2018 ᠣᠨ ᠤ ᠦᠨ᠎ᠡ ᠲᠦᠯᠦᠪᠦᠷᠢ ᠦᠬᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠬᠦ ᠲᠤᠬᠠᠢ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠡᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠠᠯᠪᠡᠨ ᠲᠠᠷᠬᠠᠭᠠᠭᠰᠠᠨ ﹇2018﹈ 18 ᠳ᠋ᠤᠭᠠᠷ ᠲᠤᠭᠠᠳᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠄      ︽ᠪᠥᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾ ᠪᠠ ︽ᠥᠪᠦᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠢᠷᠬᠡᠳ ᠤᠨ ᠴᠢᠰᠤ ᠬᠠᠨᠳᠢᠪᠯᠠᠬᠤ ᠳᠦᠷᠢᠮ︾᠎ ᠢ ᠨᠠᠷᠢᠨ ᠬᠢᠨᠠᠮᠠᠭᠠᠢ ᠲᠤᠤᠱᠯᠠᠭᠤᠯᠵᠤ᠂ ᠮᠠᠨ ᠤ ᠬᠤᠰᠢᠭᠤᠨ ᠤ ᠡᠮᠴᠢᠯᠡᠭᠡᠨ ᠤ ᠴᠢᠰᠤ ᠬᠡᠷᠡᠭᠯᠡᠬᠦ ᠱᠠᠭᠠᠷᠳᠠᠯᠭ᠎ᠠ ᠬᠢᠭᠡᠳ ᠴᠢᠰᠤᠨ ᠤ ᠠᠶᠤᠯᠬᠦᠢ ᠢ ᠪᠠᠳᠤᠯᠠᠬᠤ ᠶᠢᠨ ᠲᠤᠰᠠᠳᠠ᠂ ᠮᠠᠨ ᠤ ᠬᠤᠰᠢᠭᠤᠨ ᠤ ᠦᠨ᠎ᠡ ᠲᠦᠯᠦᠪᠦᠷᠢ ᠦᠬᠡᠢ ᠪᠠᠷ ᠴᠢᠰᠤ ᠪᠠᠨ ᠬᠠᠨᠳᠢᠪᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠬᠦ ᠪᠠᠷ ᠲᠤᠭᠳᠠᠵᠤ᠂ ᠤᠳᠣ ᠬᠤᠯᠪᠤᠭᠳᠠᠯ ᠪᠦᠬᠦᠢ ᠤᠴᠢᠷ ᠲᠤᠤᠷᠠᠬᠢ ᠮᠡᠨᠳᠦ ᠮᠡᠳᠡᠭᠳᠡᠪᠡ᠄      ᠨᠢᠭᠡ᠂ ᠴᠢᠰᠤ ᠬᠠᠨᠳᠢᠪᠯᠠᠬᠤ ᠭᠠᠵᠠᠷ      ᠡᠵᠡᠨ ᠬᠤᠷᠤᠭ᠎ᠠ ᠬᠤᠰᠢᠭᠤᠨ ᠤ ᠡᠷᠡᠬᠦᠯ ᠬᠠᠮᠠᠭᠠᠯᠠᠯ ᠪᠠ ᠲᠦᠯᠦᠪᠯᠡᠬᠡᠳᠦ ᠦᠷᠡᠵᠢᠯ ᠤᠨ ᠲᠤᠪᠴᠢᠶᠠᠨ ᠤ ᠲᠠᠪᠤᠳᠤᠭᠠᠷ ᠠᠰᠠᠷ ᠤᠨ ᠬᠤᠷᠠᠯ ᠤᠨ ᠭᠡᠷ ︵ᠪᠡᠶ᠎ᠡ ᠲᠠᠮᠢᠷ ᠤᠨ ᠴᠡᠴᠡᠷᠯᠢᠭ ᠤᠨ ᠡᠰᠡᠷᠬᠦ ᠲᠠᠯ᠎ᠠ ᠶᠢᠨ ᠬᠢᠵᠢᠭ ᠢ ᠰᠡᠷᠬᠡᠶᠢᠯᠡᠬᠦ ᠡᠵᠡᠮᠰᠢᠬᠦ ᠲᠥᠪ ᠤᠨ ᠲᠠᠪᠤᠳᠤᠭᠠᠷ ᠠᠰᠠᠷ︶᠃      ᠬᠤᠶᠠᠷ᠂ ᠦᠨ᠎ᠡ ᠲᠦᠯᠦᠪᠦᠷᠢ ᠦᠬᠡᠢ ᠪᠠᠷ ᠴᠢᠰᠤ ᠪᠠᠨ ᠬᠠᠨᠳᠢᠪᠯᠠᠬᠤ ᠴᠤᠭᠯᠠᠭᠤᠯᠬᠤ ᠴᠠᠭ ᠤᠨ ᠲᠣᠬᠢᠷᠠᠭᠤᠯᠭ᠎ᠠ      2018 ᠣᠨ ᠤ 5 ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ 08᠄ 30᠎ ᠠᠴᠠ 12᠄ 00 ;      2018 ᠣᠨ ᠤ 5 ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ 08᠄ 30᠎ ᠠᠴᠠ 12᠄ 00 ;      2018 ᠣᠨ ᠤ 5 ᠰᠠᠷ᠎ᠠ ᠶᠢᠨ 23᠎ ᠤ ᠡᠳᠦᠷ ᠤᠨ ᠦᠳᠡ ᠶᠢᠨ ᠡᠮᠦᠨ᠎ᠡ 08᠄ 30᠎ ᠠᠴᠠ 12᠄ 00 ;        2018 ᠣᠨ ᠤ 5 ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨ᠎ᠡ 08᠄ 30᠎ ᠠᠴᠠ 12᠄ 00 ;        ︵ᠪᠤᠳᠠᠳᠠᠢ ᠨᠢᠭᠡᠴᠡ ᠵᠢᠴᠢ ᠨᠡᠷᠡᠰ ᠤᠨ ᠲᠣᠬᠢᠷᠠᠭᠤᠯᠭ᠎ᠠ ᠶᠢ ᠲᠠᠭᠠᠯᠳᠤᠭᠤᠯᠤᠯ ᠳᠤ ᠪᠤᠢ︶      ᠭᠤᠷᠪᠠ᠂ ᠴᠢᠰᠤ ᠬᠠᠨᠳᠢᠪᠯᠠᠬᠤ ᠱᠠᠭᠠᠷᠳᠠᠯᠭ᠎ᠠ      ︵ᠨᠢᠭᠡ︶ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠪᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠴᠢᠰᠤ ᠬᠠᠨᠳᠢᠪᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠦᠨ᠎ᠡ ᠲᠦᠯᠦᠪᠦᠷᠢ ᠦᠭᠡᠢ ᠪᠠᠷ ᠴᠢᠰᠤ ᠪᠠᠨ ᠬᠠᠨᠳᠢᠪᠯᠠᠬᠤ ᠤᠬᠠᠭᠤᠯᠭ᠎ᠠ ᠲᠠᠶᠢᠴᠢᠯᠠᠯᠳᠠ ᠶᠢᠨ ᠠᠵᠢᠯ ᠢ ᠢᠳᠡᠪᠬᠢᠳᠠᠢ ᠰᠠᠶᠢᠳᠤᠷ ᠬᠢᠬᠦ ᠶᠢᠨ ᠲᠠᠭᠠᠤ ᠴᠢᠰᠤ ᠬᠠᠨᠳᠢᠪᠯᠠᠬᠤ ᠠᠵᠢᠯ ᠢ ᠲᠦᠷᠬᠡᠬᠡᠨ ᠬᠤᠪᠢ ᠬᠦᠮᠦᠨ ᠳᠤ ᠨᠠᠶᠢᠳᠠᠪᠤᠷᠢᠵᠢᠭᠤᠯᠵᠤ᠂ ᠲᠤᠰ ᠨᠢᠭᠡᠴᠡ ᠶᠢᠨ ᠠᠵᠢᠯᠳᠠᠨ ᠢ ᠢᠳᠡᠪᠬᠢᠳᠠᠢ ᠵᠤᠬᠢᠶᠠᠨ ᠪᠠᠶᠢᠭᠤᠯᠤᠨ ᠴᠠᠭ ᠲᠠᠭᠠᠨ ᠴᠢᠰᠤ ᠬᠠᠨᠳᠢᠪᠯᠠᠵᠤ᠂ ᠪᠦᠬᠦ ᠬᠤᠰᠢᠭᠤᠨ ᠤ ᠦᠨ᠎ᠡ ᠲᠦᠯᠦᠪᠦᠷᠢ ᠦᠬᠡᠢ ᠪᠠᠷ ᠴᠢᠰᠤ ᠬᠠᠨᠳᠢᠪᠯᠠᠬᠤ ᠠᠵᠢᠯ ᠤᠨ ᠬᠠᠷᠠᠯᠳᠠ ᠶᠢ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠨ᠎ᠠ᠃      ︵ᠬᠤᠶᠠᠷ︶ ᠴᠢᠰᠤ ᠬᠠᠨᠳᠢᠪᠯᠠᠬᠤ ᠳᠤ ︽ᠪᠡᠶ᠎ᠡ ᠶᠢᠨ ᠦᠨᠡᠮᠯᠡᠯ︾ ᠪᠤᠶᠤ ︽ᠦᠨ᠎ᠡ ᠲᠦᠯᠦᠪᠦᠷᠢ ᠦᠬᠡᠢ ᠴᠢᠰᠤ ᠬᠠᠨᠳᠢᠪᠯᠠᠬᠤ ᠦᠨᠡᠮᠯᠡᠯ︾᠎ ᠢᠶᠠᠨ ᠠᠪᠤᠭᠠᠷᠠᠢ᠃      ᠲᠦᠷᠪᠡ᠂ ᠠᠩᠬᠠᠷᠬᠤ ᠵᠦᠢᠯ      ᠴᠢᠰᠤ ᠬᠠᠨᠳᠢᠪᠯᠠᠭᠴᠢ ᠪᠡᠶ᠎ᠡ ᠮᠠᠬᠠᠪᠤᠳ ᠡᠷᠡᠬᠦᠯ ᠴᠢᠬᠢᠷᠠᠭ᠂ 18 ᠪᠦᠬᠦᠯᠢ ᠨᠠᠰᠤ ᠠᠴᠠ 55 ᠪᠦᠬᠦᠯᠢ ᠨᠠᠰᠤ ; ᠴᠢᠰᠤ ᠬᠠᠨᠳᠢᠪᠯᠠᠵᠤ ᠲᠤᠬᠠᠢ ᠶᠢᠨ ᠡᠳᠦᠷ ᠰᠠᠶᠢᠬᠠᠨ ᠤᠨᠳᠠᠵᠤ᠂ ᠦᠷᠯᠦᠬᠡ ᠮᠢᠬ᠎ᠠ ᠲᠤᠰᠣ ᠦᠭᠡᠢ ᠪᠤᠷᠣ ᠬᠤᠭᠤᠯᠠ ᠢᠳᠡᠵᠦ ᠦᠯᠦᠨ ᠢᠶᠠᠷ ᠴᠢᠰᠤ ᠬᠠᠨᠳᠢᠪᠯᠠᠵᠤ᠂ ᠬᠤᠶᠠᠷ ᠭᠤᠷᠪᠠᠨ ᠡᠳᠦᠷ ᠤᠨ ᠲᠤᠳᠤᠷ᠎ᠠ ᠠᠷᠢᠬᠢ ᠤᠤᠭᠤᠭᠰᠠᠨ ᠦᠬᠡᠢ ᠪᠠᠶᠢᠬᠤ ᠶᠢ ᠪᠠᠳᠤᠯᠠᠵᠤ᠂ ᠴᠢᠰᠤ ᠬᠠᠨᠳᠢᠪᠯᠠᠬᠤ ᠶᠢᠨ ᠲᠦᠷᠦᠬᠦᠦ ᠰᠦᠨᠢ ᠲᠤᠰᠤᠨ ᠳᠤ ᠪᠤᠴᠠᠯᠭᠠᠭᠰᠠᠨ᠂ ᠲᠤᠰᠤᠷᠬᠠᠭ ᠢᠳᠡᠬᠡᠨ ᠢᠳᠡᠬᠦ ᠦᠭᠡᠢ᠂ ᠨᠢᠭᠡ ᠭᠠᠷᠠᠭ ᠤᠨ ᠲᠤᠳᠤᠷ᠎ᠠ ᠬᠢᠮᠤᠷᠠᠵᠤ ᠡᠮ ᠤᠤᠭᠤᠭᠰᠠᠨ ᠦᠬᠡᠢ ᠪᠠᠶᠢᠬᠤ ᠂ ᠡᠮᠡᠭᠳᠠᠶᠢᠴᠤᠳ ᠰᠠᠷ᠎ᠠ ᠶᠢᠨ ᠭᠭᠢᠷ ᠤᠨ ᠡᠮᠦᠨ᠎ᠡ ᠬᠤᠶᠢᠨ᠎ᠠ ᠭᠤᠷᠪᠠᠨ ᠡᠳᠦᠷ ᠤᠨ ᠲᠤᠳᠤᠷ᠎ᠠ ; ᠴᠢᠰᠤ ᠬᠠᠨᠳᠢᠪᠯᠠᠭᠰᠠᠨ ᠤ ᠲᠠᠷᠠᠭ᠎ᠠ ᠵᠡᠬᠦᠦ ᠶᠢᠨ ᠤᠷᠣ 10 ᠮᠢᠨᠦ᠋ᠲ ᠲᠠᠷᠤᠵᠤ᠂ 4 ᠴᠠᠭ ᠤᠨ ᠲᠠᠷᠠᠭ᠎ᠠ ᠪᠤᠭᠤᠯᠲᠠ ᠶᠢ ᠠᠪᠴᠤ᠂ ᠵᠡᠬᠦᠦ ᠶᠢᠨ ᠤᠷᠣ ᠶᠢᠨ ᠤᠷᠴᠢᠮ ᠭᠤᠷᠪᠠᠨ ᠡᠳᠦᠷ ᠤᠰᠤ ᠬᠦᠷᠬᠡᠵᠦ ᠪᠤᠯᠠᠬᠤ ᠦᠭᠡᠢ᠂ 24 ᠴᠠᠭ ᠤᠨ ᠲᠤᠳᠤᠷ᠎ᠠ ᠰᠢᠷᠦᠬᠦᠨ ᠬᠦᠳᠡᠯᠬᠡᠬᠡᠨ ᠬᠢᠬᠦ ᠪᠤᠶᠤ ᠠᠷᠢᠬᠢ ᠤᠤᠭᠤᠬᠤ ᠦᠭᠡᠢ᠂ ᠶᠠᠳᠠᠷᠠᠵᠤ ᠪᠤᠯᠠᠬᠤ ᠦᠬᠡᠢ ᠪᠦᠬᠡᠳ ᠰᠢᠮ᠎ᠡ ᠲᠡᠵᠢᠬᠡᠯ ᠢ ᠶᠡᠭᠡᠪᠡᠷ ᠨᠦᠬᠦᠷᠢᠯᠡᠬᠦ ᠦᠬᠡᠢ᠃      ᠡᠯ᠎ᠡ ᠨᠢᠭᠡᠴᠡ ᠦᠨ᠎ᠡ ᠲᠦᠯᠦᠪᠦᠷᠢ ᠦᠭᠡᠢ ᠪᠠᠷ ᠴᠢᠰᠤ ᠬᠠᠨᠳᠢᠪᠯᠠᠬᠤ ᠳᠤ ᠤᠷᠤᠯᠴᠠᠬᠤ ᠠᠵᠢᠯᠳᠠᠨ ᠤ ᠨᠡᠷᠡᠰ ᠵᠢᠴᠢ ᠬᠠᠷᠢᠯᠴᠠᠬᠤ ᠬᠦᠮᠦᠨ ᠬᠠᠷᠢᠯᠴᠠᠬᠤ ᠠᠷᠭ᠎ᠠ ᠪᠠᠷᠢᠯ ᠢ 2018 ᠣᠨ ᠤ 5 ᠰᠠᠷ᠎ᠠ ᠶᠢᠨ 7᠎ ᠤ ᠡᠳᠦᠷ ᠤᠨ 12᠄ 00᠎ ᠠᠴᠠ ᠡᠮᠦᠨ᠎ᠡ ᠡᠷᠬᠡᠪᠰᠢ  ᠬᠤᠰᠢᠭᠤ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠲᠤᠪᠴᠢᠶᠠᠨ ᠳᠤ ᠮᠡᠳᠡᠬᠦᠯᠦᠨ᠎ᠡ᠃      ᠬᠠᠷᠢᠯᠴᠠᠬᠤ ᠬᠦᠮᠦᠨ᠄ ᠮᠠ ᠹᠧᠨ ᠯᠢᠶᠠᠨ      ᠬᠠᠷᠢᠯᠴᠠᠬᠤ ᠤᠳᠠᠰᠤ᠄ 8684513      ᠡᠯᠧᠺᠲᠷᠣᠨ ᠭᠢᠲᠠᠷ ᠰᠢᠤᠳᠠᠨ ᠬᠠᠶᠢᠷᠴᠠᠭ᠄ 2280873014@qq.com                          ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2018 ᠣᠨ ᠤ 5 ᠰᠠᠷ᠎ᠠ ᠶᠢᠨ 6᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号