ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦᠨ ᠤ ︽ᠨᠢᠭᠡ ᠺᠠᠷᠲ ᠢᠶᠠᠷ ᠨᠡᠪᠳᠡᠷᠡᠬᠦ︾ ᠵᠢ‌‍ᠴᠡᠪᠡᠷᠰᠢᠬᠦᠯᠦᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠡᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠠᠯᠪᠡᠨ ᠲᠠᠷᠬᠠᠭᠠᠭᠰᠠᠨ ﹇2018﹈ 54 ᠳ᠋ᠣᠭᠡᠷ ᠲᠤᠭᠠᠳᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠬᠤᠯᠪᠣᠭᠳᠠᠯ ᠪᠦᠬᠦᠢ ᠰᠢᠭᠤᠳ ᠬᠠᠷᠢᠶ᠎ᠠ ᠨᠢᠭᠡᠴᠡ᠄     ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠴᠢᠮᠡᠭᠡ ᠵᠠᠩᠭᠢ ᠶᠢᠨ ᠲᠠᠪᠴᠠᠩ ᠤᠨ ᠬᠤᠪᠢ ᠬᠦᠮᠦᠨ ᠤ ᠨᠦᠬᠦᠪᠦᠷᠢ ᠶᠢᠨ ᠪᠡᠯᠡ ᠮᠦᠩᠭᠦᠨ ᠤ ︽ᠨᠢᠭᠡ ᠺᠠᠷᠲ ᠢᠶᠠᠷ ᠨᠡᠪᠳᠡᠷᠡᠬᠦ︾᠎ ᠶᠢ ᠠᠷᠢᠯᠭᠠᠨ ᠬᠢᠨᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠪᠦᠷᠢᠨᠰᠢᠬᠦᠯᠬᠦ ᠪᠠ ᠲᠡᠬᠦᠯᠳᠡᠷᠵᠢᠬᠦᠯᠵᠤ᠂ ᠡᠯ᠎ᠡ ᠲᠦᠷᠦᠯ ᠤᠨ ᠨᠦᠬᠦᠪᠦᠷᠢ ᠶᠢ ᠲᠠᠷᠬᠠᠭᠠᠬᠤ ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠦᠨᠳᠦᠰᠦᠨ ᠱᠠᠳᠤᠨ ᠤ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠤᠰᠠᠳᠠ᠂ ︽ᠲᠦᠷᠢᠮ ᠲᠤᠭᠳᠠᠭᠠᠯ ᠢ ᠲᠡᠬᠦᠯᠳᠡᠷᠵᠢᠬᠦᠯᠵᠦ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦᠨ ᠤ ︽ᠨᠢᠭᠡ ᠺᠠᠷᠲ ᠢᠶᠠᠷ ᠨᠡᠪᠳᠡᠷᠡᠬᠦ︾᠎ ᠶᠢ ᠴᠡᠪᠡᠷᠰᠢᠬᠦᠯᠦᠨ ᠬᠢᠨᠠᠨ ᠪᠠᠶᠢᠴᠠᠭᠠᠬᠤ ᠠᠵᠢᠯ ᠢ ᠦᠷᠨᠢᠬᠦᠯᠬᠦ ᠲᠤᠬᠠᠢ ᠤᠷᠳᠤᠰ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠮᠡᠳᠡᠭᠳᠡᠯ ︾ ︵ᠤᠷᠳᠣᠰ ᠵᠠᠰᠠᠭ ᠶᠡᠷᠦᠩᠬᠡᠢ ᠦᠬᠡᠷᠡᠴᠢᠯᠡᠯᠳᠡ ᠦᠰᠦᠭ ﹇2018﹈ 88 ᠲᠤᠭᠠᠳᠤ︶ ᠪᠢᠴᠢᠭ ᠮᠠᠲ᠋ᠧᠷᠢᠶᠠᠯ ᠶᠤᠰᠤᠭᠠᠷ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠳᠤᠯᠤᠯᠳᠠ ᠪᠠᠷ ᠲᠠᠮᠵᠢᠨ᠂ ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦᠨ ᠤ ︽ᠨᠢᠭᠡ ᠺᠠᠷᠲ ᠢᠶᠠᠷ ᠨᠡᠪᠳᠡᠷᠡᠬᠦ︾᠎ ᠶᠢ ᠴᠡᠪᠡᠷᠰᠢᠬᠦᠯᠦᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠪᠠᠷ ᠲᠤᠭᠳᠠᠵᠤ᠂ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠪᠡ᠄      ᠲᠤᠭᠤᠶᠢᠯᠠᠩ ᠤᠨ ᠲᠠᠷᠤᠭ᠎ᠠ᠄     ᠪᠢᠶᠠᠨ ᠽᠢ ᠵᠧᠨ     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ      ᠳᠡᠳ᠋ ᠲᠤᠭᠤᠶᠢᠯᠠᠩ ᠤᠨ ᠲᠠᠷᠤᠭ᠎ᠠ᠄ ᠶᠠᠨ    ᠰᠢᠶᠠᠩ      ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠲᠠᠷᠤᠭ᠎ᠠ                                 ᠵᠠᠩ ᠳ᠋ᠧ ᠴᠢᠶᠠᠩ     ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠭᠡᠯᠳᠡᠰ ᠤᠨ ᠳᠡᠳ᠋ ᠲᠠᠷᠤᠭ᠎ᠠ        ᠪᠦᠷᠢᠯᠳᠦᠬᠦᠨ᠄  ᠶᠠᠩ ᠹᠸᠢ ᠰᠢᠶᠦ᠋ᠩ        ᠬᠤᠰᠢᠭᠤᠨ ᠤ ᠵᠠᠮᠳᠡᠭᠴᠣᠳ ᠤᠨ ᠬᠤᠯᠪᠤᠭᠠᠳᠤ ᠬᠤᠷᠠᠯ ᠤᠨ ᠲᠡᠳ᠋            ᠮᠠ ᠰᠢᠶᠤᠤ ᠫᠢᠩ         ᠬᠤᠰᠢᠭᠤᠨ ᠤ ᠨᠢᠭᠡᠳᠦᠮᠡᠯ ᠹᠷᠤᠨᠲ ᠤᠨ ᠭᠡᠯᠳᠡᠰ ᠤᠨ ᠡᠷᠬᠢᠯᠡᠭᠴᠢ ᠠᠵᠢᠯᠳᠠᠨ            ᠬᠠᠶᠢᠷ᠎ᠠ                ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠲᠤᠪᠴᠢᠶᠠᠨ ᠤ ᠲᠡᠳ᠋ ᠲᠠᠷᠤᠭ᠎ᠠ            ᠡᠤ ᠶᠦᠩ              ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠲᠡᠳ᠋ ᠲᠠᠷᠤᠭ᠎ᠠ            ᠯᠢᠦ ᠭᠤᠸᠠᠩ ᠰᠢᠶᠠ       ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠲᠡᠳ᠋ ᠲᠠᠷᠤᠭ᠎ᠠ            ᠯᠸᠢ ᠰᠢᠶᠤᠤ ᠶᠦᠨ        ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠲᠡᠳ᠋ ᠲᠠᠷᠤᠭ᠎ᠠ            ᠰᠦᠩ ᠯᠢ ᠫᠢᠩ         ᠬᠤᠰᠢᠭᠤᠨ ᠤ ᠤᠢ ᠰᠢᠭᠤᠢ ᠶᠢᠨ ᠲᠤᠪᠴᠢᠶᠠᠨ ᠤ ᠲᠡᠳ᠋ ᠲᠠᠷᠤᠭ᠎ᠠ            ᠵᠠᠩ ᠸᠧᠨ              ᠬᠤᠰᠢᠭᠤᠨ ᠤ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠲᠤᠪᠴᠢᠶᠠᠨ ᠤ ᠲᠡᠳ᠋ ᠲᠠᠷᠤᠭ᠎ᠠ            ᠵᠠᠩ ᠵᠢᠶᠠᠨ ᠰᠢᠶᠣᠣ       ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠲᠤᠪᠴᠢᠶᠠᠨ ᠤ ᠲᠡᠳ᠋ ᠲᠠᠷᠤᠭ᠎ᠠ            ᠽᠠᠨᠳᠠᠨ               ᠬᠤᠰᠢᠭᠤᠨ ᠤ ᠭᠡᠷ ᠪᠠᠶᠢᠰᠢᠩ ᠭᠠᠵᠠᠷ ᠬᠦᠷᠦᠩᠬᠡ ᠶᠢᠨ ᠬᠠᠮᠢᠶᠠᠷᠤᠯᠳᠠ ᠶᠢᠨ ᠲᠤᠪᠴᠢᠶᠠᠨ ᠤ ᠲᠡᠳ᠋ ᠲᠠᠷᠤᠭ᠎ᠠ            ᠯᠢ ᠵᠢᠶᠧ              ᠬᠤᠰᠢᠭᠤᠨ ᠤ ᠮᠠᠯ ᠡᠮᠨᠡᠯᠬᠡ ᠶᠢᠨ ᠲᠤᠪᠴᠢᠶᠠᠨ ᠤ ᠲᠡᠳ᠋ ᠲᠠᠷᠤᠭ᠎ᠠ            ᠸᠠᠩ ᠪᠤᠤ ᠴᠧᠩ         ᠬᠤᠰᠢᠭᠤᠨ ᠤ ᠬᠦᠮᠦᠨ ᠠᠮᠠ ᠶᠢ ᠰᠢᠯᠵᠢᠬᠦᠯᠬᠦ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ            ᠭᠤᠤ ᡁᠢ ᠰᠢᠶᠦ᠋ᠩ        ᠠᠯᠳᠠᠨᠰᠢᠷᠡᠭᠡ ᠪᠠᠯᠭᠠᠰᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ            ᠵᠠᠩ ᠰᠢᠶᠠᠩ ᠶᠦᠨ       ᠤᠯᠠᠭᠠᠨᠮᠦ᠋ᠷᠡᠨ ᠪᠠᠯᠭᠠᠰᠤᠨ ᠤ ᠲᠡᠳ᠋ ᠲᠡᠷᠤᠭ᠎ᠠ            ᠸᠠᠩ ᠬᠠᠢ ᠵᠢᠶᠦ᠋ᠨ        ᠡᠵᠡᠨ ᠬᠤᠷᠤᠭ᠎ᠠ ᠪᠠᠯᠭᠠᠰᠤᠨ ᠤ ᠲᠡᠳ᠋ ᠲᠠᠷᠤᠭ᠎ᠠ            ᠵᠤᠤ ᠬᠠᠢ ᠹᠧᠩ          ᠵᠠᠰᠠᠭ ᠪᠠᠯᠭᠠᠰᠤᠨ ᠤ ᠲᠡᠳ᠋ ᠲᠠᠷᠤᠭ᠎ᠠ            ᠮᠠ ᠼᠠᠢ ᠬᠤᠩ          ᠨᠠᠷᠢᠨᠳᠤᠬᠤᠢ ᠪᠠᠯᠭᠠᠰᠤᠨ ᠤ ᠲᠡᠳ᠋ ᠲᠠᠷᠤᠭ᠎ᠠ            ᠸᠠᠩ ᠷᠦᠨ ᠫᠢᠩ        ᠬᠤᠨᠢᠴᠢᠨ ᠭᠤᠤᠯ ᠪᠠᠯᠭᠠᠰᠤᠨ ᠤ ᠲᠡᠳ᠋ ᠲᠠᠷᠤᠭ᠎ᠠ            ᠯᠢ ᠽᠢ ᠴᠧᠩ           ᠰᠤᠪᠤᠷᠭ᠎ᠠ ᠪᠠᠯᠭᠠᠰᠤᠨ ᠤ ᠲᠡᠳ᠋ ᠲᠠᠷᠤᠭ᠎ᠠ       ᠤᠳᠤᠷᠢᠳᠬᠤ ᠲᠤᠭᠤᠶᠢᠯᠠᠩ ᠲᠤᠤᠷ᠎ᠠ ᠪᠠᠨ ᠠᠯᠪᠠᠨ ᠭᠡᠷ ᠲᠣᠬᠢᠷᠠᠭᠤᠯᠵᠤ᠂ ᠠᠯᠪᠠᠨ ᠭᠡᠷ ᠢ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠳᠤ ᠲᠣᠬᠢᠷᠠᠭᠤᠯᠤᠨ᠂ ᠠᠯᠪᠠᠨ ᠭᠡᠷ ᠤᠨ ᠡᠷᠬᠢᠯᠡᠭᠴᠢ ᠶᠢ ᠵᠠᠩ ᠳ᠋ᠧ ᠴᠢᠶᠠᠩ ᠲᠤᠰᠢᠶᠠᠯ ᠬᠠᠪᠰᠤᠷᠭᠠᠨ᠎ᠠ᠃      ᠤᠳᠤᠷᠢᠳᠬᠤ ᠲᠤᠭᠤᠶᠢᠯᠠᠩ ᠤᠨ ᠭᠤᠤᠯ ᠡᠬᠦᠷᠬᠡ᠄ ᠪᠦᠬᠦ ᠬᠤᠰᠢᠭᠤᠨ ᠤ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦᠨ ᠤ ︽ᠨᠢᠭᠡ ᠺᠠᠷᠲ ᠢᠶᠠᠷ ᠨᠡᠪᠳᠡᠷᠡᠬᠦ︾᠎ ᠶᠢ ᠴᠡᠪᠡᠷᠰᠢᠬᠦᠯᠦᠨ ᠬᠢᠨᠠᠨ ᠪᠠᠶᠢᠴᠠᠭᠠᠬᠤ ᠠᠵᠢᠯ ᠢ ᠲᠦᠯᠦᠪᠵᠢᠬᠦᠯᠦᠨ᠎ᠡ᠃ ᠲᠡᠬᠡᠳᠦ ᠱᠠᠳᠤᠨ ᠤ ᠰᠢᠢᠳᠪᠦᠷᠢ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠪᠡᠷᠰᠢᠬᠦᠯᠵᠦ ᠬᠢᠨᠠᠨ ᠪᠠᠶᠢᠴᠠᠭᠠᠬᠤ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠲᠤᠬᠢᠷᠠᠭᠤᠯᠭ᠎ᠠ ᠶᠢ ᠴᠢᠩᠭᠠᠳᠬᠠᠵᠤ᠂ ᠡᠯ᠎ᠡ ᠪᠠᠯᠭᠠᠰᠤ᠂ ᠡᠯ᠎ᠡ ᠬᠤᠯᠪᠤᠭᠳᠠᠯ ᠪᠦᠬᠦᠢ ᠨᠢᠭᠡᠴᠡ ᠶᠢ ᠰᠢᠪᠠᠳᠠᠨ ᠴᠡᠪᠡᠷᠰᠢᠬᠦᠯᠤᠨ ᠬᠢᠨᠠᠨ ᠪᠠᠶᠢᠴᠠᠭᠠᠬᠤ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠠᠷᠠᠳ ᠲᠤ ᠠᠰᠢᠭ ᠬᠦᠷᠳᠡᠬᠡᠬᠦ ᠲᠠᠷᠢᠶᠠᠯᠠᠩ ᠤᠨ ᠨᠦᠬᠦᠪᠦᠷᠢ ᠎ ᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ᠎ᠠ᠃ ᠠᠷᠠᠳ ᠲᠤ ᠠᠰᠢᠭ ᠬᠦᠷᠳᠡᠬᠡᠬᠦ ᠲᠠᠷᠢᠶᠠᠯᠠᠩ ᠤᠨ ᠨᠦᠬᠦᠪᠦᠷᠢ ᠪᠡᠯᠡ ᠮᠦᠩᠭᠦ ᠶᠢ ᠲᠠᠷᠬᠠᠭᠠᠬᠤ ᠶᠠᠪᠤᠴᠠ ᠳᠤ ᠬᠠᠤᠯᠢ ᠲᠤᠭᠳᠠᠭᠠᠯ ᠢ ᠵᠦᠷᠢᠴᠡᠨ ᠤᠷᠤᠯᠠᠨ ᠬᠠᠮᠢᠶᠠᠷᠬᠤ᠂ ︽ᠨᠢᠭᠡ ᠺᠠᠷᠲ ᠢᠶᠠᠷ ᠨᠡᠪᠳᠡᠷᠡᠬᠦ︾ ᠬᠤᠷᠢᠶᠠᠬᠤ᠂ ᠬᠤᠵᠢᠭᠤᠳᠠᠵᠤ ᠲᠠᠷᠬᠠᠭᠠᠬᠤ᠂ ᠪᠡᠯᠡ ᠮᠦᠩᠭᠦ ᠶᠢ ᠰᠠᠭᠠᠳᠠᠬᠤ᠂ ᠱᠠᠮᠰᠢᠨ ᠨᠡᠬᠦᠯᠬᠡᠨ ᠬᠡᠷᠡᠭᠯᠡᠬᠦ᠂ ᠪᠤᠰᠤᠳ ᠤᠨ ᠨᠡᠷ᠎ᠡ ᠪᠠᠷ ᠵᠠᠪᠰᠢᠵᠤ ᠠᠪᠬᠤ᠂ ᠪᠡᠯᠡ ᠮᠦᠩᠭᠦ ᠶᠢ ᠬᠤᠪᠢᠶᠠᠷᠢᠯᠠᠬᠤ ᠳᠤ ᠡᠷᠬᠡ ᠪᠠᠨ ᠠᠰᠢᠭᠯᠠᠨ ᠠᠮᠢ ᠪᠠᠨ ᠪᠤᠳᠤᠬᠤ᠂ ᠲᠦᠷᠦᠯ ᠰᠠᠳᠤᠨ ᠨᠠᠶᠢᠵᠠ ᠨᠦᠬᠦᠳ ᠢᠶᠠᠨ ᠬᠠᠷᠠᠭᠠᠯᠵᠠᠬᠤ ᠵᠡᠷᠬᠡ ᠲᠤᠪᠤᠶᠢᠮ᠎ᠠ ᠠᠰᠠᠭᠤᠳᠠᠯ ᠳᠤ ᠬᠠᠨᠳᠤᠭᠤᠯᠤᠨ᠂ ᠡᠯ᠎ᠡ ᠲᠦᠷᠦᠯ ᠤᠨ ᠰᠠᠬᠢᠯᠭ᠎ᠠ ᠪᠠᠳᠤ ᠬᠠᠤᠯᠢ ᠴᠠᠭᠠᠵᠠ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠷ ᠵᠠᠰᠠᠵᠤ ᠵᠠᠯᠠᠷᠠᠭᠤᠯᠬᠤ ᠪᠠ ᠪᠠᠶᠢᠴᠠᠭᠠᠨ ᠰᠢᠢᠳᠬᠡᠨ᠎ᠡ᠃                         ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                   2018 ᠣᠨ ᠤ 8 ᠰᠠᠷ᠎ᠠ ᠶᠢᠨ 27᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号