠵᠠᠰᠠᠭ ᠪᠠᠯᠭᠠᠰᠤᠨ ᠲᠠᠷᠤᠭ᠎ᠠ                  ᠴᠧᠩ ᠯᠢ ᠳ᠋ᠦᠩ᠄ ᠨᠠᠷᠢᠨᠲᠤᠬᠤᠢ ᠪᠠᠯᠭᠠᠰᠤᠨ ᠲᠠᠷᠤᠭ᠎ᠠ                  ᠱᠢ ᠯᠢ ᠵᠢᠶᠦ᠋ᠨ᠄ ᠬᠤᠨᠢᠴᠢᠨᠭᠤᠤᠯ ᠪᠠᠯᠭᠠᠰᠤᠨ ᠲᠠᠷᠤᠭ᠎ᠠ                  ᠰᠢᠤᠸᠠᠢ ᠵᠧᠨ ᠢᠦᠢ᠄ ᠰᠤᠪᠤᠷᠭ᠎ᠠ ᠪᠠᠯᠭᠠᠰᠤᠨ ᠲᠠᠷᠤᠭ᠎ᠠ      ᠤᠳᠤᠷᠢᠳᠬᠤ ᠲᠤᠭᠤᠶᠢᠯᠠᠩ ᠲᠤᠤᠷ᠎ᠠ ᠪᠠᠨ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤ ᠤᠢ ᠰᠢᠭᠤᠢ ᠎ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ ᠳᠤ ᠭᠠᠷᠭᠠᠵᠤ᠂ ᠠᠯᠪᠠᠨ ᠵᠢᠷᠤᠮ ᠤᠨ ᠮᠤᠳᠤ ᠲᠠᠷᠢᠬᠤ ᠬᠤᠭᠤᠴᠠᠭᠠᠨ ᠤ ᠨᠡᠪᠳᠡᠷᠡᠯᠴᠡᠭᠡ ᠵᠤᠬᠢᠴᠠᠭᠤᠯᠭ᠎ᠠ ᠪᠤᠯᠤᠨ ᠴᠢᠮᠡᠭᠡ ᠵᠠᠩᠭᠢ ᠶᠢ ᠲᠡᠬᠡᠭᠰᠢ ᠮᠡᠳᠡᠬᠦᠯᠬᠦ ᠵᠡᠷᠬᠡ ᠡᠳᠦᠷ ᠲᠤᠳᠤᠮ ᠤᠨ ᠠᠵᠢᠯ ᠢ ᠪᠤᠳᠠᠳᠠᠢ ᠬᠠᠷᠢᠭᠤᠴᠠᠨ᠎ᠠ ︵ᠤᠢ ᠰᠢᠭᠤᠢ ᠶᠢᠨ ᠲᠤᠪᠴᠢᠶ᠎ᠠ ᠶᠢᠨ ᠬᠠᠷᠢᠯᠴᠠᠬᠤ ᠬᠦᠮᠦᠨ᠄ ᠯᠢᠩᠨᠠ᠂ ᠬᠠᠷᠢᠯᠴᠠᠬᠤ ᠤᠳᠠᠰᠤ 0477-8966254᠂ ᠴᠡᠴᠡᠷᠯᠢᠭᠵᠢᠬᠦᠯᠬᠡ ᠶᠢᠨ ᠲᠤᠪᠴᠢᠶ᠎ᠠ ᠢ ᠬᠠᠷᠢᠯᠴᠠᠬᠤ ᠬᠦᠮᠦᠨ᠄ ᠯᠢ ᠵᠢᠶᠦ᠋ᠨ᠂ ᠬᠠᠷᠢᠯᠴᠠᠬᠤ ᠤᠳᠠᠰᠤ᠄15924505970︶᠃ ᠲᠤᠰ ᠠᠵᠢᠯ ᠲᠠᠭᠤᠰᠤᠭᠰᠠᠨ ᠤ ᠰᠡᠬᠦᠯᠡᠷ᠂ ᠤᠳᠤᠷᠢᠳᠬᠤ ᠲᠤᠭᠤᠶᠢᠯᠠᠩ ᠠᠶᠠᠨᠳᠠᠭᠠᠨ ᠬᠦᠴᠦᠨ ᠦᠬᠡᠢ ᠪᠤᠯᠤᠨ᠎ᠠ᠃      ᠭᠤᠷᠪᠠ᠂ ᠠᠵᠢᠯ ᠤᠨ ᠲᠤᠬᠢᠷᠠᠭᠤᠯᠤᠯᠳᠠ      ︵ᠨᠢᠬᠡ︶ ᠴᠠᠭ ᠬᠤᠭᠤᠴᠠᠭᠠᠨ ᠤ ᠲᠤᠬᠢᠷᠠᠭᠤᠯᠤᠯᠳᠠ᠂ 4 ᠰᠠᠷ᠎ᠠ ᠶᠢᠨ 9᠎ ᠤ ᠡᠳᠦᠷ ᠠᠴᠠ 5 ᠰᠠᠷ᠎ᠠ ᠶᠢᠨ 12᠎ ᠤ ᠡᠳᠦᠷ ︵4 ᠰᠠᠷ᠎ᠠ ᠶᠢᠨ 9᠎ ᠤ ᠡᠳᠦᠷ ᠮᠤᠳᠤ ᠲᠠᠷᠢᠨ᠎ᠠ︶᠃      ︵ᠬᠤᠶᠠᠷ︶ ᠤᠷᠤᠯᠴᠠᠬᠤ ᠬᠡᠪᠴᠢᠶ᠎ᠡ᠃ ᠪᠦᠬᠦ ᠬᠤᠰᠢᠭᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ ᠪᠤᠯᠤᠨ ᠠᠵᠢᠯ ᠦᠢᠯᠡᠰ ᠤᠨ ᠨᠢᠬᠡᠴᠢ ᠶᠢᠨ ᠠᠵᠢᠯ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠬᠦᠮᠦᠰ᠂ ᠨᠡᠶᠢᠬᠡᠮ ᠤᠨ ᠪᠦᠯᠬᠦᠮ᠂ ᠠᠵᠢᠯ ᠠᠬᠤᠶᠢᠯᠠᠯ ᠤᠨ ᠠᠵᠢᠯᠳᠠᠨ᠂ ᠮᠠᠯᠴᠢᠨ ᠲᠠᠷᠢᠶᠠᠴᠢᠨ ᠵᠡᠷᠬᠡ ᠲᠤᠬᠢᠷᠠᠬᠤ ᠨᠠᠰᠤᠨ ᠤ ᠬᠦᠮᠦᠰ᠃ ᠠᠯᠪᠠᠨ ᠵᠢᠷᠤᠮ ᠤᠨ ᠮᠤᠳᠤ ᠲᠠᠷᠢᠬᠤ ᠳᠤ ᠵᠠᠷᠴᠢᠮ ᠲᠡᠬᠡᠷ᠎ᠡ ᠪᠠᠨ ᠬᠦᠮᠦᠨ ᠪᠦᠬᠦᠨ ᠵᠢᠯ ᠪᠦᠷᠢ ᠠᠳᠠᠭ ᠎ ᠲᠠᠭᠠᠨ 3 ᠰᠠᠭᠤᠷᠢ ᠮᠤᠳᠤ ᠲᠠᠷᠢᠨ᠎ᠠ᠃      ︵ᠭᠤᠷᠪᠠ︶ ᠮᠤᠳᠤ ᠲᠠᠷᠢᠬᠤ ᠭᠠᠵᠠᠷ᠃ ᠬᠤᠰᠢᠭᠤ ᠬᠠᠷᠢᠶ᠎ᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ᠂ ᠠᠷᠠᠳ ᠤᠨ ᠪᠦᠯᠬᠦᠮ ᠤᠨ ᠠᠯᠪᠠᠨ ᠵᠢᠷᠤᠮ ᠤᠨ ᠮᠤᠳᠤ ᠲᠠᠷᠢᠬᠤ ᠭᠠᠵᠠᠷ ᠨᠢ ᠡᠵᠡᠨ ᠬᠤᠷᠤᠭ᠎ᠠ ᠪᠠᠯᠭᠠᠰᠤᠨ ᠎ ᠤ ᠬᠢᠯᠢ ᠲᠤᠳᠤᠷ᠎ᠠ ᠪᠠᠶᠢᠭ᠎ᠠ ᠠᠯᠳᠠᠨᠰᠢᠷᠡᠭᠡ ᠠᠴᠠ ᠴᠢᠩᠭᠢᠰ ᠬᠠᠭᠠᠨ ᠤ ᠤᠩᠭᠤᠨ ᠬᠦᠷᠬᠦ ᠵᠠᠬᠦᠨ ᠱᠤᠭᠤᠮ ᠤᠨ ᠡᠷᠬᠢᠨ ᠲᠤᠭᠤᠷᠢᠨ ︵ᠡᠵᠡᠨ ᠬᠤᠷᠤᠭ᠎ᠠ ᠬᠤᠰᠢᠭᠤᠨ ᠤ ᠡᠯᠡᠰᠦ ᠶᠢ ᠰᠡᠷᠬᠡᠶᠢᠯᠡᠵᠦ ᠡᠯᠡᠰᠦ ᠶᠢ ᠵᠠᠰᠠᠬᠤ ᠲᠦᠷᠦᠯ ᠵᠦᠢᠯ ᠤᠨ ᠤᠷᠤᠨ︶ ᠪᠤᠯᠤᠨ ᠠᠯᠳᠠᠨᠰᠢᠷᠡᠭᠡ ᠪᠠᠯᠭᠠᠰᠤᠨ ᠤ ᠬᠤᠳᠠ ᠲᠤᠭᠤᠷᠢᠭ᠂ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ᠂ ᠤᠶᠢᠵᠢᠭᠤᠯᠬᠤ ᠠᠵᠢᠯᠯᠠᠭ᠎ᠠ ᠶᠢᠨ ᠲᠦᠯᠦᠪᠯᠡᠭᠡ ᠶᠤᠰᠤᠭᠠᠷ ᠡᠯ᠎ᠡ ᠪᠠᠶᠢᠭᠤᠯᠭ᠎ᠠ ᠶᠢᠨ ᠡᠳ᠋ ᠤᠨ ᠵᠠᠰᠠᠭ ᠠᠴᠠ ᠲᠡᠵᠢᠬᠡᠵᠦ ᠪᠠᠶᠢᠭ᠎ᠠ ᠬᠦᠮᠦᠨ ᠤ ᠲᠤᠭ᠎ᠠ ᠶᠢ ᠦᠨᠳᠦᠰᠦᠯᠡᠵᠦ᠂ ᠡᠯ᠎ᠡ ᠪᠠᠶᠢᠭᠤᠯᠭ᠎ᠠ ᠳᠤ ᠪᠤᠳᠠᠳᠠᠢ ᠡᠬᠦᠷᠬᠡ ᠶᠢ ᠬᠤᠪᠢᠶᠠᠷᠯᠠᠬᠤ ᠶᠢᠨ ᠬᠠᠮᠳᠤ ᠲᠡᠮᠳᠡᠭ ᠢᠯᠡᠷᠬᠡᠶᠢᠯᠡᠯ ᠲᠤᠭᠳᠠᠭᠠᠨ᠎ᠠ᠃ ᠡᠯ᠎ᠡ ᠪᠠᠯᠭᠠᠰᠤᠨ ᠤ ᠠᠯᠪᠠᠨ ᠵᠢᠷᠤᠮ ᠤᠨ ᠮᠤᠳᠤ ᠲᠠᠷᠢᠬᠤ ᠭᠠᠵᠠᠷ ᠤᠨ ᠬᠡᠰᠡᠭ ᠢ ᠰᠤᠩᠭᠤᠬᠤ᠂ ᠤᠷᠤᠯᠴᠠᠬᠤ ᠬᠦᠮᠦᠰ ᠢ ᠡᠯ᠎ᠡ ᠪᠠᠯᠭᠠᠰᠤ ᠦᠪᠡᠰᠦᠪᠡᠨ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃      ᠲᠦᠷᠪᠡ᠂ ᠮᠡᠷᠬᠡᠵᠢᠯ ᠤᠨ ᠱᠠᠭᠠᠷᠳᠠᠯᠭ᠎ᠠ      ︵ᠨᠢᠬᠡ︶ ᠪᠠᠷᠢᠯᠭ᠎ᠠ ᠶᠢᠨ ᠲᠦᠯᠦᠪᠯᠡᠭᠡ᠃ ᠬᠤᠰᠢᠭᠤ ᠤᠢ ᠰᠢᠭᠤᠢ᠂ ᠴᠡᠴᠡᠷᠯᠢᠭᠵᠢᠬᠦᠯᠬᠡ ᠶᠢᠨ ᠲᠤᠪᠴᠢᠶ᠎ᠠ ᠪᠤᠳᠠᠳᠤ ᠪᠠᠶᠢᠳᠠᠯ ᠢᠶᠠᠨ ᠦᠨᠳᠦᠰᠦᠯᠡᠵᠦ ᠪᠤᠳᠠᠳᠠᠢ ᠮᠤᠳᠤᠨ ᠤ ᠲᠦᠷᠦᠯ ᠵᠦᠢᠯ ᠤᠨ ᠬᠡᠮᠵᠢᠶ᠎ᠡ ᠶᠢ ᠨᠢᠬᠡᠳᠦᠯᠳᠠᠢ ᠲᠦᠯᠦᠪᠵᠢᠬᠦᠯᠦᠨ ᠲᠦᠯᠦᠪᠯᠡᠵᠦ ᠲᠤᠭᠳᠠᠭᠠᠨ᠂ ᠡᠯ᠎ᠡ ᠮᠤᠳᠤ ᠲᠠᠷᠢᠬᠤ ᠨᠢᠬᠡᠴᠢ ᠪᠡ ᠬᠤᠪᠢ ᠬᠦᠮᠦᠨ ᠲᠦᠯᠦᠪᠯᠡᠭᠡ ᠶᠤᠰᠤᠭᠠᠷ ᠲᠠᠷᠢᠨ᠎ᠠ᠃ ᠠᠯᠪᠠᠨ ᠵᠢᠷᠤᠮ ᠤᠨ ᠮᠤᠳᠤ ᠲᠠᠷᠢᠬᠤ ᠮᠤᠳᠤᠨ ᠤ ᠤᠨᠳᠤᠷᠤᠯᠳᠠ ᠶᠢᠨ ᠨᠤᠷᠮ᠎ᠠ ᠨᠢ 10% ᠎ ᠳᠤ ᠬᠦᠷᠦᠭᠰᠡᠨ ᠪᠠᠶᠢᠵᠤ᠂ ᠪᠠᠷᠢᠮᠵᠢᠶ᠎ᠠ ᠳᠤ ᠬᠦᠷᠦᠭᠰᠡᠨ ᠦᠬᠡᠢ ᠨᠢ ᠲᠠᠷᠠᠭ᠎ᠠ ᠵᠢᠯ ᠡᠰᠡᠬᠦᠯ᠎ᠡ ᠨᠠᠮᠤᠷ ᠤᠨ ᠤᠯᠠᠷᠢᠯ ᠳᠤ ᠨᠦᠬᠦᠵᠦ ᠲᠠᠷᠢᠨ᠎ᠠ᠃ ᠬᠤᠰᠢᠭᠤ ᠤᠢ ᠰᠢᠭᠤᠢ᠂ ᠴᠡᠴᠷᠯᠢᠭᠵᠢᠬᠦᠯᠬᠡ ᠶᠢᠨ ᠲᠤᠪᠴᠢᠶ᠎ᠠ ᠡᠯ᠎ᠡ ᠪᠠᠶᠢᠭᠤᠯᠭ᠎ᠠ ᠶᠢᠨ ᠤᠶᠢᠵᠢᠭᠤᠯᠬᠤ ᠡᠬᠦᠷᠬᠡ᠂ ᠤᠶᠢᠵᠢᠭᠤᠯᠬᠤ ᠭᠠᠵᠠᠷ ᠤᠨ ᠬᠡᠰᠡᠭ ᠢ ᠡᠯ᠎ᠡ ᠪᠠᠶᠢᠭᠤᠯᠭ᠎ᠠ ᠳᠤᠨᠢ ᠬᠤᠪᠢᠶᠠᠷᠯᠠᠵᠤ᠂ ᠡᠯ᠎ᠡ ᠪᠠᠶᠢᠭᠤᠯᠭ᠎ᠠ ᠶᠢᠨ ᠠᠯᠪᠠᠨ ᠵᠢᠷᠤᠮ ᠤᠨ ᠮᠤᠳᠤ ᠲᠠᠷᠢᠬᠤ ᠭᠠᠵᠠᠷ ᠤᠨ ᠬᠡᠰᠡᠭ ᠲᠤ ᠱᠤᠩ ᠪᠤᠰᠬᠠᠵᠤ᠂ ᠵᠠᠬ᠎ᠠ ᠬᠢᠵᠠᠭᠠᠷ ᠎ ᠢ ᠨᠢ ᠲᠤᠳᠤᠷᠬᠠᠶᠢᠯᠠᠵᠤ᠂ ᠡᠬᠦᠷᠬᠡ ᠶᠢ ᠨᠢ ᠲᠤᠳᠤᠷᠬᠠᠶᠢᠯᠠᠵᠤ᠂ ᠬᠠᠷᠢᠭᠤᠯᠴᠠᠭ᠎ᠠ ᠶᠢ ᠨᠢ ᠲᠤᠳᠤᠷᠬᠠᠶᠢᠯᠠᠨ᠎ᠠ᠃ ᠲᠦᠯᠦᠪᠯᠡᠭᠡ ᠶᠢᠨ ᠵᠠᠷᠴᠢᠮ ᠨᠢ ᠴᠡᠴᠡᠷᠯᠢᠭᠵᠢᠬᠦᠯᠬᠡ ᠶᠢᠨ ᠦᠵᠡᠮᠵᠢ ᠶᠤᠰᠤᠭᠠᠷ ᠲᠦᠯᠦᠪᠵᠢᠬᠦᠯᠦᠨ ᠪᠦᠳᠦᠬᠡᠨ ᠪᠠᠶᠢᠭᠤᠯᠤᠯᠳᠠ ᠬᠢᠵᠤ᠂ ᠤᠯᠠᠨ ᠲᠦᠷᠦᠯ ᠵᠦᠢᠯ ᠤᠨ ᠮᠤᠳᠤ᠂ ᠤᠯᠠᠨ ᠲᠡᠰ ᠲᠠᠪᠬᠤᠷᠭ᠎ᠠ᠂ ᠤᠯᠠᠨ ᠦᠩᠬᠡ᠂ ᠤᠯᠠᠨ ᠶᠠᠩᠵᠦ ᠮᠠᠶ᠋ᠢᠭ ᠬᠢᠬᠡᠳ ᠲᠤᠷᠤᠭ ᠮᠤᠳᠤ᠂ ᠪᠤᠳᠠ ᠮᠤᠳᠤ᠂ ᠦᠵᠡᠮᠦᠷᠢ ᠶᠢᠨ ᠡᠪᠡᠰᠦ ᠴᠡᠴᠡᠭ ᠢ ᠬᠠᠷᠢᠯᠴᠠᠨ ᠲᠤᠬᠢᠷᠠᠭᠤᠯᠤᠨ ᠲᠠᠷᠢᠬᠤ᠂᠂ ᠤᠶᠢᠵᠢᠭᠤᠯᠬᠤ ᠲᠦᠰᠦᠯ ᠢᠶᠠᠷ ᠵᠠᠶᠢᠯᠠᠵᠤ ᠲᠠᠷᠢᠬᠤ ᠲᠦᠯᠦᠪᠯᠡᠭᠡ ᠬᠢᠵᠤ᠂ ᠵᠢᠭᠤᠯᠴᠢᠯᠠᠯ ᠎ ᠤᠨ ᠤᠷᠤᠨ ᠤ ᠠᠯᠪᠠᠨ ᠵᠢᠷᠤᠮ ᠤᠨ ᠮᠤᠳᠤ ᠲᠠᠷᠢᠬᠤ ᠨᠤᠭᠤᠭᠠᠷᠠᠭᠤᠯᠤᠯᠳᠠ ᠶᠢᠨ ᠰᠤᠳᠤᠨ ᠪᠦᠳᠦᠬᠡᠯ ᠢ ᠡᠬᠦᠳᠦᠨ᠎ᠡ᠃      ︵ᠬᠤᠶᠠᠷ︶ ᠴᠢᠬᠢ ᠮᠤᠳᠤ ᠶᠢᠨ ᠬᠠᠩᠭᠠᠬᠤ᠃ ᠬᠤᠰᠢᠭᠤ ᠤᠢ ᠰᠢᠭᠤᠢ ᠲᠤᠪᠴᠢᠶ᠎ᠠ ᠪᠤᠯᠤᠨ ᠴᠡᠴᠡᠷᠯᠢᠭᠵᠢᠬᠦᠯᠬᠡ ᠶᠢᠨ ᠲᠤᠪᠴᠢᠶ᠎ᠠ ᠲᠦᠯᠦᠪᠯᠡᠭᠡ ᠶᠤᠰᠤᠭᠠᠷ ᠴᠢᠬᠢ ᠮᠤᠳᠤ ᠶᠢ ᠨᠢᠬᠡᠳᠦᠯᠳᠠᠢ ᠲᠤᠬᠢᠷᠠᠭᠤᠯᠤᠨ ᠬᠤᠳᠠᠯᠳᠤᠨ ᠠᠪᠤᠨ᠎ᠠ᠃ ᠡᠯ᠎ᠡ ᠪᠠᠶᠢᠭᠤᠯᠭ᠎ᠠ ᠶᠢᠨ ᠤᠨᠢᠨ ᠲᠡᠬᠡᠷ᠎ᠡ ᠨᠢ ᠶᠠᠳᠠᠭᠤ ᠶᠢ ᠲᠡᠳᠬᠦᠬᠦ ᠠᠵᠢᠯ ᠲᠠᠢ ᠬᠠᠷᠢᠯᠴᠠᠨ ᠤᠶᠠᠯᠳᠤᠭᠤᠯᠬᠤ ᠶᠢ ᠵᠤᠷᠢᠭᠵᠢᠭᠤᠯᠵᠤ᠂ ᠡᠯ᠎ᠡ ᠪᠠᠶᠢᠭᠤᠯᠭ᠎ᠠ ᠨᠢ ᠲᠤᠰ ᠲᠤᠰ ᠤᠨ ᠢᠶᠠᠨ ᠲᠠᠭᠠᠭᠠᠴᠢᠯᠠᠵᠤ ᠪᠠᠶᠢᠬᠤ ᠲᠤᠰᠬᠤᠨ᠂ ᠡᠷᠦᠬᠡ ᠳᠤ ᠬᠦᠷᠴᠦ᠂ ᠴᠢᠬᠢ ᠮᠤᠳᠤᠨ ᠤ ᠲᠤᠭᠳᠠᠭᠠᠰᠠᠨ ᠲᠦᠷᠢᠮ ᠤᠨ ᠬᠡᠮᠵᠢᠶ᠎ᠡ ᠶᠤᠰᠤᠭᠠᠷ ᠦᠪᠡᠷ ᠤᠨ ᠮᠠᠯᠴᠢᠨ ᠲᠠᠷᠢᠶᠠᠴᠢᠨ ᠲᠠᠢ ᠨᠡᠪᠳᠡᠷᠡᠯᠴᠡᠨ ᠵᠦᠪᠳᠡᠯᠴᠡᠵᠦ᠂ ᠦᠪᠡᠷ ᠢᠶᠠᠨ ᠬᠤᠳᠠᠯᠳᠤᠨ ᠠᠪᠴᠤ᠂ ᠵᠠᠶᠢᠯᠠᠵᠤ ᠲᠠᠷᠢᠬᠤ ᠡᠬᠦᠷᠬᠡ ᠪᠠᠨ ᠪᠡᠶᠡᠯᠡᠬᠦᠯᠵᠦ ᠪᠤᠯᠤᠨ᠎ᠠ᠃      ︵ᠭᠤᠷᠪᠠ︶ ᠲᠠᠷᠢᠵᠤ ᠠᠷᠠᠴᠢᠯᠠᠵᠤ ᠬᠠᠮᠠᠭᠠᠯᠠᠬᠤ᠃ ᠬᠤᠰᠢᠭᠤ ᠤᠢ ᠰᠢᠭᠤᠢ ᠶᠢᠨ ᠲᠤᠪᠴᠢᠶ᠎ᠠ ᠪᠤᠢ ᠪᠦᠬᠦᠢ ᠬᠠᠷᠢᠭᠤᠴᠠᠭᠰᠠᠨ ᠭᠠᠵᠠᠷ ᠤᠨ ᠬᠡᠰᠡᠭ ᠲᠤ ᠮᠤᠳᠤ ᠲᠠᠷᠢᠵᠤ ᠲᠠᠭᠤᠰᠤᠭᠰᠠᠨ ᠤ ᠰᠡᠬᠦᠯᠡᠷ᠂ ᠲᠠᠷᠠᠭᠠᠴᠢ ᠶᠢᠨ ᠠᠰᠠᠷᠠᠵᠤ ᠬᠠᠮᠠᠭᠠᠯᠠᠬᠤ ᠠᠵᠢᠯ ᠢ ᠤᠢ ᠰᠢᠭᠤᠢ ᠶᠢᠨ ᠲᠤᠪᠴᠢᠶ᠎ᠠ ᠠᠴᠠ ᠨᠢᠬᠡᠳᠦᠯᠳᠠᠢ ᠵᠤᠬᠢᠶᠠᠨ ᠪᠠᠶᠢᠭᠤᠯᠤᠨ ᠬᠢᠵᠤ᠂ ᠮᠠᠰᠢᠨ ᠴᠠᠬᠢᠯᠭᠠᠨ ᠬᠤᠳᠳᠤᠭ᠂ ᠴᠠᠬᠢᠯᠭᠠᠨ ᠵᠠᠷᠤᠳᠠᠯ ᠢ ᠮᠠᠯᠳᠠᠵᠤ ᠲᠤᠬᠢᠷᠠᠭᠤᠯᠬᠤ᠂ ᠬᠤᠭᠤᠯᠠᠢ ᠭᠤᠤᠷᠰᠤ ᠶᠢ ᠪᠤᠯᠠᠬᠤ ᠪᠡᠯᠡ ᠮᠦᠩᠭᠦ ᠶᠢ ᠬᠤᠰᠢᠭᠤ ᠡᠳ᠋ ᠤᠨ ᠵᠠᠰᠠᠭ ᠠᠴᠠ ᠨᠢᠬᠡᠳᠦᠯᠳᠠᠢ ᠰᠢᠢᠳᠪᠦᠷᠢᠯᠡᠨ᠎ᠡ᠃ ᠬᠤᠰᠢᠭᠤ ᠴᠡᠴᠡᠷᠯᠢᠭᠵᠢᠬᠦᠯᠬᠡ ᠎ ᠶᠢᠨ ᠲᠤᠪᠴᠢᠶ᠎ᠠ ᠶᠢᠨ ᠪᠤᠢ ᠪᠦᠬᠦᠢ ᠬᠠᠷᠢᠭᠤᠴᠠᠬᠤ ᠪᠠᠶᠢᠭ᠎ᠠ ᠭᠠᠵᠠᠷ ᠤᠨ ᠬᠡᠰᠡᠭ ᠤᠨ ᠮᠤᠳᠤ ᠶᠢ ᠲᠠᠷᠢᠵᠤ ᠲᠠᠭᠤᠰᠤᠭᠰᠠᠨ ᠤ ᠰᠡᠬᠦᠯᠡᠷ ᠴᠡᠴᠡᠷᠯᠢᠭᠵᠢᠬᠦᠯᠬᠡ ᠶᠢᠨ ᠲᠤᠪᠴᠢᠶ᠎ᠠ ᠠᠴᠠ ᠨᠢᠬᠡᠳᠦᠯᠳᠠᠢ ᠠᠷᠠᠴᠢᠯᠠᠵᠤ ᠬᠠᠮᠠᠭᠠᠯᠠᠨ᠎ᠠ᠃ ᠡᠯ᠎ᠡ ᠪᠠᠶᠢᠭᠤᠯᠭ᠎ᠠ ᠶᠢ ᠤᠶᠢᠵᠢᠭᠤᠯᠤᠭᠰᠠᠨ ᠭᠠᠵᠠᠷ ᠢᠶᠠᠨ ᠤᠰᠤᠯᠠᠵᠤ ᠠᠷᠠᠴᠢᠯᠠᠵᠤ ᠪᠤᠶᠢᠵᠢᠭᠤᠯᠬᠤ ᠡᠬᠦᠷᠬᠡ ᠶᠢ ᠠᠳᠠᠯᠢ ᠪᠤᠰᠤ ᠠᠷᠭ᠎ᠠ ᠪᠠᠷ ᠭᠤᠷᠪᠠᠳᠤᠭᠠᠷ ᠡᠳᠡᠬᠡᠳ ᠡᠰᠡᠬᠦᠯ᠎ᠡ ᠲᠤᠰ ᠪᠠᠶᠢᠭᠤᠯᠭ᠎ᠠ ᠶᠢᠨ ᠢᠶᠠᠨ ᠲᠡᠳᠬᠦᠵᠦ ᠲᠡᠮᠵᠢᠵᠦ ᠪᠠᠶᠢᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠨᠢᠬᠡᠳᠦᠯᠳᠠᠢ ᠲᠠᠭᠠᠭᠠᠴᠢᠯᠠᠵᠤ ᠦᠭᠬᠦ ᠶᠢ ᠵᠤᠷᠢᠭᠵᠢᠭᠤᠯᠵᠤ᠂ ᠭᠤᠷᠪᠠᠳᠤᠭᠠᠷ ᠡᠳᠡᠬᠡᠳ ᠡᠰᠡᠬᠦᠯ᠎ᠡ ᠲᠡᠳᠬᠦᠵᠦ ᠲᠡᠮᠵᠢᠵᠦ ᠪᠠᠶᠢᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠲᠠᠷᠠᠭᠠᠴᠢ ᠶᠢᠨ ᠠᠷᠠᠴᠢᠯᠠᠯᠳᠠ ᠬᠠᠮᠢᠶᠠᠷᠤᠯᠳᠠ ᠶᠢ ᠬᠢᠵᠦ᠂ ᠠᠵᠢᠯ ᠤᠨ ᠲᠦᠯᠦᠪᠯᠡᠭᠡ ᠶᠢᠨ ᠱᠠᠭᠠᠷᠳᠠᠯᠭ᠎ᠠ ᠶᠤᠰᠤᠭᠠᠷ ᠤᠰᠤᠯᠠᠵᠤ ᠠᠷᠠᠴᠢᠯᠠᠵᠤ ᠪᠤᠶᠢᠵᠢᠭᠤᠯᠤᠨ᠎ᠠ᠃ ᠦᠷᠬᠡᠨ ᠤᠯᠠᠨ ᠺᠠᠳ᠋ᠷ ᠤᠯᠠᠨ ᠲᠦᠮᠡᠨ ᠠᠴᠠ ᠲᠦᠷᠦᠬᠦᠯᠤᠨ ᠲᠠᠷᠢᠭᠰᠠᠨ ᠮᠤᠳᠤᠨ ᠤ ᠲᠠᠷᠠᠭᠠᠴᠢ ᠶᠢᠨ ᠠᠷᠠᠴᠢᠯᠠᠯᠳᠠ ᠬᠠᠮᠠᠭᠠᠯᠠᠯᠳᠠ ᠶᠢ ᠲᠡᠮᠳᠡᠭ ᠵᠡᠬᠦᠵᠦ ᠠᠷᠠᠴᠢᠯᠠᠬᠤ ᠶᠢ ᠤᠷᠮᠠᠰᠢᠭᠤᠯᠤᠨ ᠲᠠᠶᠢᠴᠢᠯᠠᠨ᠎ᠠ᠃ ᠤᠢ ᠰᠢᠭᠤᠢ ᠶᠢᠨ ᠲᠤᠪᠴᠢᠶ᠎ᠠ ᠠᠯᠪᠠᠨ ᠵᠢᠷᠤᠮ ᠤᠨ ᠮᠤᠳᠤ ᠲᠠᠷᠢᠭᠰᠠᠨ ᠭᠠᠵᠠᠷ ᠢ ᠲᠤᠭᠤᠷᠢᠭᠤᠯᠤᠨ ᠪᠢᠳᠡᠬᠦᠮᠵᠢᠯᠠᠵᠤ ᠠᠷᠠᠴᠢᠯᠠᠯᠳᠠ ᠬᠠᠮᠠᠭᠠᠯᠠᠯᠳᠠ ᠶᠢ ᠬᠢᠵᠤ᠂ ᠬᠤᠷᠤᠭ᠎ᠠ ᠤᠢ ᠰᠢᠭᠤᠢ ᠶᠢᠨ ᠲᠠᠯᠠᠪᠠᠢ ᠠᠴᠠ ᠬᠡᠷᠡᠭᠵᠢᠬᠦᠯᠵᠦ᠂ ᠡᠵᠡᠨ ᠬᠤᠷᠤᠭ᠎ᠠ ᠪᠠᠯᠭᠠᠰᠤ ᠠᠴᠠ ᠬᠠᠷᠢᠭᠤᠴᠠᠨ ᠵᠦᠷᠢᠴᠡᠯ ᠮᠦᠷᠬᠦᠯᠳᠦᠬᠡᠨ ᠶᠢ ᠰᠢᠢᠳᠪᠦᠷᠢᠯᠡᠵᠦ᠂ ᠪᠤᠢ ᠪᠦᠬᠦᠢ ᠵᠠᠷᠤᠳᠠᠯ ᠢ ᠬᠤᠰᠢᠭᠤ ᠡᠳ᠋ ᠤᠨ ᠵᠠᠰᠠᠭ ᠠᠴᠠ ᠨᠢᠬᠡᠳᠦᠯᠳᠠᠢ ᠰᠢᠢᠳᠪᠦᠷᠢᠯᠡᠨ᠎ᠡ᠃      ᠲᠠᠪᠤ᠂ ᠪᠠᠳᠤᠯᠠᠬᠤ ᠠᠷᠭ᠎ᠠ ᠬᠡᠮᠵᠢᠶ᠎ᠡ      ︵ᠨᠢᠬᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠲᠤᠳᠤᠷᠬᠠᠶᠢᠯᠠᠬᠤ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠭᠤᠤᠯ ᠪᠤᠯᠬᠤ ᠤᠳᠤᠷᠢᠳᠤᠯᠭ᠎ᠠ ᠲᠤᠰ ᠬᠠᠷᠢᠶ᠎ᠠ ᠤᠷᠤᠨ᠂ ᠲᠤᠰ ᠪᠠᠶᠢᠭᠤᠯᠭ᠎ᠠ ᠎ ᠶᠢᠨ ᠢᠶᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯ ᠤᠨ ᠨᠢᠬᠡᠳᠦᠬᠡᠷ ᠬᠠᠷᠢᠭᠤᠴᠠᠭᠴᠢ ᠪᠤᠯᠤᠨ ᠲᠦᠷᠦᠬᠦᠯᠡᠵᠦ ᠲᠤᠰ ᠪᠠᠶᠢᠭᠤᠯᠭ᠎ᠠ ᠶᠢᠨ ᠢᠶᠠᠨ ᠠᠵᠢᠯᠳᠠᠨ ᠢ ᠵᠤᠬᠢᠶᠠᠨ ᠪᠠᠶᠢᠭᠤᠯᠵᠤ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠎ ᠳᠤ ᠢᠳᠡᠪᠬᠢᠳᠠᠢ ᠤᠷᠤᠯᠴᠠᠵᠤ᠂ ᠬᠡᠷᠡᠭᠵᠢᠬᠦᠯᠦᠯᠳᠡ ᠶᠢᠨ ᠲᠦᠰᠦᠯ ᠤᠨ ᠶᠡᠷᠦᠩᠬᠡᠢ ᠱᠠᠭᠠᠷᠳᠠᠯᠭ᠎ᠠ ᠶᠤᠰᠤᠭᠠᠷ ᠡᠬᠦᠷᠬᠡ ᠎ ᠶᠢᠨ ᠬᠤᠪᠢᠶᠠᠷᠯᠠᠯᠳᠠ ᠶᠢᠨ ᠬᠦᠰᠦᠨᠦᠭᠳᠤ ᠲᠠᠢ ᠬᠠᠷᠢᠴᠠᠭᠤᠯᠵᠤ᠂ ᠮᠡᠷᠬᠡᠵᠢᠯ ᠤᠨ ᠲᠦᠷᠢᠮ ᠶᠤᠰᠤᠭᠠᠷ ᠬᠠᠷᠢᠭᠤᠴᠠᠯᠭ᠎ᠠ ᠎ ᠪᠠᠨ ᠲᠤᠳᠤᠷᠬᠠᠶᠢᠯᠠᠵᠤ᠂ ᠵᠠᠪᠳᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠴᠠᠭ ᠲᠤᠬᠠᠢ ᠳᠤᠨᠢ ᠨᠤᠭᠤᠭᠠᠷᠠᠭᠤᠯᠤᠯᠳᠠ ᠶᠢᠨ ᠡᠬᠦᠷᠬᠡ ᠪᠠᠨ ᠪᠠᠶᠠᠯᠠᠡᠬᠦᠯᠬᠦ ᠶᠢ ᠦᠨᠡᠨᠬᠦ ᠪᠠᠳᠤᠯᠠᠨ᠎ᠠ᠃ ᠠᠯᠪᠠᠨ ᠵᠢᠷᠤᠮ ᠤᠨ ᠮᠤᠳᠤ ᠲᠠᠷᠢᠬᠤ ᠳ᠋ᠣ ᠬᠤᠯᠪᠤᠭᠳᠠᠬᠤ ᠭᠠᠵᠠᠷ ᠰᠢᠷᠤᠢ ᠶᠢᠨ ᠵᠢᠭᠤᠷᠠᠯᠳᠤᠭᠠᠨ ᠤ ᠠᠰᠠᠭᠤᠳᠠᠯ ᠢ ᠬᠠᠷᠢᠶ᠎ᠠ ᠪᠠᠯᠭᠠᠰᠤᠨ ᠤ ᠬᠢᠨᠢ ᠠᠷᠠᠳ ᠤᠨ ᠵᠠᠰᠠᠭ ᠤᠨ ᠤᠷᠳᠤᠨ ᠠᠴᠠ ᠰᠢᠢᠳᠪᠤᠷᠢᠯᠠᠵᠤ᠂ ᠡᠯ᠎ᠡ ᠪᠠᠯᠭᠠᠰᠤ ᠵᠤᠬᠢᠶᠠᠨ ᠪᠠᠶᠢᠭᠤᠯᠵᠤ ᠵᠤᠬᠢᠴᠠᠭᠤᠯᠬᠤ ᠠᠵᠢᠯ ᠢᠶᠠᠨ ᠰᠠᠶᠢᠳᠤᠷ ᠬᠢᠵᠤ᠂ ᠠᠯᠪᠠᠨ ᠵᠢᠷᠤᠮ ᠤᠨ ᠮᠤᠳᠤ ᠲᠠᠷᠢᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠦᠨᠡᠨᠬᠦ ᠪᠠᠳᠤᠯᠠᠨ᠎ᠠ᠃ ᠤᠨᠴᠠᠭᠠᠢ ᠪᠠᠶᠢᠳᠠᠯ ᠠᠴᠠ ᠪᠤᠯᠤᠭᠠᠳ ᠡᠬᠦᠷᠬᠡ ᠪᠠᠨ ᠪᠠᠶᠠᠯᠠᠬᠦᠯᠵᠤ ᠲᠠᠶᠢᠯᠬᠦ ᠦᠬᠡᠢ ᠪᠤᠯ ᠲᠤᠰ ᠪᠠᠶᠢᠭᠤᠯᠭ᠎ᠠ ᠠᠴᠠ ᠬᠠᠷᠢᠭᠤᠴᠠᠵᠤ ᠪᠤᠰᠤᠳ ᠬᠦᠮᠦᠨ ᠢ ᠬᠦᠯᠦᠰᠦᠯᠡᠨ ᠪᠠᠶᠢᠵᠤ ᠡᠬᠦᠷᠬᠡ ᠪᠠᠨ ᠪᠡᠶᠡᠯᠡᠬᠦᠯᠬᠦ ᠶᠤᠰᠤᠳᠠᠢ᠃      ︵ᠬᠤᠶᠠᠷ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠤᠢ ᠪᠤᠯᠭᠠᠬᠤ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢᠨ ᠴᠢᠬᠤᠯᠠ ᠴᠢᠨᠠᠷ ᠪᠠ ᠵᠠᠶᠢᠯᠠᠰᠢ ᠦᠬᠡᠢ ᠴᠢᠨᠠᠷ ᠢ ᠶᠡᠬᠡᠪᠡᠷ ᠤᠬᠠᠭᠤᠯᠤᠨ ᠦᠷᠨᠢᠬᠦᠯᠵᠦ᠂ ᠦᠷᠬᠡᠨ ᠤᠯᠠᠨ ᠺᠠᠳ᠋ᠷ ᠤᠯᠠᠨ ᠲᠦᠮᠡᠨ ᠳᠤ ᠠᠯᠪᠠᠨ ᠵᠢᠷᠤᠮ ᠤᠨ ᠮᠤᠳᠤ ᠲᠠᠷᠢᠬᠤ ᠪᠤᠯ ᠡᠷᠬᠡᠳᠦ ᠠᠷᠠᠳ ᠨᠢᠬᠡᠪᠦᠷᠢ ᠶᠢᠨ ᠬᠠᠤᠯᠢ ᠳᠤ ᠲᠤᠭᠳᠠᠭᠠᠭᠰᠠᠨ ᠡᠬᠦᠷᠬᠡ ᠪᠤᠯᠬᠤ ᠪᠦᠬᠡᠳ ᠤᠬᠠᠮᠰᠠᠷ ᠠᠴᠠ ᠪᠠᠨ ᠬᠦᠢᠴᠡᠳᠬᠡᠬᠦ ᠶᠢ ᠬᠦᠢᠴᠡᠳ ᠲᠠᠨᠢᠯᠴᠠᠭᠤᠯᠬᠤ ᠬᠡᠷᠡᠭᠳᠠᠢ᠃ ᠤᠬᠠᠭᠤᠯᠭ᠎ᠠ ᠎ ᠶᠢᠨ ᠪᠠᠶᠢᠭᠤᠯᠭ᠎ᠠ ᠰᠤᠨᠢᠨ ᠮᠡᠳᠡᠬᠡᠨ ᠤ ᠵᠠᠭᠤᠴᠢ᠂ ᠵᠢᠷᠬᠡᠬᠡ ᠵᠡᠷᠬᠡ ᠤᠯᠠᠨ ᠲᠦᠷᠦᠯ ᠤᠨ ᠬᠡᠯᠪᠡᠷᠢ ᠮᠠᠶ᠋ᠢᠭ ᠢ ᠠᠰᠢᠭᠯᠠᠵᠤ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠮᠤᠳᠤ ᠲᠠᠷᠢᠵᠤ ᠤᠶᠢᠵᠢᠭᠤᠯᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ ᠮᠤᠳᠤ ᠲᠠᠷᠢᠬᠤ ᠭᠠᠵᠠᠷ ᠤᠨ ᠤᠬᠠᠭᠤᠯᠭ᠎ᠠ ᠶᠢᠨ ᠡᠯᠬᠦᠬᠡ ᠪᠢᠴᠢᠬᠡᠰᠦ᠂ ᠪᠡᠯᠬᠡ ᠲᠡᠮᠳᠡᠭ ᠤᠨ ᠫᠠᠶᠢᠰᠠ᠂ ᠦᠩᠬᠡᠳᠦ ᠲᠤᠭ ᠪᠤᠯᠤᠨ ᠵᠠᠮ ᠢ ᠲᠡᠭᠰᠢᠯᠡᠬᠦ ᠠᠵᠢᠯ ᠢ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ ᠠᠴᠠ ᠨᠢᠬᠡᠳᠦᠯᠳᠠᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢᠨ ᠬᠠᠮᠳᠤ ᠮᠤᠳᠤ ᠲᠠᠷᠢᠬᠤ ᠡᠯ᠎ᠡ ᠪᠠᠶᠢᠭᠤᠯᠭ᠎ᠠ ᠠᠴᠠ ᠪᠠᠶᠢᠭᠤᠯᠭ᠎ᠠ ᠶᠢᠨ ᠢᠶᠠᠨ ᠨᠡᠷ᠎ᠡ ᠶᠢ ᠲᠠᠷᠤᠮᠠᠯᠯᠠᠭᠰᠠᠨ ᠨᠢᠬᠡ ᠦᠩᠭᠡᠳᠦ ᠲᠤᠭ ᠢ ᠦᠪᠡᠷ ᠢᠶᠠᠨ ᠪᠡᠯᠡᠳᠬᠡᠨ᠎ᠡ᠃      ︵ᠭᠤᠷᠪᠠ︶ ᠤᠷᠢᠳᠴᠢᠯᠠᠨ ᠠᠷᠭ᠎ᠠ ᠰᠦᠪᠡᠭᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠲᠤᠳᠤᠷᠬᠠᠶᠢᠯᠠᠬᠤ᠃ ᠮᠤᠳᠤ ᠲᠠᠷᠢᠬᠤ ᠡᠯ᠎ᠡ ᠪᠠᠶᠢᠭᠤᠯᠭ᠎ᠠ ᠪᠤᠯᠤᠨ ᠤᠢ ᠰᠢᠭᠤᠢ ᠶᠢᠨ ᠪᠠᠶᠢᠭᠤᠯᠭ᠎ᠠ᠂ ᠭᠠᠵᠠᠷ ᠤᠨ ᠬᠡᠰᠡᠭ᠂ ᠴᠢᠬᠢ ᠮᠤᠳᠤ᠂ ᠤᠰᠤᠨ ᠤ ᠢᠷᠡᠯᠳᠡ᠂ ᠬᠦᠮᠦᠨ ᠵᠡᠷᠬᠡ ᠲᠠᠯ᠎ᠠ ᠶᠢᠨ ᠵᠤᠬᠢᠶᠠᠨ ᠪᠠᠶᠢᠭᠤᠯᠵᠤ᠂ ᠲᠦᠰᠦᠪᠯᠡᠬᠦ ᠠᠵᠢᠯ ᠢᠶᠠᠨ ᠤᠷᠢᠳᠴᠢᠯᠠᠨ ᠰᠠᠶᠢᠳᠤᠷ ᠬᠢᠵᠦ᠂ ᠺᠠᠳ᠋ᠷ ᠠᠵᠢᠯᠳᠠᠨ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠬᠡᠯᠪᠡᠷᠢ ᠮᠠᠶ᠋ᠢᠭ ᠎ ᠨᠢ ᠤᠯᠠᠨ ᠶᠠᠩᠵᠤ ᠶᠢᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠦᠷᠨᠢᠬᠦᠯᠦᠨ᠎ᠡ᠃ ᠡᠯ᠎ᠡ ᠪᠠᠶᠢᠭᠤᠯᠭ᠎ᠠ ᠎ ᠠᠴᠠ ᠨᠢᠬᠡ ᠨᠡᠷ᠎ᠡ ᠬᠠᠷᠢᠭᠤᠴᠠᠭᠴᠢ ᠤᠳᠤᠷᠢᠳᠤᠯᠭ᠎ᠠ ᠶᠢ ᠲᠤᠭᠳᠠᠭᠠᠵᠤ᠂ ᠨᠢᠬᠡ ᠨᠡᠷ᠎ᠡ ᠠᠵᠢᠯᠳᠠᠨ ᠳᠤ ᠲᠠᠭᠠᠭᠠᠴᠢᠯᠠᠭᠤᠯᠵᠤ᠂ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ ᠶᠢᠨ ᠮᠡᠷᠬᠡᠵᠢᠯᠳᠡᠨ ᠲᠠᠢ ᠪᠤᠳᠠᠳᠠᠢ ᠬᠠᠷᠢᠭᠤᠴᠠᠵᠤ᠂ ᠬᠡᠰᠡᠭ ᠭᠠᠵᠠᠷ ᠨᠢ ᠲᠤᠳᠤᠷᠬᠠᠢ᠂ ᠰᠠᠭᠤᠷᠢ ᠶᠢᠨ ᠲᠤᠭ᠎ᠠ ᠨᠢ ᠲᠤᠳᠤᠷᠬᠠᠢ᠂ ᠱᠠᠭᠠᠷᠳᠠᠯᠭ᠎ᠠ ᠨᠢ ᠲᠤᠳᠤᠷᠬᠠᠢ ᠪᠠᠶᠢᠬᠤ ᠶᠢ ᠦᠨᠡᠨᠬᠦ ᠪᠠᠳᠤᠯᠠᠵᠤ᠂ ᠬᠠᠮᠢᠶ᠎ᠠ ᠪᠦᠬᠦᠢ ᠴᠢᠮᠡᠭᠡ ᠵᠠᠩᠭᠢ ᠎ ᠶᠢᠨ ᠲᠤᠭ᠎ᠠ ᠪᠠᠷᠢᠮᠳᠠ ᠶᠢ ᠴᠠᠭ ᠲᠤᠬᠠᠢ ᠳᠤᠨᠢ ᠬᠦᠷᠬᠡᠬᠦ ᠶᠢ ᠦᠨᠡᠨᠬᠦ ᠪᠠᠳᠤᠯᠠᠵᠤ᠂ ᠬᠠᠷᠢᠭᠤᠴᠠᠭᠴᠢ ᠤᠳᠤᠷᠢᠳᠤᠯᠭ᠎ᠠ ᠪᠤᠯᠤᠨ ᠠᠵᠢᠯᠳᠠᠨ ᠤ ᠨᠡᠷ᠎ᠡ ᠶᠢ ᠡᠷᠬᠡᠪᠰᠢ 4 ᠰᠠᠷ᠎ᠠ ᠶᠢᠨ 5᠎ ᠤ ᠡᠳᠦᠷ ᠠᠴᠠ ᠡᠮᠦᠨ᠎ᠡ ᠬᠤᠰᠢᠭᠤ ᠤᠢ ᠰᠢᠭᠤᠢ ᠶᠢᠨ ᠲᠤᠪᠴᠢᠶ᠎ᠠ ᠪᠤᠯᠤᠨ ᠴᠡᠴᠡᠷᠯᠢᠭᠵᠢᠬᠦᠯᠬᠡ ᠶᠢᠨ ᠲᠤᠪᠴᠢᠶ᠎ᠠ ᠶᠢᠨ ᠠᠯᠪᠠᠨ ᠬᠡᠷ ᠲᠤ ᠮᠡᠳᠡᠬᠦᠯᠦᠨ᠎ᠡ᠃ ᠠᠯᠪᠠᠨ ᠵᠢᠷᠤᠮ ᠎ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠬᠤ ᠬᠦᠮᠦᠨ ᠦᠪᠡᠷ ᠢᠶᠠᠨ ᠲᠠᠷᠢᠬᠤ ᠪᠠᠭᠠᠵᠢ ᠬᠡᠷᠡᠭᠰᠡᠯ ︵ᠬᠦᠷᠵᠡ᠂ ᠤᠰᠤᠨ ᠰᠠᠭᠤᠯᠠᠭ᠎ᠠ ᠵᠡᠷᠬᠡ︶᠎ ᠢᠶᠠᠨ ᠪᠡᠯᠡᠳᠬᠡᠵᠦ᠂ ᠵᠠᠮ ᠬᠠᠷᠢᠯᠴᠠᠭᠠᠨ ᠤ ᠪᠠᠭᠠᠵᠢ ᠪᠤᠯᠤᠨ ᠮᠤᠳᠤ ᠲᠠᠷᠢᠬᠤ ᠬᠦᠮᠦᠰ ᠎ ᠢᠶᠠᠨ ᠦᠪᠡᠷ ᠢᠶᠠᠨ ᠰᠢᠢᠳᠪᠦᠷᠢᠯᠡᠵᠦ᠂ ᠡᠯ᠎ᠡ ᠪᠠᠶᠢᠭᠤᠯᠭ᠎ᠠ ᠶᠢᠨ ᠬᠠᠷᠢᠭᠤᠴᠠᠭᠴᠢ ᠤᠳᠤᠷᠢᠳᠤᠯᠭ᠎ᠠ ᠠᠯᠪᠠᠨ ᠵᠢᠷᠤᠮ ᠎ ᠤᠨ ᠮᠤᠳᠤ ᠲᠠᠷᠢᠬᠤ ᠬᠤᠭᠤᠴᠠᠭᠠᠨ ᠳᠠᠬᠢ ᠠᠯᠪᠠᠨ ᠵᠢᠷᠤᠮ ᠤᠨ ᠮᠤᠳᠤ ᠲᠠᠷᠢᠬᠤ ᠳᠤ ᠤᠷᠤᠯᠴᠠᠵᠤ ᠪᠠᠶᠢᠭ᠎ᠠ ᠬᠦᠮᠦᠨ ᠎ ᠤ ᠵᠠᠮ ᠬᠠᠷᠢᠯᠴᠠᠭ᠎ᠠ ᠪᠠ ᠪᠠᠷᠢᠯᠭ᠎ᠠ ᠶᠢᠨ ᠠᠵᠢᠯ ᠤᠨ ᠠᠶᠤᠯᠬᠦᠢ ᠶᠢᠨ ᠠᠵᠢᠯ ᠢ ᠰᠠᠶᠢᠳᠤᠷ ᠬᠠᠷᠢᠭᠤᠴᠠᠨ᠎ᠠ᠃      ︵ᠲᠦᠷᠪᠡ︶ ᠰᠢᠮᠳᠠᠭᠤᠯᠤᠨ ᠪᠠᠶᠢᠴᠠᠭᠠᠯᠳᠠ ᠶᠢ ᠴᠢᠩᠭᠠᠳᠬᠠᠵᠤ᠂ ᠪᠤᠳᠠᠳᠠᠢ ᠦᠷ᠎ᠡ ᠪᠦᠳᠦᠮᠵᠢ ᠶᠢ ᠪᠠᠳᠤᠯᠠᠬᠤ᠃ ᠠᠯᠪᠠᠨ ᠵᠢᠷᠤᠮ ᠤᠨ ᠮᠤᠳᠤ ᠲᠠᠷᠢᠬᠤ ᠬᠠᠮᠢᠶ᠎ᠠ ᠪᠦᠬᠦᠢ ᠠᠭᠤᠯᠭ᠎ᠠ ᠶᠢ ᠡᠯ᠎ᠡ ᠪᠠᠶᠢᠭᠤᠯᠭ᠎ᠠ ᠶᠢᠨ ᠬᠠᠷᠠᠯᠳᠠᠳᠤ ᠬᠠᠮᠢᠶᠠᠷᠤᠯᠳᠠ ᠳᠤ ᠤᠷᠤᠭᠤᠯᠵᠤ᠂ ᠵᠢᠯ ᠤᠨ ᠡᠴᠦᠰ ᠲᠤ ᠰᠢᠯᠭᠠᠨ ᠬᠢᠨᠠᠨ᠎ᠠ᠃ ᠮᠤᠳᠤ ᠲᠠᠷᠢᠵᠤ ᠲᠠᠭᠤᠰᠤᠭᠰᠠᠨ ᠤ ᠰᠡᠬᠦᠯᠡᠷ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ ᠨᠢ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠤᠶᠠᠷ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ᠂ ᠡᠳ᠋ ᠤᠨ ᠵᠠᠰᠠᠭ᠂ ᠬᠢᠨᠠᠨ ᠪᠤᠳᠤᠬᠤ ᠵᠡᠷᠬᠡ ᠬᠠᠮᠢᠶ᠎ᠠ ᠪᠦᠬᠦᠢ ᠪᠠᠶᠢᠭᠤᠯᠭ᠎ᠠ ᠎ ᠲᠠᠢ ᠬᠠᠮᠳᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠤᠳᠤ ᠲᠠᠷᠢᠬᠤ᠂ ᠨᠤᠭᠤᠭᠠᠷᠠᠭᠤᠯᠤᠯᠳᠠ ᠶᠢᠨ ᠠᠵᠢᠯ ᠢ ᠰᠢᠯᠭᠠᠨ ᠠᠪᠬᠤ ᠲᠤᠭᠤᠶᠢᠯᠠᠩ ᠪᠤᠯᠤᠨ ᠪᠦᠷᠢᠯᠳᠦᠵᠦ᠂ ᠪᠦᠬᠦ ᠬᠤᠰᠢᠭᠤᠨ ᠤ ᠠᠯᠪᠠᠨ ᠵᠢᠷᠤᠮ ᠤᠨ ᠮᠤᠳᠤ ᠲᠠᠷᠢᠬᠤ ᠡᠬᠦᠷᠬᠡ ᠶᠢ ᠪᠠᠶᠡᠯᠡᠬᠦᠯᠦᠭᠰᠡᠨ ᠪᠠᠶᠢᠳᠠᠯ ᠳᠤ ᠪᠠᠶᠢᠴᠠᠭᠠᠯᠳᠠ ᠬᠢᠵᠦ ᠰᠢᠯᠭᠠᠨ ᠬᠤᠷᠢᠶᠠᠬᠤ ᠠᠵᠢᠯ ᠢ ᠬᠠᠷᠢᠭᠤᠴᠠᠬᠤ ︵ᠵᠢᠯ ᠳᠤ ᠬᠤᠶᠠᠷ ᠤᠳᠠᠭᠠᠨ ᠤ ᠰᠢᠯᠭᠠᠨ ᠬᠤᠷᠢᠶᠠᠯᠳᠠ ᠬᠢᠨ᠎ᠡ︶᠎ ᠶᠢᠨ ᠬᠠᠮᠳᠤ ᠰᠢᠯᠭᠠᠨ ᠠᠪᠤᠭᠰᠠᠨ ᠦᠷ᠎ᠡ ᠳ᠋ᠦᠩ ᠢ ᠨᠡᠶᠢᠳᠡᠯᠡᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠢᠯᠭᠠᠨ ᠬᠤᠷᠢᠶᠠᠭᠰᠠᠨ ᠦᠷ᠎ᠡ ᠳ᠋ᠦᠩ ᠲᠠᠢ ᠤᠶᠠᠯᠳᠤᠭᠤᠯᠵᠤ᠂ ᠡᠯ᠎ᠡ ᠪᠠᠶᠢᠭᠤᠯᠭ᠎ᠠ ᠳᠤ ᠰᠢᠯᠭᠠᠨ ᠬᠢᠨᠠᠬᠤ ᠰᠢᠯᠭᠠᠨ ᠬᠤᠷᠢᠶᠠᠭᠰᠠᠨ ᠰᠢᠯᠭᠠᠷᠠᠭᠤᠯᠤᠯᠳᠠ ᠬᠢᠨ᠎ᠡ᠃      ︵ᠲᠠᠪᠤ︶ ᠨᠠᠷᠢᠨ ᠬᠢᠨᠠᠮᠠᠭᠠᠢ ᠳ᠋ᠦᠩᠨᠡᠯᠳᠡ ᠬᠢᠵᠦ᠂ ᠲᠠᠩᠰᠠ ᠡᠪᠬᠡᠮᠡᠯ ᠤᠨ ᠬᠠᠮᠢᠶᠠᠷᠤᠯᠳᠠ ᠶᠢ ᠪᠦᠷᠢᠨᠰᠢᠬᠦᠯᠬᠦ᠃ ᠡᠯ᠎ᠡ ᠪᠠᠶᠢᠭᠤᠯᠭ᠎ᠠ ᠠᠯᠪᠠᠨ ᠵᠢᠷᠤᠮ ᠤᠨ ᠮᠤᠳᠤ ᠲᠠᠷᠢᠬᠤ ᠡᠬᠦᠷᠬᠡ ᠪᠠᠨ ᠪᠠᠶᠡᠯᠡᠬᠦᠯᠦᠭᠰᠡᠨ ᠤ ᠰᠡᠬᠦᠯᠡᠷ᠂ ᠲᠤᠰ ᠪᠠᠶᠢᠭᠤᠯᠭ᠎ᠠ ᠶᠢᠨ ᠢᠶᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠦᠷᠨᠢᠬᠦᠯᠦᠭᠰᠡᠨ ᠳ᠋ᠦᠩᠨᠡᠯᠳᠡ ᠪᠠᠨ ᠲᠤᠰ ᠪᠦᠷᠢ ᠴᠠᠭᠠᠰᠤᠨ ᠲᠡᠬᠡᠷ᠎ᠡ ᠪᠠ ᠡᠯᠧᠺᠲᠷᠤᠨ ᠬᠡᠪᠯᠡᠯ ᠤᠨ ᠬᠡᠯᠪᠡᠷᠢ ᠪᠠᠷ 6 ᠰᠠᠷ᠎ᠠ ᠶᠢᠨ 20᠎ ᠠᠴᠠ ᠡᠮᠦᠨ᠎ᠡ ᠬᠤᠰᠢᠭᠤ ᠤᠢ ᠰᠢᠭᠤᠢ ᠶᠢᠨ ᠲᠤᠪᠴᠢᠶ᠎ᠠ᠂ ᠴᠡᠴᠷᠯᠢᠭᠵᠢᠬᠦᠯᠬᠡ ᠶᠢᠨ ᠲᠤᠪᠴᠢᠶ᠎ᠠ ᠳᠤ ᠮᠡᠳᠡᠬᠦᠯᠵᠦ᠂ ᠡᠪᠬᠡᠮᠡᠯ ᠳᠤ ᠤᠷᠤᠭᠤᠯᠵᠤ᠂ ᠲᠠᠩᠰᠠᠨ ᠳᠤ ᠲᠡᠮᠳᠡᠭᠯᠡᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号