ᠵᠠᠰᠠᠭ ᠤᠨ ᠣᠷᠳᠣᠨ ᠤ ᠨᠢᠭᠡ ᠪᠦᠯᠦᠭ ᠤᠳᠤᠷᠢᠳᠤᠯᠭ᠎ᠠ  ᠨᠠᠷ ᠤᠨ ᠠᠵᠢᠯ ᠤᠨ ᠬᠤᠪᠢᠶᠠᠷᠢᠯᠠᠯ ᠤᠨ ᠲᠤᠬᠢᠷᠠᠭᠤᠯᠤᠯᠲᠠ ᠶᠢᠨ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠠᠯᠪᠠᠨ ᠲᠠᠷᠬᠠᠭᠠᠭᠰᠠᠨ ﹇2018﹈ 31 ᠳ᠋ᠦ᠋ᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠬᠦᠷᠢᠶᠡᠯᠡᠩ ᠲᠤᠭᠤᠷᠢᠭ ︵ᠰᠠᠭᠤᠷᠢᠨ ᠭᠠᠵᠠᠷ︶᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄      ᠠᠵᠢᠯ ᠤᠨ ᠱᠠᠭᠠᠷᠳᠠᠯᠭ᠎ᠠ ᠠᠴᠠ ᠪᠣᠯᠵᠣ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠣᠳᠣᠯᠣᠯᠲᠠ ᠪᠠᠷ ᠲᠠᠮᠵᠢᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡ ᠪᠦᠯᠦᠭ ᠬᠤᠰᠢᠭᠤᠨ ᠤ ᠳᠡᠳ᠋ ᠲᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠭᠰᠡᠨ‌ᠮᠡᠳᠡᠭᠳᠡᠯ ᠲᠣᠣᠷᠠᠬᠢ ᠮᠡᠲᠦ᠃      ᠯᠢᠦ ᠬᠤᠸᠠᠢ ᠢᠤᠢ ᠨᠦᠬᠦᠷ ᠵᠠᠬ᠎ᠠ ᠲᠡᠯᠭᠡᠬᠦᠷ ᠲᠤ ᠬᠢᠨᠠᠨ ᠬᠠᠮᠢᠶᠠᠷᠤᠯᠲᠠ ᠲᠠᠯᠪᠢᠬᠤ᠂ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠲᠠ ᠲᠠᠯᠪᠢᠬᠤ᠂ ᠠᠮᠤ ᠪᠤᠳᠠᠭ᠎ᠠ᠂ ᠬᠠᠩᠭᠠᠨ ᠪᠤᠷᠤᠯᠠᠭᠤᠯᠭ᠎ᠠ ᠵᠡᠷᠭᠡ ᠠᠵᠢᠯ ᠢ ᠬᠠᠷᠢᠭᠤᠴᠠᠬᠤ ᠦᠬᠡᠢ ᠪᠣᠯᠵᠣ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ᠂ ᠠᠮᠤ ᠪᠤᠳᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠶᠠᠷᠢᠯᠠᠨ ᠬᠠᠷᠢᠭᠤᠴᠠᠬᠤ ᠦᠬᠡᠢ᠃ ᠪᠣᠰᠣᠳ ᠠᠵᠢᠯ ᠤᠨ ᠬᠤᠪᠢᠶᠠᠷᠢᠯᠠᠯ ᠬᠤᠪᠢᠷᠠᠯᠲᠠ ᠦᠬᠡᠢ᠃     ᠪᠢᠶᠠᠨ ᠽᠢ ᠵᠧᠨ ᠨᠦᠬᠦᠷ ᠪᠡᠶ᠎ᠡ ᠲᠠᠮᠢᠷ ᠤᠨ ᠠᠵᠢᠯ ᠢ ᠬᠠᠷᠢᠭᠤᠴᠠᠬᠤ ᠦᠬᠡᠢ ᠪᠣᠯᠵᠣ᠂ ᠬᠤᠰᠢᠭᠤᠨ ᠤ ᠪᠡᠶ᠎ᠡ ᠲᠠᠮᠢᠷ ᠤᠨ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠬᠤ ᠦᠬᠡᠢ᠃ ᠪᠣᠰᠣᠳ ᠠᠵᠢᠯ ᠤᠨ ᠬᠤᠪᠢᠶᠠᠷᠢᠯᠠᠯ ᠬᠤᠪᠢᠷᠠᠯᠲᠠ ᠦᠬᠡᠢ᠃ᠶᠠᠨ ᠽᠠᠢ ᠢᠤᠢ ᠨᠦᠬᠦᠷ ᠬᠤᠰᠢᠭᠤ ᠲᠠᠷᠤᠭ᠎ᠠ ᠶᠢ ᠬᠠᠪᠰᠤᠷᠤᠨ ᠵᠠᠬ᠎ᠠ ᠲᠠᠯᠭᠡᠬᠦᠷ ᠲᠤ ᠬᠢᠨᠠᠨ ᠬᠠᠮᠢᠶᠠᠷᠤᠯᠲᠠ ᠲᠠᠯᠪᠢᠬᠤ᠂ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠨ ᠬᠠᠮᠢᠶᠠᠷᠤᠯᠲᠠ ᠲᠠᠯᠪᠢᠬᠤ᠂ ᠪᠡᠶ᠎ᠡ ᠲᠠᠮᠢᠷ ᠵᠡᠷᠭᠡ ᠠᠵᠢᠯ ᠢ ᠬᠤᠪᠢᠶᠠᠷᠢᠯᠠᠨ ᠬᠠᠷᠢᠭᠤᠴᠠᠵᠤ᠂ ᠬᠤᠰᠢᠭᠤᠨ ᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠲᠠᠮᠢᠷ ᠤᠨ ᠲᠣᠪᠴᠢᠶ᠎ᠠ ᠶᠢ ᠪᠤᠳᠠᠳᠠᠢ ᠬᠤᠪᠢᠶᠠᠷᠢᠯᠠᠨ ᠬᠠᠷᠢᠭᠤᠴᠠᠨ᠎ᠠ᠃ ᠪᠣᠰᠣᠳ ᠠᠵᠢᠯ ᠤᠨ ᠬᠤᠪᠢᠶᠠᠷᠢᠯᠠᠯ  ᠬᠤᠪᠢᠷᠠᠯᠲᠠ ᠦᠬᠡᠢ᠃     ᠸᠠᠩ ᠹᠸᠡᠭ ᠨᠦᠬᠦᠷ ᠨᠢᠭᠳᠠᠯᠠᠨ ᠪᠣᠳᠣᠬᠤ ᠠᠵᠢᠯ ᠢ ᠬᠠᠷᠢᠭᠤᠴᠠᠬᠤ ᠦᠬᠡᠢ ᠪᠣᠯᠵᠣ᠂ ᠬᠤᠰᠢᠭᠤᠨ ᠤ ᠨᠢᠭᠳᠠᠯᠠᠨ ᠪᠣᠳᠣᠬᠤ ᠲᠣᠪᠴᠢᠶ᠎ᠠ ᠶᠢ ᠬᠤᠪᠢᠶᠠᠷᠢᠯᠠᠨ ᠬᠠᠷᠢᠭᠤᠴᠠᠬᠤ ᠦᠬᠡᠢ᠃ ᠪᠣᠰᠣᠳ ᠠᠵᠢᠯ ᠤᠨ ᠬᠤᠪᠢᠶᠠᠷᠢᠯᠠᠯ ᠬᠤᠪᠢᠷᠠᠯᠲᠠ ᠦᠬᠡᠢ᠃     ᠯᠢ ᠱᠸᠡᠭ ᠨᠦᠬᠦᠷ ᠬᠤᠰᠢᠭᠤ ᠲᠠᠷᠤᠭ᠎ᠠ ᠶᠢ ᠬᠠᠪᠰᠤᠷᠤᠨ ᠨᠢᠭᠳᠠᠯᠠᠨ ᠪᠣᠳᠣᠬᠤ᠂ ᠠᠮᠤ ᠪᠤᠳᠠᠭ᠎ᠠ᠂ ᠬᠠᠩᠭᠠᠨ ᠪᠣᠷᠣᠯᠠᠭᠤᠯᠬᠤ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠨᠢᠭᠳᠠᠯᠠᠨ ᠪᠣᠳᠣᠬᠤ ᠲᠣᠪᠴᠢᠶ᠎ᠠ᠂ ᠠᠮᠤ ᠪᠤᠳᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠪᠤᠳᠠᠳᠠᠢ ᠬᠤᠪᠢᠶᠠᠷᠢᠯᠠᠨ ᠬᠠᠷᠢᠭᠤᠴᠠᠨ᠎ᠠ᠃ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠣᠰᠣᠳ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠬᠤᠪᠢᠷᠠᠯᠲᠠ ᠦᠬᠡᠢ᠃                                    ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠬᠡᠷ                2018 ᠣᠨ ᠤ 5 ᠰᠠᠷ᠎ᠠ ᠶᠢᠨ 30᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号