ᠡᠵᠡᠨ ᠬᠤᠷᠤᠭ᠎ᠠ ᠬᠤᠰᠢᠭᠤᠨ ᠤ 2018 ᠤᠨ ᠤ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠎ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠲᠦᠯᠦᠪᠯᠡᠭᠡ ᠶᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠲᠠᠷᠬᠠᠭᠠᠬᠤ ﹇2018﹈ 36 ᠳ᠋ᠤᠭᠠᠷ ᠲᠤᠭᠠᠳᠤᠡᠯ᠎ᠡ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠠᠷᠡᠳ ᠤᠨ ᠵᠠᠰᠠᠭ ᠤᠨ ᠤᠷᠳᠤᠨ ᠤ ᠡᠯ᠎ᠡ ᠬᠠᠮᠢᠶ᠎ᠠ ᠪᠦᠬᠦᠢ ᠪᠡᠶᠢᠭᠤᠯᠭ᠎ᠠ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ᠂ ᠡᠯ᠎ᠡ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄       ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠰᠤᠳᠤᠯᠤᠨ ᠵᠦᠪᠰᠢᠶᠡᠷᠡᠬᠡᠳ ᠡᠳᠦᠬᠡ ︽ᠡᠵᠡᠨ ᠬᠤᠷᠤᠭ᠎ᠠ ᠬᠤᠰᠢᠭᠤᠨ ᠤ 2018 ᠤᠨ ᠤ ᠠᠯᠪᠠᠨ ᠵᠢᠷᠤᠮ ᠤᠨ ᠮᠤᠳᠤ ᠲᠠᠷᠢᠬᠤ ᠬᠡᠷᠡᠭᠵᠢᠬᠦᠯᠦᠯᠳᠡ ᠶᠢᠨ ᠲᠦᠰᠦᠯ ︾᠎ ᠢ ᠲᠠ ᠨᠠᠷ ᠲᠤ ᠲᠠᠷᠤᠮᠠᠯᠯᠠᠨ ᠲᠠᠷᠬᠠᠭᠠᠪᠠ᠃ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠰᠦᠬᠡᠢ᠃                        ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                            2018 ᠤᠨ ᠤ 3 ᠰᠠᠷ᠎ᠠ ᠶᠢᠨ 30᠎ ᠤ ᠡᠳᠦᠷᠡᠵᠡᠨ ᠬᠤᠷᠤᠭ᠎ᠠ ᠬᠤᠰᠢᠭᠤᠨ ᠤ 2018 ᠤᠨ ᠤ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠲᠦᠯᠦᠪᠯᠡᠭᠡ          ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠭᠠᠵᠠᠷ ᠰᠢᠷᠤᠢ ᠶᠢᠨ ᠡᠬᠢ ᠰᠤᠷᠪᠤᠯᠵᠢ ᠶᠢ ᠵᠤᠬᠢᠰᠳᠠᠢ ᠲᠦᠬᠦᠷᠵᠢᠬᠦᠯᠵᠦ᠂ ᠲᠦᠯᠦᠪᠯᠡᠭᠡ ᠶᠢᠨ ᠵᠢᠯᠤᠭᠤᠳᠬᠤ ᠦᠢᠯᠡᠳᠦᠯ ᠢ ᠢᠳᠡᠪᠬᠢᠳᠠᠢ ᠪᠠᠳᠠᠷᠠᠭᠤᠯᠵᠤ᠂ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢ ᠡᠮᠬᠢ ᠲᠢᠭᠯᠢᠮ ᠲᠠᠢ ᠲᠤᠬᠢᠷᠠᠭᠤᠯᠬᠤ ᠶᠢᠨ ᠲᠤᠯᠠᠳᠠ ᠤᠯᠤᠰ ᠎ ᠤᠨ ᠦᠮᠴᠢᠯᠡᠯᠳᠦ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠤ ︽ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠲᠦᠯᠦᠪᠯᠡᠭᠡ ᠶᠢ ᠨᠠᠶᠢᠷᠠᠭᠤᠯᠤᠨ ᠵᠤᠬᠢᠶᠠᠵᠤ ᠲᠦᠷᠢᠮᠵᠢᠬᠦᠯᠬᠦ ︵ᠲᠤᠷᠰᠢᠨ ᠬᠡᠷᠡᠭᠵᠢᠬᠦᠯᠬᠦ︶ ᠲᠤᠬᠠᠢ ᠮᠡᠳᠡᠭᠳᠡᠯ︾ ︵ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠲᠠᠷᠬᠠᠭᠠᠭᠰᠠᠨ﹇2010﹈ 117 ᠳ᠋ᠣᠭᠠᠷ ᠲᠤᠭᠠᠳᠤ︶᠎ ᠢ ᠦᠨᠳᠦᠰᠦᠯᠡᠵᠦ᠂ ︽ᠲᠤᠭᠳᠠᠭᠤᠨ ᠨᠡᠮᠡᠭᠳᠡᠬᠦ᠂ ᠪᠦᠳᠦᠴᠡ ᠶᠢ ᠲᠤᠬᠢᠷᠠᠭᠤᠯᠵᠤ᠂ ᠬᠦᠭᠵᠢᠯᠳᠡ ᠶᠢ ᠠᠬᠢᠭᠤᠯᠬᠤ᠂ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠩᠭᠠᠯᠭ᠎ᠠ ᠶᠢᠨ ᠲᠠᠯ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢ ᠲᠡᠮᠵᠢᠬᠦ︾᠎ ᠪᠠᠷ ᠠᠩᠬᠠᠷᠤᠯ ᠢᠶᠠᠨ ᠪᠤᠯᠭᠠᠵᠤ᠂ 2018 ᠤᠨ ᠤ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠳᠠᠯ ᠲᠠᠢ ᠤᠶᠠᠯᠳᠤᠭᠤᠯᠵᠤ ᠲᠡᠬᠡᠷ᠎ᠡ ᠵᠢᠯ ᠤᠨ ᠬᠠᠩᠭᠠᠭᠰᠠᠨ ᠭᠠᠵᠠᠷ ᠤᠨ ᠪᠠᠶᠢᠳᠠᠯ ᠪᠤᠯᠤᠨ ᠲᠤᠰ ᠵᠢᠯ ᠤᠨ ᠭᠠᠵᠠᠷ ᠬᠡᠷᠡᠭᠯᠡᠬᠦ ᠬᠡᠷᠡᠭᠴᠡᠭᠡ ᠪᠠᠷ ᠯᠠᠪᠯᠠᠯᠳᠠ ᠪᠤᠯᠭᠠᠵᠤ᠂ ᠲᠤᠰ ᠲᠦᠯᠦᠪᠯᠡᠭᠡ ᠶᠢ ᠲᠤᠭᠳᠠᠭᠠᠪᠠ᠃      ᠨᠢᠬᠡ᠂ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠲᠦᠯᠦᠪᠯᠡᠭᠡ ᠶᠢᠨ ᠬᠠᠷᠠᠯᠳᠠ᠂ ᠠᠴᠢ ᠬᠤᠯᠪᠤᠭᠳᠠᠯ ᠪᠤᠯᠤᠨ ᠨᠠᠶᠢᠷᠠᠭᠤᠯᠤᠨ ᠵᠤᠬᠢᠶᠠᠬᠤ ᠦᠨᠳᠦᠰᠦᠯᠡᠯ      ︵ᠨᠢᠬᠡ︶ ᠲᠦᠯᠦᠪᠯᠡᠭᠡ ᠶᠢᠨ ᠬᠠᠷᠠᠯᠳᠠ ᠪᠠ ᠠᠴᠢ ᠬᠤᠯᠪᠤᠭᠳᠠᠯ      ᠭᠠᠵᠠᠷ ᠰᠢᠷᠤᠢ ᠶᠢᠨ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠤᠯᠠᠮ ᠨᠢᠬᠡ ᠠᠯᠬᠤᠮ ᠲᠦᠷᠢᠮᠵᠢᠬᠦᠯᠵᠦ᠂ ᠬᠦᠢᠴᠡᠳ ᠵᠤᠬᠢᠰᠳᠠᠢ ᠠᠰᠢᠭᠯᠠᠵᠤ᠂ ᠬᠢᠵᠠᠭᠠᠷ ᠲᠠᠢ ᠭᠠᠵᠠᠷ ᠰᠢᠷᠤᠢ ᠶᠢᠨ ᠡᠬᠢ ᠪᠠᠶᠠᠯᠢᠭ ᠢ ᠰᠢᠯᠢᠳᠡᠭᠵᠢᠬᠦᠯᠦᠨ ᠲᠤᠬᠢᠷᠠᠭᠤᠯᠵᠤ᠂ ᠭᠠᠵᠠᠷ ᠰᠢᠷᠤᠢ ᠶᠢ ᠭᠠᠮᠨᠠᠨ ᠠᠷᠪᠢᠯᠠᠵᠤ ᠡᠷᠴᠢᠮᠵᠢᠬᠦᠯᠦᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠬᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠠᠯᠳᠠᠯ ᠦᠬᠡᠢ ᠲᠠᠭᠠᠵᠤ᠂ ᠨᠡᠶᠢᠬᠡᠮ ᠤᠨ ᠬᠦᠭᠵᠢᠬᠦᠯᠦᠯᠳᠡ ᠪᠤᠯᠤᠨ ᠠᠷᠠᠳ ᠎ ᠤᠨ ᠠᠮᠢᠳᠤᠷᠠᠯ ᠤᠨ ᠪᠠᠳᠤᠯᠠᠭ᠎ᠠ ᠶᠢᠨ ᠱᠠᠭᠠᠷᠳᠠᠯᠭ᠎ᠠ ᠶᠢ ᠨᠢᠬᠡᠳᠦᠯᠳᠠᠢ ᠲᠦᠯᠦᠪᠯᠡᠵᠦ ᠨᠡᠶᠢᠳᠡ ᠳᠤᠨᠢ ᠬᠠᠷᠠᠭᠠᠯᠵᠠᠵᠤ᠂ ᠬᠡᠷ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠤᠨ ᠡᠷᠡᠬᠦᠯ ᠢᠶᠠᠷ ᠡᠮᠬᠢ ᠲᠢᠭᠯᠢᠮ ᠲᠠᠢ ᠬᠦᠭᠵᠢᠯᠳᠡ ᠶᠢ ᠪᠠᠷᠢᠮᠳᠠᠯᠠᠵᠤ ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠵᠤᠬᠢᠴᠠᠩᠭᠤᠢ ᠬᠦᠭᠵᠢᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ︵ᠬᠤᠶᠠᠷ︶ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ ᠭᠤᠤᠯ ᠦᠨᠳᠦᠰᠦᠯᠡᠯ      1. ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠬᠦᠯᠦᠯᠳᠡ ᠶᠢᠨ ᠲᠦᠯᠦᠪᠵᠢᠬᠦᠯᠬᠡ      2. ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠬᠡ      3. ᠭᠠᠵᠠᠷ ᠰᠢᠷᠤᠢ ᠶᠢ ᠠᠰᠢᠭᠯᠠᠬᠤ ᠵᠢᠯ ᠤᠨ ᠲᠦᠯᠦᠪᠯᠡᠭᠡ      4. ᠤᠷᠤᠨ ᠰᠠᠭᠤᠴᠠ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠪᠠ ᠲᠦᠯᠦᠪᠯᠡᠭᠡ      5. ᠵᠢᠯ ᠤᠨ ᠭᠠᠵᠠᠷ ᠰᠢᠷᠤᠢ ᠶᠢ ᠨᠦᠬᠡᠴᠡᠯᠡᠬᠦ ᠲᠦᠯᠦᠪᠯᠡᠭᠡ      6. ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠯᠳᠡ ᠶᠢᠨ ᠪᠠᠷᠢᠮᠵᠢᠶ᠎ᠠ      ᠬᠤᠶᠠᠷ᠂ ᠲᠦᠯᠦᠪᠯᠡᠭᠡ ᠪᠠ ᠨᠠᠶᠢᠷᠠᠭᠤᠯᠤᠨ ᠵᠤᠬᠢᠶᠠᠬᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠦᠨᠳᠦᠰᠦᠨ ᠵᠠᠷᠴᠢᠮ      ︵ᠨᠢᠬᠡ︶ ᠦᠵᠡᠯ ᠰᠠᠨᠠᠭᠠᠨ ᠤ ᠵᠢᠯᠤᠭᠤᠳᠤᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠤᠨᠴᠠᠯᠢᠭᠳᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠠᠬᠢᠷᠠᠭᠤᠯᠵᠤ᠂ ᠲᠦᠪ ᠤᠨ ᠤᠯᠤᠰ ᠤᠨ ᠦᠮᠴᠢᠯᠡᠯᠳᠦ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠠᠵᠢᠯ ᠤᠨ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤᠨ ᠬᠤᠰᠢᠭᠤᠨ ᠤ ᠠᠵᠤ ᠠᠬᠤᠢ ᠨᠡᠶᠢᠬᠡᠮ ᠤᠨ ᠪᠦᠬᠦ ᠲᠠᠯ᠎ᠠ ᠪᠠᠷ ᠵᠤᠬᠢᠴᠠᠩᠭᠤᠢ ᠲᠠᠭᠠᠭᠠᠮᠠᠭᠠᠢ ᠬᠦᠭᠵᠢᠯᠳᠡ ᠪᠤᠯᠤᠨ ᠭᠠᠵᠠᠷ ᠰᠢᠷᠤᠢ ᠶᠢᠨ ᠡᠬᠢ ᠪᠠᠶᠠᠯᠢᠭ ᠢ ᠭᠠᠮᠨᠠᠨ ᠠᠷᠪᠢᠯᠠᠵᠤ᠂ ᠡᠷᠴᠢᠮᠵᠢᠬᠦᠯᠦᠨ ᠠᠰᠢᠭᠯᠠᠬᠤ ᠶᠢ ᠦᠨᠡᠨᠬᠦ ᠪᠠᠳᠤᠯᠠᠵᠤ᠂ ᠪᠦᠳᠦᠬᠡᠨ ᠪᠠᠶᠢᠭᠤᠯᠤᠯᠳᠠ ᠶᠢᠨ ᠬᠡᠷᠡᠭᠯᠡᠬᠦ ᠭᠠᠵᠠᠷ ᠢ ᠵᠤᠬᠢᠰᠳᠠᠢ ᠲᠤᠬᠢᠷᠠᠭᠤᠯᠵᠤ᠂ ᠬᠠᠳᠠᠭᠠᠯᠠᠮᠵᠢ ᠶᠢᠨ ᠬᠡᠮᠵᠢᠶ᠎ᠡ ᠶᠢ ᠴᠢᠯᠦᠬᠡᠳᠠᠢ ᠪᠤᠯᠭᠠᠵᠤ᠂ ᠨᠡᠮᠡᠭᠳᠡᠯ ᠤᠨ ᠬᠡᠮᠵᠢᠶ᠎ᠡ ᠶᠢ ᠡᠵᠡᠮᠰᠢᠨ᠂ ᠬᠡᠷ ᠪᠠᠶᠢᠰᠢᠩ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠢ ᠲᠤᠬᠢᠷᠠᠮᠵᠢᠳᠠᠢ ᠡᠵᠡᠮᠰᠢᠨ ᠲᠤᠬᠢᠷᠠᠭᠤᠯᠵᠤ᠂ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠪᠠ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠯᠳᠠ ᠶᠢ ᠠᠬᠢᠭᠤᠯᠵᠤ ᠬᠤᠳᠠ ᠬᠦᠳᠡᠭᠡ ᠶᠢᠨ ᠨᠢᠬᠡᠳᠦᠯᠳᠠᠢ ᠬᠦᠭᠵᠢᠯᠳᠡ ᠶᠢ ᠲᠦᠯᠬᠢᠨ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ     1. ᠬᠤᠳᠠ ᠬᠦᠳᠡᠭᠡ ᠶᠢ ᠨᠢᠬᠡᠳᠦᠯᠳᠠᠢ ᠲᠤᠬᠢᠷᠠᠭᠤᠯᠬᠤ ᠵᠠᠷᠴᠢᠮ᠂ ᠠᠵᠤ ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ᠂ ᠬᠤᠳᠠ ᠪᠠᠷ ᠬᠦᠳᠡᠭᠡ ᠶᠢ ᠲᠠᠭᠠᠭᠤᠯᠬᠤ ᠤᠷᠳᠤ ᠬᠤᠭᠤᠴᠠᠭ᠎ᠠ ᠪᠦᠳᠦᠮᠵᠢᠳᠠᠢ ᠲᠤᠭᠳᠠᠯᠴᠠᠭ᠎ᠠ ᠶᠢ ᠪᠠᠶᠢᠭᠤᠯᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃      2. ᠭᠠᠮᠨᠠᠨ ᠠᠷᠪᠢᠯᠠᠵᠤ ᠡᠷᠴᠢᠮᠵᠢᠬᠦᠯᠦᠨ ᠭᠠᠵᠠᠷ ᠬᠡᠷᠡᠭᠯᠡᠬᠦ ᠵᠠᠷᠴᠢᠮ᠂ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠰᠢᠵᠦ᠂ ᠲᠠᠷᠢᠶᠠᠨ ᠭᠠᠵᠠᠷ ᠢ ᠡᠵᠡᠯᠡᠬᠦ ᠦᠬᠡᠢ ᠪᠤᠶᠤ ᠪᠠᠭ᠎ᠠ ᠡᠵᠡᠯᠡᠨ᠎ᠡ᠃ ᠲᠦᠷᠦᠯ ᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠳᠤ ᠡᠷᠬᠡᠪᠰᠢ ᠭᠠᠷᠭᠠᠯᠳᠠ ᠶᠢᠨ ᠡᠷᠴᠢᠮ ᠢ ᠲᠡᠬᠡᠭᠰᠢᠯᠡᠬᠦᠯᠬᠦ ᠪᠠᠷ ᠤᠷᠤᠭᠤᠯᠤᠯᠳᠠ ᠬᠢᠵᠤ᠂ ᠭᠠᠵᠠᠷ ᠰᠢᠷᠤᠢ ᠶᠢᠨ ᠠᠰᠢᠭᠯᠠᠯᠳᠠ ᠶᠢ ᠬᠡᠷᠡᠭᠯᠡᠬᠦ ᠪᠦᠳᠦᠴᠡ᠂ ᠪᠠᠶᠢᠷᠢᠯᠠᠭᠤᠯᠤᠯᠳᠠ ᠶᠢ ᠰᠠᠶᠢᠵᠢᠷᠠᠭᠤᠯᠵᠤ᠂ ᠭᠠᠵᠠᠷ ᠬᠡᠷᠡᠭᠯᠡᠬᠦ ᠲᠠᠯᠳᠠ ᠬᠦᠴᠦᠨ ᠢ ᠠᠭᠤᠳᠠᠯᠯᠠᠵᠤ᠂ ᠭᠠᠵᠠᠷ ᠰᠢᠷᠤᠢ ᠶᠢ ᠲᠤᠬᠢᠷᠠᠭᠤᠯᠬᠤ ᠪᠠ ᠠᠰᠢᠭᠯᠠᠬᠤ ᠦᠷ᠎ᠡ ᠪᠦᠳᠦᠮᠵᠢ ᠶᠢ ᠲᠡᠬᠡᠭᠰᠢᠯᠡᠬᠦᠯᠦᠨ᠎ᠡ᠃      3. ᠬᠠᠩᠭᠠᠯᠭ᠎ᠠ ᠬᠡᠷᠡᠭᠴᠡᠭᠡ ᠶᠢ ᠲᠡᠩᠴᠡᠬᠦᠯᠬᠦ ᠵᠠᠷᠴᠢᠮ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠱᠠᠭᠠᠷᠳᠠᠯᠭ᠎ᠠ ᠶᠢ ᠦᠨᠳᠦᠰᠦᠯᠡᠵᠤ᠂ ᠰᠢᠨ᠎ᠡ ᠨᠡᠮᠡᠭᠳᠡᠬᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠡᠪᠴᠢᠶ᠎ᠡ ᠶᠢ ᠲᠤᠭᠳᠠᠭᠠᠵᠤ᠂ ᠭᠠᠵᠠᠷ ᠰᠢᠷᠤᠢ ᠶᠢᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠶᠢ ᠵᠦᠢ ᠵᠤᠬᠢᠰᠳᠠᠢ ᠲᠤᠭᠳᠠᠭᠠᠨ᠎ᠠ᠃      4. ᠪᠠᠳᠤᠯᠠᠭ᠎ᠠ ᠲᠠᠢ ᠲᠠᠷᠤᠯᠳᠠ ᠲᠠᠢ ᠵᠠᠷᠴᠢᠮ᠂ ᠤᠯᠤᠰ ᠤᠨ ᠭᠤᠤᠯ ᠪᠤᠯᠬᠤ ᠪᠡᠯᠡ ᠤᠷᠤᠭᠤᠯᠵᠤ ᠪᠦᠳᠦᠬᠡᠨ ᠪᠠᠶᠢᠭᠤᠯᠬᠤ ᠲᠦᠷᠦᠯ ᠵᠦᠢᠯ ᠪᠤᠯᠤᠨ ᠮᠠᠨ ᠤ ᠬᠤᠰᠢᠭᠤᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠡᠩ ᠲᠡᠷᠢᠬᠦᠨ ᠳᠤ ᠪᠠᠳᠤᠯᠠᠵᠤ᠂ ᠤᠯᠤᠰ ᠎ ᠤᠨ ᠠᠵᠤ ᠠᠬᠤᠶᠢᠯᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠤᠰ᠂ ᠤᠷᠤᠨ ᠨᠤᠳᠤᠭ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠬᠦᠭᠵᠢᠬᠦᠯᠦᠯᠳᠡ ᠶᠢᠨ ᠲᠦᠯᠦᠪᠵᠢᠬᠦᠯᠬᠡ ᠶᠢᠨ ᠲᠦᠷᠦᠯ ᠵᠦᠢᠯ ᠳᠤ ᠨᠡᠶᠢᠴᠡᠬᠦ ᠦᠬᠡᠢ ᠪᠤᠯ ᠭᠠᠵᠠᠷ ᠬᠠᠩᠭᠠᠵᠤ ᠦᠭᠬᠦ ᠦᠬᠡᠢ᠃      ᠭᠤᠷᠪᠠ᠂ ᠲᠦᠯᠦᠪᠯᠡᠬᠡᠨ ᠤ ᠬᠦᠢᠴᠡᠳᠬᠡᠬᠦ ᠲᠤᠭ᠎ᠠ      ︵ᠨᠢᠬᠡ︶ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ      2018 ᠤᠨ ᠤ ᠭᠠᠵᠠᠷ ᠰᠢᠷᠤᠢ ᠶᠢᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠨᠢ 212 ᠡᠾᠧᠺᠲ᠋ᠠᠷ ᠤᠷᠴᠢᠮ ᠪᠠᠶᠢᠵᠤ᠂ ᠡᠬᠦᠨ ᠳᠤ ᠰᠢᠨ᠎ᠡ ᠪᠠᠷ ᠨᠡᠮᠡᠭᠳᠡᠭᠰᠡᠨ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠡᠮᠵᠢᠶ᠎ᠡ ᠎ ᠨᠢ 202 ᠡᠾᠧᠺᠲ᠋ᠠᠷ ᠤᠨ ᠲᠤᠳᠤᠷ᠎ᠠ ᠡᠵᠡᠮᠰᠢᠵᠦ᠂ ᠬᠠᠳᠠᠭᠠᠯᠠᠵᠤ ᠪᠠᠶᠢᠭ᠎ᠠ ᠪᠦᠳᠦᠬᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ 10 ᠡᠾᠧᠺᠲ᠋ᠠᠷ ᠤᠷᠴᠢᠮ ᠤᠨ ᠭᠠᠵᠠᠷ ᠤᠨ ᠠᠰᠢᠭᠯᠠᠬᠤ ᠶᠢ ᠵᠤᠷᠢᠭᠵᠢᠭᠤᠯᠬᠤ ᠪᠠ ᠬᠦᠳᠦᠯᠦᠨ ᠵᠢᠯᠤᠭᠤᠳᠤᠨ᠎ᠠ᠃      ︵ᠬᠤᠶᠠᠷ︶ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠪᠦᠳᠦᠴᠡ     2018 ᠤᠨ ᠤ ᠭᠠᠵᠠᠷ ᠰᠢᠷᠤᠢ ᠶᠢᠨ ᠬᠠᠩᠭᠠᠯᠳᠠ ᠶᠢᠨ ᠶᠡᠷᠦᠩᠬᠡᠢ ᠬᠡᠮᠵᠢᠶ᠎ᠡ ᠶᠢᠨ ᠲᠤᠳᠤᠷ᠎ᠠ ᠬᠤᠳᠠᠯᠳᠤᠭᠠᠨ ᠎ ᠤ ᠦᠢᠯᠡᠴᠢᠯᠡᠭᠡ ᠳᠤ 70 ᠡᠾᠧᠺᠲ᠋ᠠᠷ ᠭᠠᠵᠠᠷ ᠬᠡᠷᠡᠭᠯᠡᠬᠦ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠮᠦᠷᠬᠡᠯᠡᠬᠦ ᠎ ᠳᠤ 130 ᠡᠾᠧᠺᠲ᠋ᠠᠷ ᠭᠠᠵᠠᠷ ᠬᠡᠷᠡᠭᠯᠡᠵᠤ᠂ ᠤᠷᠤᠨ ᠰᠠᠭᠤᠴᠠ ᠳᠤ 2 ᠡᠾᠧᠺᠲ᠋ᠠᠷ ᠭᠠᠵᠠᠷ ᠬᠡᠷᠡᠭᠯᠡᠵᠦ᠂ ︵ᠪᠦᠬᠦᠨ ᠎ ᠢᠶᠠᠷ ᠢᠶᠠᠨ ᠪᠠᠳᠤᠯᠠᠭ᠎ᠠ ᠶᠢᠨ ᠴᠢᠨᠠᠷ ᠲᠠᠢ ᠠᠮᠤᠭᠤᠯᠠᠩ ᠰᠠᠭᠤᠴᠠ ᠶᠢᠨ ᠢᠨᠵᠧᠨ᠋ᠷᠢᠩ ᠳᠤ ᠬᠡᠷᠡᠭᠯᠡᠬᠦ ᠭᠠᠵᠠᠷ︶᠂ ᠤᠯᠠᠨ ᠨᠡᠶᠢᠳᠡ ᠶᠢᠨ ᠬᠠᠮᠢᠶᠠᠷᠤᠯᠳᠠ ᠪᠠ ᠤᠯᠠᠨ ᠨᠡᠶᠢᠳᠡ ᠶᠢᠨ ᠦᠢᠯᠡᠴᠢᠯᠡᠬᠡᠨ ᠳᠤ 10 ᠡᠾᠧᠺᠲ᠋ᠠᠷ ᠭᠠᠵᠠᠷ ᠬᠡᠷᠡᠭᠯᠡᠨ᠎ᠡ᠃      ᠲᠦᠷᠪᠡ᠂ ᠭᠠᠵᠠᠷ ᠰᠢᠷᠤᠢ ᠶᠢᠨ ᠬᠠᠩᠭᠠᠯᠭ᠎ᠠ ᠶᠢᠨ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ      ︵ᠨᠢᠬᠡ︶ ᠤᠷᠤᠨ ᠵᠠᠢ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠦ᠂ ᠬᠡᠷ ᠪᠠᠶᠢᠰᠢᠩ ᠭᠠᠵᠠᠷ ᠬᠦᠷᠦᠩᠬᠡ ᠎ ᠶᠢᠨ ᠭᠠᠵᠠᠷ ᠰᠢᠷᠤᠢ ᠶᠢᠨ ᠬᠠᠩᠭᠠᠯᠭ᠎ᠠ ᠶᠢᠨ ᠪᠦᠳᠦᠴᠡ ᠶᠢ ᠵᠤᠬᠢᠰᠳᠠᠢ ᠲᠤᠬᠢᠷᠠᠭᠤᠯᠬᠤ᠃       ᠲᠠᠸᠠᠷ ᠤᠨ ᠤᠷᠤᠨ ᠰᠠᠭᠤᠴᠠ ᠶᠢᠨ ᠲᠦᠷᠦᠯ ᠵᠦᠢᠯ ᠤᠨ ᠲᠠᠩ ᠲᠦᠷᠦᠯ ᠤᠨ ᠭᠠᠵᠠᠷ ᠰᠢᠷᠤᠢ ᠶᠢ ᠬᠢᠮᠳᠠ ᠎ ᠪᠠᠷ ᠬᠤᠳᠠᠯᠳᠤᠬᠤ ᠲᠠᠯᠠᠪᠠᠢ ᠶᠢ 7 ᠡᠾᠧᠺᠲ᠋ᠠᠷ ᠠᠴᠠ ᠬᠡᠳᠦᠷᠡᠬᠦᠯᠬᠦ ᠦᠬᠡᠢ ᠪᠠᠷ ᠴᠢᠩᠭᠭ᠎ᠠ ᠡᠵᠡᠮᠳᠠᠨ᠎ᠡ᠃ ᠪᠤᠷᠤ ᠬᠡᠷ ᠎ ᠤᠨ ᠦᠬᠡᠷᠡᠴᠢᠯᠡᠯᠳᠡ ᠶᠢ ᠢᠳᠡᠪᠬᠢᠳᠠᠢ ᠲᠡᠮᠵᠢᠵᠦ᠂ ᠲᠤᠮᠳᠠ ᠲᠤᠤᠷ᠎ᠠ ᠦᠨ᠎ᠡ ᠶᠢᠨ ᠲᠦᠪᠰᠢᠨ᠂ ᠲᠤᠮᠳᠠ ᠪᠠᠭ᠎ᠠ ᠬᠡᠯᠪᠡᠷᠢ ᠶᠢᠨ ᠡᠩ ᠤᠨ ᠲᠠᠸᠠᠷ ᠤᠨ ᠤᠷᠤᠨ ᠰᠠᠭᠤᠴᠠ ᠶᠢ ᠬᠦᠭᠵᠢᠬᠦᠯᠬᠦ ᠶᠢ ᠲᠠᠮᠵᠢᠵᠦ᠂ ᠭᠠᠵᠠᠷ ᠬᠠᠩᠭᠠᠬᠤ ᠴᠠᠭ ᠤᠯᠠᠷᠢᠯ ᠢ ᠵᠤᠬᠢᠰᠳᠠᠢ ᠡᠵᠡᠮᠰᠢᠵᠦ᠂ ᠠᠷᠠᠳ ᠤᠨ ᠠᠮᠢᠳᠤᠷᠠᠯ ᠢ ᠴᠢᠷᠮᠠᠶᠢᠨ ᠰᠠᠶᠢᠵᠢᠷᠠᠭᠤᠯᠵᠤ ᠭᠡᠷ ᠪᠠᠶᠢᠰᠢᠩ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠢ ᠲᠤᠭᠳᠠᠭᠤᠨ ᠪᠠᠶᠢᠯᠭᠠᠨ᠎ᠠ᠃      ︵ᠬᠤᠶᠠᠷ︶ ᠵᠠᠬ᠎ᠠ ᠲᠡᠯᠬᠡᠬᠦᠷ ᠢᠶᠠᠷ ᠡᠬᠢ ᠪᠠᠶᠠᠯᠢᠭ ᠢ ᠲᠤᠬᠢᠷᠠᠭᠤᠯᠬᠤ ᠰᠠᠭᠤᠷᠢ ᠴᠢᠨᠠᠷ ᠲᠠᠢ ᠦᠢᠯᠡᠳᠦᠯ ᠢ ᠪᠠᠳᠠᠷᠠᠭᠤᠯᠬᠤ      ᠭᠠᠵᠠᠷ ᠰᠢᠷᠤᠢ ᠶᠢᠨ ᠵᠠᠬ᠎ᠠ ᠲᠠᠯᠬᠡᠬᠦᠷ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠦᠷᠬᠦᠯᠵᠢᠯᠡᠨ ᠴᠢᠩᠭᠠᠳᠬᠠᠵᠤ᠂ ᠠᠵᠤ ᠦᠢᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠬᠡᠯ᠂ ᠲᠠᠸᠠᠷ ᠤᠨ ᠤᠷᠤᠨ ᠰᠠᠭᠤᠴᠠ ᠵᠡᠷᠬᠡ ᠲᠦᠷᠦᠯ ᠵᠦᠢᠯ ᠤᠨ ᠭᠠᠵᠠᠷ ᠬᠡᠷᠡᠭᠯᠡᠬᠦ ᠳᠤ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠲᠡᠮᠳᠡᠭ ᠵᠡᠬᠦᠬᠦ᠂ ᠬᠢᠮᠳᠠ ᠪᠠᠷ ᠬᠤᠳᠠᠯᠳᠤᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠵᠠᠬ᠎ᠠ ᠲᠡᠯᠬᠡᠬᠦᠷ ᠤᠨ ᠭᠠᠵᠠᠷ ᠰᠢᠷᠤᠢ ᠶᠢᠨ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠠᠬᠢ ᠰᠠᠭᠤᠷᠢ ᠴᠢᠨᠠᠷ ᠲᠠᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃      ︵ᠭᠤᠷᠪᠠ︶ ᠭᠠᠵᠠᠷ ᠰᠢᠷᠤᠢ ᠶᠢ ᠡᠷᠴᠢᠮᠵᠢᠬᠦᠯᠦᠨ ᠭᠠᠮᠨᠠᠨ ᠠᠷᠪᠢᠯᠠᠵᠤ ᠠᠰᠢᠭᠯᠠᠬᠤ ᠶᠢ ᠠᠬᠢᠭᠤᠯᠬᠤ      ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ ᠰᠢᠨ᠎ᠡ ᠪᠠᠷ ᠨᠡᠮᠡᠭᠳᠡᠬᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠨᠡᠮᠡᠭᠳᠡᠯ ᠤᠨ ᠬᠤᠷᠳᠤᠴᠠ ᠪᠤᠯᠤᠨ ᠬᠡᠪᠴᠢᠶ᠎ᠡ ᠶᠢ ᠬᠤᠷᠢᠭᠯᠠᠵᠤ᠂ ᠭᠠᠵᠠᠷ ᠰᠢᠷᠤᠢ ᠶᠢᠨ ᠡᠬᠢ ᠪᠠᠶᠠᠯᠢᠭ ᠢ ᠪᠦᠳᠦᠮᠵᠢᠳᠠᠢ ᠠᠰᠢᠭᠯᠠᠯᠳᠠ ᠪᠤᠯᠤᠨ ᠲᠠᠭᠠᠭᠠᠮᠠᠭᠠᠢ ᠠᠰᠢᠭᠯᠠᠯᠳᠠ ᠶᠢ ᠠᠬᠢᠭᠤᠯᠤᠨ᠎ᠠ᠃ ᠦᠨᠳᠦᠰᠦᠨ ᠲᠠᠷᠢᠶᠠᠨ ᠭᠠᠵᠠᠷ ᠎ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠦᠪᠰᠢᠶᠡᠷᠡᠭᠰᠡᠨ ᠤᠯᠤᠰ ᠤᠨ ᠴᠢᠬᠤᠯᠠ ᠶᠡᠭᠡ ᠤᠨᠴᠠᠭᠠᠢ ᠲᠦᠷᠦᠯ ᠵᠦᠢᠯ ᠠᠴᠠ ᠭᠠᠳᠠᠨ᠎ᠠ᠂ ᠪᠤᠰᠤᠳ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠦᠨᠳᠦᠰᠦᠨ ᠲᠠᠷᠢᠶᠠᠨ ᠭᠠᠵᠠᠷ ᠡᠵᠡᠯᠡᠬᠦ ᠶᠢ ᠴᠢᠩᠭ᠎ᠠ ᠴᠠᠭᠠᠵᠠᠯᠠᠨ᠎ᠠ᠃ ᠬᠠᠳᠠᠭᠠᠯᠠᠵᠤ ᠪᠠᠶᠢᠭ᠎ᠠ ᠭᠠᠵᠠᠷ ᠰᠢᠷᠤᠢ ᠶᠢ ᠴᠢᠯᠦᠬᠡᠳᠠᠢ ᠠᠰᠢᠭᠯᠠᠬᠤ ᠶᠢ ᠵᠤᠷᠢᠭᠵᠢᠭᠤᠯᠵᠤ᠂ ᠭᠠᠵᠠᠷ ᠰᠢᠷᠤᠢ ᠶᠢᠨ ᠵᠦᠪᠰᠢᠶᠡᠷᠡᠭᠰᠡᠨ ᠎ ᠤ ᠲᠠᠷᠠᠭᠠᠬᠢ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠭᠠᠵᠠᠷ ᠰᠢᠷᠤᠢ ᠶᠢᠨ ᠪᠦᠳᠦᠮᠵᠢᠳᠠᠢ ᠨᠡᠬᠡᠬᠡᠨ ᠠᠰᠢᠭᠯᠠᠯᠳᠠ ᠶᠢ ᠠᠬᠢᠭᠤᠯᠤᠨ᠂ ᠬᠠᠤᠯᠢ ᠶᠢ ᠵᠦᠷᠢᠴᠡᠵᠦ ᠲᠤᠭᠳᠠᠭᠠᠯ ᠢ ᠡᠪᠳᠡᠬᠦ ᠪᠠ ᠰᠤᠯᠠ ᠪᠠᠶᠢᠬᠤ ᠭᠠᠵᠠᠷ ᠶᠢ ᠬᠡᠷᠡᠭᠯᠡᠬᠦ ᠶᠢ ᠴᠢᠩᠭ᠎ᠠ ᠪᠠᠶᠢᠴᠠᠭᠠᠨ ᠰᠢᠢᠳᠬᠡᠨ᠎ᠡ᠃      ᠲᠠᠪᠤ᠂ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠳᠠ ᠶᠢᠨ ᠭᠠᠵᠠᠷ ᠬᠡᠷᠡᠭᠯᠡᠬᠦ ᠬᠠᠩᠭᠠᠯᠭ᠎ᠠ ᠶᠢᠨ ᠲᠦᠯᠦᠪᠯᠡᠭᠡ ᠶᠢ ᠬᠡᠷᠡᠭᠵᠢᠬᠦᠯᠬᠦ ᠪᠠᠳᠤᠯᠠᠭ᠎ᠠ ᠶᠢᠨ ᠠᠷᠭ᠎ᠠ ᠬᠡᠮᠵᠢᠶ᠎ᠡ      ︵ᠨᠢᠬᠡ︶ ᠵᠤᠬᠢᠴᠠᠭᠤᠯᠤᠨ ᠬᠠᠮᠵᠢᠯᠴᠠᠬᠤ ᠲᠤᠭᠳᠠᠯᠴᠠᠭ᠎ᠠ ᠶᠢ ᠪᠠᠶᠢᠭᠤᠯᠵᠤ᠂ ᠭᠠᠵᠠᠷ ᠰᠢᠷᠤᠢ ᠶᠢ ᠬᠠᠩᠭᠠᠬᠤ ᠲᠦᠯᠦᠪᠯᠡᠭᠡ ᠶᠢ ᠪᠦᠳᠦᠮᠵᠢᠳᠠᠢ ᠬᠡᠷᠡᠭᠵᠢᠬᠦᠯᠬᠦ ᠶᠢ ᠪᠠᠳᠤᠯᠬᠠᠤ     2018 ᠤᠨ ᠤ ᠭᠠᠵᠠᠷ ᠰᠢᠷᠤᠢ ᠶᠢ ᠬᠠᠩᠭᠠᠬᠤ ᠲᠦᠯᠦᠪᠯᠡᠭᠡ ᠳᠤ ᠵᠢᠭᠰᠠᠭᠠᠨ ᠤᠷᠤᠭᠤᠯᠤᠭᠰᠠᠨ ᠲᠦᠷᠦᠯ ᠵᠦᠢᠯ ᠢ ᠭᠠᠵᠠᠷ ᠬᠡᠷᠡᠭᠯᠡᠬᠦ ᠨᠢᠬᠡᠴᠢ ᠬᠢᠬᠡᠳ ᠲᠦᠷᠦᠯ ᠵᠦᠢᠯ ᠢ ᠲᠦᠷᠦᠬᠦᠯᠦᠨ ᠬᠦᠬᠦ ᠨᠢᠬᠡᠴᠢ ᠠᠴᠠ ᠦᠨᠡᠨᠬᠦ ᠬᠠᠷᠢᠭᠤᠴᠠᠵᠤ᠂ ᠪᠡᠯᠡ ᠮᠦᠩᠭᠦ ᠶᠢ ᠢᠳᠡᠪᠬᠢᠳᠠᠢ ᠪᠠᠶᠢᠴᠠᠭᠠᠵᠤ᠂ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠨ᠎ᠡ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠠᠴᠠ ᠲᠦᠷᠦᠯ ᠵᠦᠢᠯ ᠤᠨ ᠭᠠᠵᠠᠷ ᠬᠠᠩᠭᠠᠬᠤ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠬᠦ ᠳᠤ ᠬᠦᠢᠴᠡᠳ ᠲᠡᠮᠵᠢᠯᠬᠡ ᠦᠵᠡᠬᠦᠯᠬᠦ ᠵᠤᠬᠢᠰᠳᠠᠢ᠃ ᠬᠤᠰᠢᠭᠤ ᠠᠷᠠᠳ ᠎ ᠤᠨ ᠵᠠᠰᠠᠭ ᠤᠨ ᠤᠷᠳᠤᠨ ᠠᠴᠠ ᠬᠤᠰᠢᠭᠤᠨ ᠤ ᠲᠡᠰ ᠤᠨ ᠬᠦᠢᠴᠡᠳᠬᠡᠬᠦ ᠲᠤᠭ᠎ᠠ ᠶᠢᠨ ᠬᠡᠷᠡᠭᠯᠡᠯᠳᠡ ᠶᠢᠨ ᠲᠦᠯᠦᠪᠯᠡᠭᠡ ᠳᠤ ᠲᠤᠬᠢᠷᠠᠭᠤᠯᠤᠨ ᠵᠢᠭᠰᠠᠭᠠᠭᠰᠠᠨ ᠲᠦᠷᠦᠯ ᠵᠦᠢᠯ ᠢ ᠮᠦᠷᠳᠡᠨ ᠬᠠᠮᠢᠶᠠᠷᠴᠤ᠂ ᠲᠦᠷᠦᠯ ᠵᠦᠢᠯ ᠤᠨ ᠬᠡᠷᠡᠭᠵᠢᠬᠦᠯᠬᠦ ᠶᠠᠪᠤᠴᠠ ᠳᠤ ᠭᠠᠷᠤᠭᠰᠠᠨ ᠭᠠᠵᠠᠷ ᠲᠠᠳᠠᠪᠤᠷᠢᠯᠠᠬᠤ᠂ ᠨᠤᠷᠠᠭᠠᠵᠤ ᠨᠡᠬᠦᠯᠬᠡᠬᠦ ᠵᠡᠷᠬᠡ ᠠᠰᠠᠭᠤᠳᠠᠯ ᠢ ᠵᠤᠬᠢᠴᠠᠭᠤᠯᠵᠤ᠂ ᠵᠢᠯ ᠤᠨ ᠭᠠᠵᠠᠷ ᠬᠠᠩᠭᠠᠬᠤ ᠲᠦᠯᠦᠪᠯᠡᠭᠡ ᠶᠢᠨ ᠤᠷᠤᠭᠰᠢᠳᠠᠢ ᠪᠡᠶᠡᠯᠡᠬᠦᠯᠬᠦ ᠶᠢ ᠪᠠᠳᠤᠯᠠᠨ᠎ᠠ᠃      ︵ᠬᠤᠶᠠᠷ︶ ᠲᠦᠯᠦᠪᠯᠡᠭᠡ ᠶᠢ ᠬᠦᠢᠴᠡᠳᠬᠡᠭᠰᠡᠨ ᠪᠠᠶᠢᠳᠠᠯ ᠢ ᠲᠤᠭᠳᠠᠮᠠᠯ ᠬᠤᠭᠤᠴᠠᠭ᠎ᠠ ᠪᠠᠷ ᠵᠤᠬᠢᠴᠠᠭᠤᠯᠬᠤ ᠪᠠ ᠨᠡᠶᠢᠳᠡᠯᠡᠬᠦ ᠲᠦᠷᠢᠮ ᠢ ᠪᠠᠶᠢᠭᠤᠯᠬᠤ     2018 ᠤᠨ ᠤ ᠭᠠᠵᠠᠷ ᠬᠠᠩᠭᠠᠬᠤ ᠲᠦᠯᠦᠪᠯᠡᠭᠡ ᠶᠢ ᠪᠦᠳᠦᠮᠵᠢᠳᠠᠢ ᠬᠡᠷᠡᠭᠵᠢᠬᠦᠯᠬᠦ ᠶᠢᠨ ᠲᠠᠷᠬᠠᠯᠳᠠ᠂ ᠬᠤᠰᠢᠭᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶ᠎ᠠ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠳᠤ ᠤᠯᠠᠷᠢᠯ ᠪᠦᠷᠢ ᠳᠤ ᠨᠢᠬᠡ ᠤᠳᠠᠭᠠᠨ ᠤ ᠲᠦᠯᠦᠪᠯᠡᠭᠡ ᠶᠢ ᠬᠦᠢᠴᠡᠳᠬᠡᠭᠰᠡᠨ ᠪᠠᠶᠢᠳᠠᠯ ᠤᠨ ᠵᠤᠬᠢᠴᠠᠭᠤᠯᠬᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠭᠤᠤᠯ ᠪᠤᠯᠬᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠬᠠᠷᠢᠭᠤᠴᠠᠯᠭᠠᠳᠤ ᠪᠠᠶᠢᠭᠤᠯᠭ᠎ᠠ ᠲᠠᠢ ᠲᠦᠯᠦᠪᠯᠡᠭᠡ ᠶᠢ ᠬᠦᠢᠴᠡᠳᠬᠡᠭᠰᠡᠨ ᠪᠠᠶᠢᠳᠠᠯ ᠤᠨ ᠲᠤᠬᠠᠢ ᠨᠡᠪᠳᠡᠷᠡᠯᠴᠡᠵᠦ᠂ ᠲᠦᠯᠦᠪᠯᠡᠭᠡ ᠶᠢ ᠬᠦᠢᠴᠡᠳᠬᠡᠬᠦ ᠶᠠᠪᠤᠴᠠ ᠳᠤ ᠭᠠᠷᠤᠭᠰᠠᠨ ᠠᠰᠠᠭᠤᠳᠠᠯ ᠪᠤᠯᠤᠨ ᠬᠦᠴᠢᠷᠳᠡᠯ ᠢ ᠵᠤᠬᠢᠴᠠᠭᠤᠯᠤᠨ ᠰᠢᠢᠳᠪᠦᠷᠢᠯᠡᠬᠦ ᠶᠢᠨ ᠬᠠᠮᠳᠤ ᠲᠤᠭᠳᠠᠮᠠᠯ ᠬᠤᠭᠤᠴᠠᠭ᠎ᠠ ᠪᠠᠷ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ᠂ ᠬᠠᠮᠢᠶ᠎ᠠ ᠪᠦᠬᠦᠢ ᠪᠠᠶᠢᠭᠤᠯᠭ᠎ᠠ ᠳᠤ ᠲᠦᠯᠦᠪᠯᠡᠭᠡ ᠶᠢᠨ ᠬᠦᠢᠴᠡᠳᠬᠡᠭᠰᠡᠨ ᠪᠠᠶᠢᠳᠠᠯ ᠢ ᠨᠠᠶᠢᠳᠡᠯᠡᠨ᠎ᠡ᠃ ᠴᠢᠬᠤᠯᠠ ᠲᠠᠢ ᠦᠶ᠎ᠡ ᠳᠤ ᠲᠦᠯᠦᠪᠯᠡᠭᠡ ᠶᠢ ᠲᠤᠬᠢᠷᠠᠭᠤᠯᠬᠤ ᠲᠦᠰᠦᠯ ᠲᠤᠷᠠᠳᠴᠣ ᠬᠤᠰᠢᠭᠤ ᠠᠷᠠᠳ ᠤᠨ ᠵᠠᠰᠠᠭ ᠎ ᠤᠨ ᠤᠷᠳᠤᠨ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠲᠠᠷᠠᠭ᠎ᠠ ᠬᠡᠷᠡᠭᠵᠢᠬᠦᠯᠦᠨ᠎ᠡ᠃      ᠵᠢᠷᠭᠤᠭ᠎ᠠ᠂ ᠲᠤᠰ ᠲᠦᠯᠦᠪᠯᠡᠭᠡ ᠶᠢ ᠨᠡᠶᠢᠳᠡᠯᠡᠭᠰᠡᠨ ᠡᠳᠦᠷ ᠠᠴᠠ ᠡᠬᠢᠯᠡᠵᠤ ᠬᠡᠷᠡᠭᠵᠢᠬᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号