ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠯᠲᠠ‌‍ᠶᠢ ᠲᠦᠷᠭᠡᠳᠭᠡᠬᠦ ᠲᠤᠬᠠᠢ ᠶᠢᠨ ᠲᠠᠯᠠᠪᠠᠢ ᠶᠢᠨ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠤᠨ ᠲᠤᠬᠠᠢ ᠡᠵᠡᠨ‌ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠡᠨ ᠬᠡᠷ ᠤᠨ ᠲᠠᠷᠬᠠᠭᠠᠬᠰᠡᠨ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠠᠯᠪᠡᠨ ᠲᠠᠷᠬᠠᠭᠠᠬᠤ ﹇2018﹈ 48 ᠳ᠋ᠤᠭᠠᠷ ᠲᠤᠭᠠᠳᠤᠡᠵᠡᠨ ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ᠄      ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠲᠣᠬᠢᠷᠠᠭᠤᠯᠭ᠎ᠠ ᠶᠢ ᠦᠨᠳᠦᠰᠦᠯᠡᠵᠦ᠂ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠳᠦᠭᠡᠨ ᠪᠠᠶᠢᠭᠤᠯᠬᠤ ᠵᠢᠱᠢᠶ᠎ᠡ ᠦᠵᠡᠬᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠲᠤᠬᠠᠢ ᠶᠢᠨ ᠲᠠᠯᠠᠪᠠᠢ ᠶᠢᠨ ᠬᠤᠷᠠᠯ ᠢ2018 ᠣᠨ ᠤ8 ᠰᠠᠷ᠎ᠠ ᠶᠢᠨ28᠎ ᠤ ᠡᠳᠦᠷ ᠮᠠᠨ ᠤ ᠬᠤᠰᠢᠭᠤᠨ ᠳᠤ ᠬᠤᠷᠠᠯᠳᠤᠬᠤ ᠪᠠᠷ ᠳᠤᠭᠲᠠᠪᠠ᠃ 8 ᠳ᠋ᠤᠭᠠᠷ ᠰᠠᠷ᠎ᠠ ᠶᠢᠨ9᠎ ᠤ ᠡᠳᠦᠷ᠂ ᠬᠤᠸᠠ ᠷᠦᠢ ᠹᠸᠡᠭ ᠬᠤᠰᠢᠭᠤ ᠲᠠᠷᠤᠭ᠎ᠠ ᠪᠡᠯᠡᠳᠭᠡᠯ ᠠᠵᠢᠯ ᠢ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠵᠤ᠂ ᠬᠤᠷᠠᠯ ᠲᠡᠭᠡᠷ᠎ᠡ 6 ᠲᠣᠭᠤᠷᠢᠨ ᠦᠵᠡᠬᠦ ᠭᠠᠵᠠᠷ ᠤᠨ ᠪᠡᠯᠡᠳᠭᠡᠯ ᠠᠵᠢᠯ ᠳᠤ ᠪᠤᠳᠠᠳᠠᠢ ᠲᠣᠬᠢᠷᠠᠭᠤᠯᠤᠯᠲᠠ ᠬᠢᠪᠡ᠃ ᠣᠳᠣᠬᠠᠨ  ᠳᠤ᠂ ᠲᠤᠬᠠᠢ ᠲᠠᠯᠠᠪᠠᠢ ᠶᠢᠨ ᠬᠤᠷᠠᠯ ᠢ ᠪᠡᠯᠡᠳᠭᠡᠬᠦ ᠴᠠᠭ ᠪᠠᠴᠢᠮ᠂ ᠲᠤᠭᠤᠷᠢᠨ ᠦᠵᠡᠬᠦ ᠴᠡᠭ ᠤᠨ ᠪᠠᠶᠢᠭᠤᠯᠤᠯᠲᠠ ᠶᠢᠨ ᠡᠭᠦᠷᠭᠡ ᠬᠦᠨᠳᠦ᠂ ᠡᠯ᠎ᠡ ᠵᠦᠢᠯ ᠤᠨ ᠪᠡᠯᠡᠳᠭᠡᠯ ᠠᠵᠢᠯ ᠢ ᠲᠦᠷᠭᠡᠳᠭᠡᠵᠦ᠂ ᠬᠤᠷᠠᠯ ᠢ ᠦᠨᠳᠦᠷ ᠴᠢᠨᠠᠷ ᠴᠢᠨᠰᠠᠭ᠎ᠠ ᠲᠠᠢ ᠡᠷᠬᠢᠯᠡᠬᠦ ᠡᠭᠦᠷᠭᠡ ᠪᠠᠨ ᠪᠡᠶᠡᠯᠡᠬᠦᠯᠬᠦ ᠶᠢ ᠪᠠᠳᠤᠯᠠᠬᠤ ᠶᠢᠨ ᠲᠦᠯᠦᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠂ ᠲᠣᠣᠷ᠎ᠠ ᠬᠠᠮᠢᠶ᠎ᠠ ᠪᠦᠬᠦᠢ ᠶᠠᠪᠤᠳᠠᠯ ᠢ ᠮᠡᠳᠡᠭᠳᠡᠶ᠎ᠡ᠄      ᠨᠢᠭᠡ᠂ ᠠᠯᠪᠠᠯᠠᠬᠤ ᠭᠡᠷ ᠨᠡᠭᠦᠬᠦ ᠠᠵᠢᠯ ᠢ ᠳᠤᠭᠲᠠᠭᠰᠠᠨ ᠬᠤᠭᠤᠴᠠᠭᠠᠨ ᠳᠤ ᠪᠡᠶᠡᠯᠡᠬᠦᠯᠦᠨ᠎ᠡᠡᠵᠡᠨ ᠬᠤᠷᠤᠭ᠎ᠠ ᠬᠤᠰᠢᠭᠤᠨ ᠤ ᠬᠠᠤᠯᠢ ᠴᠠᠭᠠᠵᠠ ᠶᠢᠨ ᠶᠠᠪᠤᠳᠠᠯ ᠤᠨ ᠲᠥᠪ ᠲᠣᠭᠤᠷᠢᠨ ᠦᠵᠡᠬᠦ ᠴᠡᠭ ᠢ ᠪᠠᠶᠢᠭᠤᠯᠬᠤ ᠪᠡᠯᠡᠳᠭᠡᠯ ᠠᠵᠢᠯ ᠢ ᠲᠦᠷᠭᠡᠳᠭᠡᠬᠦ ᠶᠢᠨ ᠲᠦᠯᠦᠭᠡ᠂ ᠱᠸᠡᠭ ᠶᠤᠸᠠᠨ ᠪᠠᠳᠤᠯᠠᠭ᠎ᠠ ᠶᠢᠨ ᠺᠤᠮᠫᠠᠨᠢ ᠡᠷᠬᠡᠪᠰᠢ8 ᠰᠠᠷ᠎ᠠ ᠶᠢᠨ12᠎ ᠤ ᠡᠳᠦᠷ ᠠᠴᠠ ᠡᠮᠦᠨ᠎ᠡ ᠺᠤᠮᠫᠠᠨᠢ ᠪᠠᠨ ᠪᠦᠬᠦᠨ ᠢ ᠤᠤᠯ ᠤᠨ ᠶᠡᠷᠦᠩᠬᠡᠶᠢᠯᠡᠨ ᠵᠠᠰᠠᠬᠤ ᠲᠥᠪ ᠤᠨ ᠠᠯᠪᠠᠯᠠᠬᠤ ᠠᠰᠠᠷ ᠲᠤ ᠨᠡᠬᠦᠨ ᠣᠷᠣᠭᠤᠯᠵᠣ ᠠᠵᠢᠯᠯᠠᠬᠤ ᠬᠡᠷᠡᠭᠳᠡᠢ᠃ ᠡᠭᠦᠨ ᠤ ᠵᠡᠷᠭᠡ ᠳᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠤᠯᠤᠭᠠᠶᠢᠯᠠᠨ‌ᠤᠯᠤᠰ ᠲᠥᠷᠦ ᠬᠠᠤᠯᠢ ᠴᠠᠭᠠᠵᠠ ᠶᠢᠨ ᠬᠤᠷᠢᠶ᠎ᠠ᠂ ᠬᠠᠤᠯᠢ ᠬᠡᠷᠡᠭᠵᠢᠬᠦᠯᠬᠦ ᠠᠯᠪᠠᠨ ᠭᠡᠷ ᠲᠠᠢ ᠬᠠᠮᠵᠢᠯᠴᠠᠵᠤ᠂ 8 ᠰᠠᠷ᠎ᠠ ᠶᠢᠨ12᠎ ᠤ ᠡᠳᠦᠷ ᠤᠨ ᠦᠳᠡ ᠶᠢᠨ12᠄00 ᠴᠠᠭ ᠤᠨ ᠡᠮᠦᠨ᠎ᠡ ᠡᠵᠡᠨ ᠬᠤᠷᠤᠭ᠎ᠠ ᠬᠤᠰᠢᠭᠤᠨ ᠤ ᠬᠠᠤᠯᠢ ᠴᠠᠭᠠᠵᠠ ᠶᠢᠨ ᠶᠠᠪᠤᠳᠠᠯ ᠤᠨ ᠲᠥᠪ ᠤᠨ ᠶᠡᠭᠡ ᠲᠢᠩᠬᠢᠮ ᠢ ᠲᠦᠰᠦᠪᠯᠡᠬᠦ ᠲᠦᠰᠦᠯ ᠢ ᠪᠡᠶᠡᠯᠡᠬᠦᠯᠵᠦ᠂ ᠬᠤᠰᠢᠭᠤᠨ ᠤ ᠬᠤᠲᠠ ᠶᠢᠨ ᠪᠡᠯᠡ ᠣᠷᠣᠭᠤᠯᠣᠯᠲᠠ ᠪᠦᠳᠦᠭᠡᠨ ᠪᠠᠶᠢᠭᠤᠯᠤᠯᠲᠠ ᠶᠢᠨ ᠺᠤᠮᠫᠠᠨᠢ ᠲᠦᠰᠦᠯ ᠢ ᠦᠨᠳᠦᠰᠦᠯᠡᠨ ᠠᠵᠢᠯ ᠢᠶᠠᠨ ᠡᠬᠢᠯᠡᠬᠦᠯᠦᠨ᠂8 ᠰᠠᠷ᠎ᠠ ᠶᠢᠨ18 ᠎ ᠤ ᠡᠳᠦᠷ ᠠᠴᠠ ᠡᠮᠦᠨ᠎ᠡ ᠶᠡᠭᠡ ᠲᠢᠩᠬᠢᠮ ᠤᠨ ᠵᠠᠰᠠᠵᠤ ᠴᠢᠮᠡᠬᠦ ᠠᠵᠢᠯ ᠢ ᠪᠡᠶᠡᠯᠡᠬᠦᠯᠬᠦ ᠬᠡᠷᠡᠭᠳᠡᠢ᠃ ᠬᠤᠰᠢᠭᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠶᠢᠨ ᠲᠤᠪᠴᠢᠶ᠎ᠠ ᠡᠷᠬᠡᠪᠰᠢ8 ᠰᠠᠷ᠎ᠠ ᠶᠢᠨ19᠎ ᠤ ᠡᠳᠦᠷ ᠤᠨ ᠡᠮᠦᠨ᠎ᠡ ᠶᠡᠷᠦᠩᠬᠡᠶᠢᠯᠡᠨ ᠵᠠᠰᠠᠬᠤ ᠲᠥᠪ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠠᠳᠠᠯ ᠦᠢᠯᠡᠰ ᠪᠣᠰᠬᠠᠬᠤ ᠲᠣᠮᠣ ᠠᠰᠠᠷ ᠤᠨC ᠰᠠᠤᠷᠢ ᠶᠢᠨ ᠨᠢᠭᠡᠳᠦᠭᠡᠷ ᠲᠠᠪᠬᠤᠷᠭ᠎ᠠ ᠶᠢᠨ ᠱᠸᠡᠭ ᠶᠤᠸᠠᠨ ᠪᠠᠳᠤᠯᠠᠭ᠎ᠠ ᠶᠢᠨ ᠺᠤᠮᠫᠠᠨᠢ ᠶᠢᠨ ᠦᠢᠯᠡᠴᠢᠯᠡᠭᠡᠨ ᠤ ᠲᠢᠩᠬᠢᠮ ᠳᠤ ᠨᠡᠬᠦᠨ ᠣᠷᠣᠭᠤᠯᠵᠣ ᠠᠵᠢᠯᠯᠠᠬᠤ ᠬᠡᠷᠡᠭᠳᠡᠢ᠃ ᠠᠯᠪᠠᠯᠠᠬᠤ  ᠳᠤ ᠬᠡᠷᠡᠭᠯᠡᠬᠦ ᠰᠢᠷᠡᠭᠡ ᠰᠠᠨᠳᠠᠯᠢ ᠬᠢᠭᠡᠳ ᠬᠡᠷᠡᠭᠯᠡᠬᠦ ᠲᠣᠨᠤᠭ ᠲᠦᠬᠦᠭᠡᠷᠦᠮᠵᠢ ᠵᠡᠷᠭᠡ ᠶᠢ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ᠂ ᠨᠡᠭᠦᠯᠭᠡᠨ ᠰᠢᠯᠵᠢᠬᠦᠯᠬᠦ ᠠᠬᠢᠴᠠ᠂ ᠠᠵᠢᠯ ᠤᠨ ᠠᠬᠢᠴᠠ ᠶᠢ ᠬᠤᠰᠢᠭᠤᠨ ᠤ ᠠᠷᠠᠳ ‍ᠤᠨ‌ᠵᠠᠰᠠᠭ ᠤᠨ ᠣᠷᠳᠣᠨ ᠤ ᠰᠢᠮᠳᠠᠭᠤᠯᠤᠨ ᠱᠠᠭᠠᠷᠳᠠᠬᠤ ᠲᠠᠰᠤᠭ ᠠᠴᠠ ᠬᠠᠷᠢᠭᠤᠴᠠᠵᠤ ᠱᠠᠭᠠᠷᠳᠠᠨ ᠨᠠᠶᠢᠳᠠᠪᠦᠷᠢᠵᠢᠭᠤᠯᠤᠨ᠎ᠠ᠃      ᠬᠤᠶᠠᠷ᠂ ᠲᠣᠭᠳᠠᠭᠰᠠᠨ ᠬᠤᠭᠤᠴᠠᠭᠠᠨ ᠳᠤ ᠲᠣᠭᠤᠷᠢᠨ ᠦᠵᠡᠬᠦ ᠴᠡᠭ ᠤᠨ ᠲᠠᠶᠢᠯᠪᠦᠷᠢ ᠬᠢᠬᠦ ᠦᠵᠡᠬᠦᠯᠦᠯᠭᠡ ᠶᠢᠨ ᠲᠠᠪᠴᠠᠩ ᠤᠨ ᠲᠦᠰᠥᠯ ᠢ ᠭᠠᠷᠭᠠᠨ᠎ᠠ      1.ᠬᠤᠰᠢᠭᠤᠨ ᠤ ᠬᠠᠤᠯᠢ ᠬᠡᠷᠡᠭᠵᠢᠬᠦᠯᠬᠦ ᠠᠯᠪᠠᠨ ᠭᠡᠷ ᠤᠨ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠯᠲᠠ ᠶᠢᠨ ᠲᠡᠯᠭᠡᠨ ᠦᠵᠡᠬᠦᠯᠬᠦᠯᠭᠡ ᠶᠢᠨ ᠲᠢᠩᠬᠢᠮ ᠤᠨ ᠵᠢᠷᠤᠭ ᠲᠦᠯᠦᠪᠯᠡᠭᠡ᠂ ᠦᠵᠡᠬᠦᠯᠦᠯᠭᠡ ᠶᠢᠨ ᠰᠠᠮᠪᠠᠷ᠎ᠡ᠂ ᠲᠤᠬᠠᠢ ᠶᠢᠨ ᠲᠠᠯᠠᠪᠠᠢ ᠶᠢᠨ ᠲᠠᠶᠢᠯᠪᠦᠷᠢᠯᠠᠯ ᠬᠢᠬᠦ ᠵᠡᠷᠭᠡ ᠪᠡᠯᠡᠳᠭᠡᠯ ᠠᠵᠢᠯ ᠢ ᠬᠠᠷᠢᠭᠤᠴᠠᠵᠤ ᠬᠢᠨ᠎ᠡ᠃      2.ᠬᠤᠰᠢᠭᠤᠨ ᠤ ᠬᠠᠤᠯᠢ ᠬᠡᠷᠡᠭᠵᠢᠬᠦᠯᠬᠦ ᠠᠯᠪᠠᠨ ᠭᠡᠷ ᠲᠣᠯᠣᠭᠠᠶᠢᠯᠠᠨ ᠬᠤᠰᠢᠭᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠵᠢᠨ‌‍ᠲ᠋ᠣᠪᠴᠢᠶ᠎ᠠ᠂ ᠬᠤᠲᠠ ᠶᠢᠨ ᠪᠡᠯᠡ ᠣᠷᠣᠭᠤᠯᠣᠯᠲᠠ ᠪᠦᠳᠦᠭᠡᠨ ᠪᠠᠶᠢᠭᠤᠯᠤᠯᠲᠠ ᠎ ᠶᠢᠨ ᠺᠤᠮᠫᠠᠨᠢ ᠠᠴᠠ ᠬᠤᠰᠢᠭᠤᠨ ᠤ ᠬᠠᠤᠯᠢ ᠴᠠᠭᠠᠵᠠ ᠶᠢᠨ ᠶᠠᠪᠤᠳᠠᠯ ᠤᠨ ᠲᠥᠪ ᠤᠨ ᠲᠣᠭᠤᠷᠢᠨ ᠦᠵᠡᠬᠦ ᠴᠡᠭ ᠤᠨ ᠪᠠᠶᠢᠭᠤᠯᠤᠯᠲᠠ ᠪᠠ ᠲᠤᠬᠠᠢ ᠶᠢᠨ ᠲᠠᠯᠠᠪᠠᠢ ᠶᠢᠨ ᠲᠠᠶᠢᠯᠪᠦᠷᠢᠯᠠᠯ ᠬᠢᠬᠦ ᠠᠵᠢᠯ ᠢ ᠬᠠᠮᠵᠢᠯᠴᠠᠵᠤ ᠰᠠᠶᠢᠳᠤᠷ ᠬᠢᠨ᠎ᠡ᠃      3.ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠲᠤᠯᠣᠭᠠᠶᠢᠯᠠᠨ ᠡᠵᠡᠨ ᠬᠤᠷᠤᠭ᠎ᠠ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠤᠯᠪᠠᠰᠤᠷᠠᠯ ᠤᠨ ᠲᠥᠪ ᠤᠨ ᠲᠣᠭᠤᠷᠢᠨ ᠦᠵᠡᠬᠦ ᠴᠡᠭ ᠤᠨ ᠪᠠᠶᠢᠭᠤᠯᠤᠯᠲᠠ ᠪᠠ ᠲᠤᠬᠠᠢ ᠶᠢᠨ ᠲᠠᠯᠠᠪᠠᠢ ᠶᠢᠨ ᠲᠠᠶᠢᠯᠪᠦᠷᠢᠯᠠᠯ ᠬᠢᠬᠦ ᠪᠠ ᠦᠵᠡᠬᠦᠯᠦᠯᠭᠡ ᠬᠢᠬᠦ ᠠᠵᠢᠯ ᠢ ᠰᠠᠶᠢᠳᠤᠷ ᠬᠢᠨ᠎ᠡ᠃      4.ᠬᠤᠰᠢᠭᠤᠨ ᠤ ᠬᠠᠤᠯᠢ ᠬᠡᠷᠡᠭᠵᠢᠬᠦᠯᠬᠦ ᠠᠯᠪᠠᠨ ᠭᠡᠷ ᠠᠴᠠ ᠲᠣᠯᠣᠭᠠᠶᠢᠯᠠᠨ ᠬᠤᠰᠢᠭᠤᠨ ᠤ ᠥᠷᠢ ᠥᠭᠴᠡᠭᠡᠨ ᠤ ᠶᠠᠪᠤᠳᠠᠯ ᠤᠨ ᠲᠥᠪ᠂ ᠡᠯᠧᠺᠲᠷᠤᠨ ᠵᠠᠰᠠᠭ ᠤᠨ ᠶᠠᠪᠤᠳᠠᠯ ᠤᠨ ᠠᠯᠪᠠᠨ ᠭᠡᠷ ᠤᠨ ᠬᠢᠨ ᠡᠵᠡᠨ ᠬᠤᠷᠤᠭ᠎ᠠ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠤᠨ ᠲᠣᠭᠤᠷᠢᠨ ᠦᠵᠡᠬᠦ ᠴᠡᠭ ᠤᠨ ᠪᠠᠶᠢᠭᠤᠯᠤᠯᠲᠠ ᠪᠠ ᠲᠤᠬᠠᠢ ᠶᠢᠨ ᠲᠠᠯᠠᠪᠠᠢ ᠶᠢᠨ ᠲᠠᠶᠢᠯᠪᠦᠷᠢᠯᠠᠯ ᠬᠢᠬᠦ ᠪᠠ ᠦᠵᠡᠬᠦᠯᠦᠯᠭᠡ ᠬᠢᠬᠦ ᠠᠵᠢᠯ ᠢ ᠰᠠᠶᠢᠳᠤᠷ ᠬᠢᠨ᠎ᠡ᠃      5.ᠬᠤᠰᠢᠭᠤᠨ ᠤ ᠭᠡᠷ ᠪᠠᠶᠢᠰᠢᠩ ᠢ ᠲᠠᠳᠠᠪᠦᠷᠢᠯᠠᠨ ᠬᠤᠷᠢᠶᠠᠬᠤ ᠲᠣᠪᠴᠢᠶ᠎ᠠ ᠠᠴᠠ ᠲᠣᠯᠣᠭᠠᠶᠢᠯᠠᠨ ᠡᠵᠡᠨ ᠬᠤᠷᠤᠭ᠎ᠠ ᠬᠤᠰᠢᠭᠤᠨ ᠤ ᠪᠤᠭᠤᠨᠢ ᠰᠠᠷᠠᠪᠴᠢᠳᠤ ᠭᠡᠷ ᠢ ᠦᠭᠡᠷᠡᠴᠢᠯᠡᠨ ᠵᠠᠰᠠᠬᠤ ᠲᠢᠩᠬᠢᠮ ᠤᠨ ᠲᠣᠭᠤᠷᠢᠨ ᠦᠵᠡᠬᠦ ᠴᠡᠭ ᠤᠨ ᠪᠠᠶᠢᠭᠤᠯᠤᠯᠲᠠ ᠪᠠ ᠲᠤᠬᠠᠢ ᠶᠢᠨ ᠲᠠᠯᠠᠪᠠᠢ ᠶᠢᠨ ᠲᠠᠶᠢᠯᠪᠦᠷᠢᠯᠠᠯ ᠬᠢᠬᠦ ᠪᠠ‌ᠦᠵᠡᠬᠦᠯᠦᠯᠭᠡ ᠬᠢᠬᠦ ᠠᠵᠢᠯ ᠢ ᠰᠠᠶᠢᠳᠤᠷ ᠬᠢᠨ᠎ᠡ᠃      6.ᠬᠤᠰᠢᠭᠤᠨ ᠤ ᠣᠷᠣᠨ ᠲᠤᠭ᠎ᠠ ᠶᠢᠨ ᠲᠣᠬᠢᠷᠠᠭᠤᠯᠭ᠎ᠠ ᠶᠢᠨ ᠵᠦᠪᠯᠡᠯ ᠠᠴᠠ ᠲᠣᠯᠣᠭᠠᠶᠢᠯᠠᠨ ᠬᠤᠰᠢᠭᠤᠨ ᠤ ᠵᠠᠰᠠᠭ ᠤᠨ ᠶᠠᠪᠤᠳᠠᠯ ᠤᠨ ᠲᠥᠪ᠂ ᠡᠵᠡᠨ ᠬᠤᠷᠤᠭ᠎ᠠ ᠪᠠᠯᠭᠠᠰᠤ ᠶᠢᠨ ᠬᠢᠨ ᠯᠣᠩᠬᠤ ᠶᠢᠨ ᠵᠡᠪᠡ ᠶᠢᠨ ᠠᠷᠠᠳ ᠲᠤ ᠳᠦᠬᠦᠮ ᠦᠵᠡᠬᠦᠯᠬᠦ  ᠦᠢᠯᠡᠴᠢᠯᠡᠯᠭᠡᠨ ᠤ ᠣᠷᠣᠯᠠᠨ ᠬᠦᠢᠴᠡᠳᠭᠡᠬᠦ ᠭᠠᠵᠠᠷ ᠤᠨ ᠲᠣᠭᠤᠷᠢᠨ ᠦᠵᠡᠬᠦ ᠴᠡᠭ ᠤᠨ ᠪᠠᠶᠢᠭᠤᠯᠤᠯᠲᠠ ᠪᠠ ᠲᠤᠬᠠᠢ ᠶᠢᠨ ᠲᠠᠯᠠᠪᠠᠢ ᠶᠢᠨ ᠲᠠᠶᠢᠯᠪᠦᠷᠢᠯᠠᠯ ᠬᠢᠬᠦ ᠪᠠ ᠦᠵᠡᠬᠦᠯᠦᠯᠭᠡ ᠶᠢᠨ ᠠᠵᠢᠯ ᠢ ᠬᠠᠮᠵᠢᠯᠴᠠᠨ ᠰᠠᠶᠢᠳᠤᠷ ᠬᠢᠨ᠎ᠡ᠃      ᠲᠡᠭᠡᠷᠡᠬᠢ ᠬᠠᠷᠢᠭᠤᠴᠠᠯᠭᠠᠲᠤ ᠪᠠᠶᠢᠭᠤᠯᠭ᠎ᠠ ᠶᠢᠨ ᠬᠢᠨ ᠡᠷᠬᠡᠪᠰᠢ2018 ᠣᠨ ᠤ 8 ᠰᠠᠷ᠎ᠠ ᠶᠢᠨ11᠎ ᠤ ᠡᠳᠦᠷ ᠤᠨ ᠦᠳᠡ ᠶᠢᠨ ᠬᠤᠶᠢᠨ᠎ᠠ  ᠶᠢᠨ5 ᠴᠠᠭ ᠤᠨ ᠡᠮᠦᠨ᠎ᠡ ᠡᠯ᠎ᠡ ᠲᠣᠭᠤᠷᠢᠨ ᠦᠵᠡᠬᠦ ᠴᠡᠭ ᠤᠨ ᠪᠠᠶᠢᠭᠤᠯᠭ᠎ᠠ ᠶᠢᠨ ᠬᠠᠷᠢᠭᠤᠴᠠᠯᠭ᠎ᠠ ᠡᠬᠦᠷᠭᠡᠯᠡᠵᠦ ᠪᠠᠶᠢᠬᠤ ᠤᠳᠤᠷᠢᠳᠤᠯᠭ᠎ᠠ ᠨᠡᠷ᠎ᠡ᠂ ᠲᠤᠰᠢᠶᠠᠯ᠂ ᠬᠠᠷᠢᠯᠴᠠᠬᠤ ᠤᠳᠠᠰᠤ ᠪᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠬᠦᠯᠵᠦ᠂ ᠡᠯ᠎ᠡ ᠲᠣᠯᠣᠭᠠᠶᠢᠯᠠᠨ ᠬᠢᠵᠦ ᠪᠠᠶᠢᠬᠤ ᠪᠠᠶᠢᠭᠤᠯᠭ᠎ᠠ ᠡᠷᠬᠡᠪᠰᠢ 8 ᠰᠠᠷ᠎ᠠ ᠶᠢᠨ13᠎ ᠤ ᠡᠳᠦᠷ ᠤᠨ ᠦᠳᠡ ᠶᠢᠨ ᠡᠮᠦᠨ᠎ᠡ 9 ᠴᠠᠭ ᠠᠴᠠ ᠡᠮᠦᠨ᠎ᠡ ᠲᠠᠶᠢᠯᠪᠦᠷᠢᠯᠠᠯ ᠬᠢᠬᠦ ᠪᠠ ᠦᠵᠡᠬᠦᠯᠦᠯᠭᠡ ᠬᠢᠬᠦ ᠪᠤᠳᠠᠳᠠᠢ ᠲᠦᠯᠦᠪᠯᠡᠭᠡ ︵ᠲᠠᠶᠢᠯᠪᠦᠷᠢᠯᠠᠯ ᠬᠢᠬᠦ ᠦᠭᠡ᠂ ᠦᠵᠡᠬᠦᠯᠦᠯᠭᠡ ᠶᠢᠨ ᠵᠢᠷᠤᠭ︶᠂ ᠲᠠᠶᠢᠯᠪᠦᠷᠢᠯᠠᠭᠴᠢᠳ ᠤᠨ ᠨᠡᠷ᠎ᠡ᠂ ᠦᠵᠡᠬᠦᠯᠦᠯᠭᠡ ᠶᠢᠨ ᠲᠠᠪᠴᠠᠩ ᠬᠢᠭᠰᠡᠨ ᠠᠬᠢᠴᠠ ᠵᠡᠷᠭᠡ ᠪᠠᠨ ᠡᠯᠧᠺᠲᠷᠤᠨ ᠬᠡᠪᠯᠡᠯ ᠤᠨ ᠮᠠᠶ᠋ᠢᠭ ᠢᠶᠠᠷ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠲᠤ ᠮᠡᠳᠡᠬᠦᠯᠦᠨ᠎ᠡ᠃ ᠡᠭᠦᠨ ᠤ ᠵᠡᠷᠭᠡ᠂ ᠲᠡᠭᠡᠷᠡᠬᠢ ᠬᠠᠷᠢᠭᠤᠴᠠᠯᠭᠠᠲᠤ ᠪᠠᠶᠢᠭᠤᠯᠭ᠎ᠠ ᠡᠷᠬᠡᠪᠰᠢ8 ᠰᠠᠷ᠎ᠠ ᠶᠢᠨ23᠎ ᠤ ᠡᠳᠦᠷ ᠤᠨ ᠡᠮᠦᠨ᠎ᠡ  ᠲᠣᠭᠤᠷᠢᠨ ᠦᠵᠡᠬᠦ ᠴᠡᠭ ᠤᠨ ᠪᠠᠷᠢᠯᠭ᠎ᠠ ᠵᠢᠨ‌ᠠᠵᠢᠯ᠂ ᠦᠵᠡᠬᠦᠯᠦᠯᠭᠡ ᠶᠢᠨ ᠲᠠᠪᠴᠠᠩ ᠬᠢᠬᠦ ᠠᠵᠢᠯ ᠢᠶᠠᠨ ᠪᠡᠶᠡᠯᠡᠬᠦᠯᠦᠨ᠎ᠡ᠃ ︵ᠬᠠᠷᠢᠯᠴᠠᠬᠤ ᠬᠦᠮᠦᠨ᠄ ᠵᠤᠤ ᠰᠢᠩ              ᠬᠠᠷᠢᠯᠴᠠᠬᠤ ᠤᠳᠠᠰᠤ᠄ 8691306             ᠬᠠᠷᠢᠯᠴᠠᠬᠤ ᠢᠮᠧᠯ᠄2543478836@qq.com︶᠃          ᠡᠵᠡᠨ ᠬᠤᠷᠤᠭ᠎ᠠ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠠᠯᠪᠡᠨ ᠬᠡᠷ                2018 ᠤᠨ ᠤ 8 ᠰᠡᠷ᠎ᠡ ᠶᠢᠨ11᠎ ᠤ ᠡᠳᠤᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号