ᠡᠵᠡᠨ ᠵᠠᠰᠠᠭ ᠲᠠᠷᠬᠠᠭᠠᠬᠤ ﹇2018﹈ 42 ᠳ᠋ᠣᠭᠠᠷ ᠲᠤᠭᠠᠳᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ | ᠪᠡᠶᠢᠭᠤᠯᠭ᠎ᠠ᠂ ᠡᠯ᠎ᠡ ᠬᠠᠮᠢᠶ᠎ᠠ ᠪᠦᠬᠦᠢ ᠰᠢᠭᠤᠳ ᠬᠠᠷᠢᠶ᠎ᠠ ᠨᠢᠬᠡᠴᠡ᠂ ᠡᠯ᠎ᠡ ᠬᠦᠷᠢᠶᠡᠯᠡᠩ ᠲᠤᠭᠤᠷᠢᠭ ︵ᠰᠠᠭᠤᠷᠢᠨ | ᠭᠠᠵᠠᠷ︶ ᠤᠨ ᠬᠠᠮᠢᠶᠡᠷᠤᠯᠳᠡ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄ | ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠭᠠᠮᠰᠢᠭ ᠡᠬᠦᠰᠬᠦ ᠶᠢ ᠪᠦᠳᠦᠮᠵᠢᠳᠠᠢ ᠰᠡᠷᠬᠡᠶᠢᠯᠡᠵᠦ᠂ ᠤᠢ | ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠠᠵᠢᠯ ᠢ ᠰᠠᠶᠢᠳᠤᠷ ᠬᠢᠵᠦ᠂ ᠤᠢ ᠰᠢᠭᠤᠢ ᠨᠤᠳᠤᠭ ᠪᠡᠯᠴᠢᠬᠡᠷ | ᠤᠨ ᠭᠠᠯ ᠰᠡᠷᠬᠡᠶᠢᠯᠡᠬᠦ ᠰᠢᠨᠵᠢᠯᠡᠬᠦ ᠤᠬᠠᠭᠠᠨᠴᠢ ᠬᠠᠮᠢᠶᠠᠷᠤᠯᠳᠠ ᠶᠢᠨ ᠲᠦᠪᠰᠢᠨ ᠢ ᠲᠡᠬᠡᠭᠰᠢᠯᠡᠬᠦᠵᠦ᠂ ᠠᠷᠠᠳ ᠤᠯᠠᠨ | ᠤ ᠠᠮᠢ ᠨᠠᠰᠤ ᠡᠳ᠋ ᠬᠦᠷᠦᠩᠬᠡ ᠪᠠ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠶᠢᠨ | ᠲᠦᠯᠦᠬᠡ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ | ᠰᠡᠷᠬᠡᠶᠢᠯᠡᠬᠦ ᠲᠦᠷᠢᠮ︾ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ | ᠪᠡᠯᠴᠢᠬᠡᠷ ᠤᠨ ᠭᠠᠯ ᠰᠡᠷᠬᠡᠶᠢᠯᠡᠬᠦ ᠠᠵᠢᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ︾ ᠤᠨ ᠬᠠᠮᠢᠶ᠎ᠠ ᠪᠦᠬᠦᠢ | ᠲᠤᠭᠳᠠᠭᠠᠯ ᠶᠤᠰᠤᠭᠠᠷ᠂ ᠬᠤᠰᠢᠭᠤ ᠠᠷᠠᠳ ᠤᠨ ᠵᠠᠰᠠᠭ ᠤᠨ ᠤᠷᠳᠤᠨ ᠤᠢ ᠰᠢᠭᠤᠢ ᠨᠤᠳᠤᠭ ᠪᠡᠯᠴᠢᠬᠡᠷ ᠤᠨ ᠭᠠᠯ | ᠰᠡᠷᠬᠡᠶᠢᠯᠡᠬᠦ ᠬᠤᠭᠤᠴᠠᠭ᠎ᠠ ᠶᠢ ᠲᠤᠭᠳᠠᠭᠠᠬᠤ ᠵᠢᠴᠢ ᠭᠠᠯ ᠰᠡᠷᠬᠡᠶᠢᠯᠡᠬᠦ ᠤᠷᠤᠨ ᠬᠡᠪᠴᠢᠶ᠎ᠡ ᠶᠢ ᠬᠤᠪᠢᠶᠠᠷᠯᠠᠬᠤ ᠪᠠᠷ | ᠲᠤᠭᠳᠠᠭᠠᠪᠠ᠃ ᠤᠳᠤ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠪᠡ᠄ | ᠨᠢᠭᠡ᠂ ᠭᠠᠯ ᠰᠡᠷᠬᠡᠶᠢᠯᠡᠬᠦ ᠬᠤᠭᠤᠴᠠᠭ᠎ᠠ | ᠭᠠᠯ ᠰᠡᠷᠬᠡᠶᠢᠯᠡᠬᠦ ᠬᠤᠭᠤᠴᠠᠭ᠎ᠠ ᠵᠢᠯ ᠪᠤᠯᠭᠠᠨ ᠤ 10 ᠰᠠᠷ᠎ᠠ ᠶᠢᠨ 1 ᠤ ᠡᠳᠦᠷ ᠠᠴᠠ ᠲᠠᠷᠠᠭ᠎ᠠ ᠵᠢᠯ ᠤᠨ 6 | ᠰᠠᠷ᠎ᠠ ᠶᠢᠨ 30 ᠤ ᠡᠳᠦᠷ ᠪᠤᠯᠳᠠᠯ᠎ᠠ᠂ ᠵᠢᠯ ᠪᠤᠯᠭᠠᠨ ᠤ 2 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ | ᠡᠳᠦᠷ ᠪᠤᠯ ᠭᠠᠯ ᠤᠨ ᠠᠶᠤᠯ ᠡᠬᠦᠰᠬᠦ ᠦᠨᠳᠦᠷ ᠬᠤᠭᠤᠴᠠᠭ᠎ᠠ ᠪᠤᠯᠤᠨ᠎ᠠ᠃ | ᠬᠤᠶᠠᠷ᠂ ᠭᠠᠯ ᠰᠡᠷᠬᠡᠶᠢᠯᠡᠬᠦ ᠤᠷᠤᠨ ᠬᠡᠪᠴᠢᠶ᠎ᠡ | ᠮᠠᠨ ᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠬᠡᠪᠴᠢᠶᠡᠨ ᠳᠤ ᠤᠢ ᠰᠢᠭᠤᠢ᠂ ᠤᠢ ᠮᠤᠳᠤ᠂ ᠤᠶᠢᠳᠤ | ᠭᠠᠵᠠᠷ ᠪᠠ ᠪᠠᠶᠢᠭᠠᠯᠢᠯᠢᠭ ᠲᠠᠯ᠎ᠠ ᠨᠤᠳᠤᠭ᠂ ᠬᠦᠮᠦᠨ ᠤ ᠬᠦᠴᠦᠨ ᠤ | ᠡᠪᠡᠰᠦ ᠪᠡᠯᠴᠢᠬᠡᠷ ᠨᠢ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠤᠷᠤᠨ ᠪᠠᠶᠢᠵᠤ᠂ ᠬᠤᠳᠠ ᠪᠠᠯᠭᠠᠰᠤ | ᠪᠠᠯᠭᠠᠰᠤᠨ ᠲᠤᠭᠤᠷᠢᠭ ᠪᠠ ᠡᠯ᠎ᠡ ᠬᠦᠷᠢᠶᠡᠯᠡᠩ ᠠᠴᠠ ᠭᠠᠳᠠᠨ᠎ᠠ᠃ | ᠭᠤᠷᠪᠠ᠂ ᠭᠠᠯ ᠰᠡᠷᠬᠡᠶᠢᠯᠡᠬᠦ ᠱᠠᠭᠠᠷᠳᠠᠯᠭ᠎ᠠ | 1᠂ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠠᠵᠢᠯ ᠢ ᠡᠯ᠎ᠡ ᠱᠠᠳᠤᠨ ᠤ ᠠᠷᠠᠳ ᠤᠨ ᠵᠠᠰᠠᠭ | ᠤᠨ ᠤᠷᠳᠤᠨ ᠤ ᠵᠠᠰᠠᠭ ᠵᠠᠬᠢᠷᠭᠠᠨ ᠤ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ᠂ ᠪᠠᠶᠢᠭᠤᠯᠭ᠎ᠠ ᠨᠢᠬᠡᠴᠡ ᠶᠢᠨ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠪᠠ ᠤᠳᠤᠷᠢᠳᠬᠤ ᠺᠠᠳ᠋ᠷ᠂ ᠤᠢ ᠰᠢᠭᠤᠢ ᠨᠤᠳᠤᠭ ᠪᠡᠯᠴᠢᠬᠡᠷ | ᠤᠨ ᠭᠠᠯ ᠰᠡᠷᠬᠡᠶᠢᠯᠡᠯᠳᠡ ᠶᠢᠨ ᠡᠩᠨᠡᠭᠡ ᠵᠢᠴᠢ ᠤᠢ ᠬᠠᠮᠠᠭᠠᠯᠠᠭᠴᠢ᠂ ᠨᠤᠳᠤᠭ ᠪᠡᠯᠴᠢᠬᠡᠷ ᠤᠨ ᠬᠠᠮᠢᠶᠠᠷᠤᠭᠴᠢ ᠬᠠᠷᠢᠶ᠎ᠠ | ᠤᠷᠤᠨ ᠤ ᠲᠠᠭᠠᠭᠠᠴᠢᠯᠠᠯᠳᠠ ᠶᠢᠨ ᠬᠡᠰᠡᠭ ᠤᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠵᠦ᠂ ᠱᠠᠳᠤ ᠱᠠᠳᠤ ᠪᠠᠷ | ᠭᠠᠯ ᠰᠡᠷᠬᠡᠶᠢᠯᠡᠬᠦ ᠬᠠᠷᠢᠭᠤᠴᠠᠯᠭ᠎ᠠ ᠶᠢᠨ ᠪᠢᠴᠢᠭ ᠢ ᠲᠤᠭᠳᠠᠭᠠᠨ᠎ᠠ᠃ | 2᠂ ᠭᠠᠯ ᠰᠡᠷᠬᠡᠯᠡᠬᠦ ᠬᠤᠭᠤᠴᠠᠭᠠᠨ ᠳᠤ᠂ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠢ | ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ ᠵᠢᠯᠤᠭᠤᠳᠬᠤ ᠪᠠᠶᠢᠭᠤᠯᠤᠮᠵᠢ᠂ ᠤᠢ ᠰᠢᠭᠤᠢ ᠶᠢᠨ ᠭᠠᠯ | ᠰᠡᠷᠬᠡᠶᠢᠯᠡᠯᠳᠡ ᠶᠢᠨ ᠡᠩᠨᠡᠭᠡ ᠶᠢᠨ 24 ᠴᠠᠭ ᠤᠨ ᠵᠢᠵᠢᠬᠦᠷ ᠤᠨ ᠲᠦᠷᠢᠮ ᠢ ᠬᠡᠷᠡᠭᠵᠢᠬᠦᠯᠵᠦ᠂ ᠴᠢᠮᠡᠭᠡ ᠵᠠᠩᠭᠢ | ᠰᠠᠭᠠᠳ ᠦᠬᠡᠢ ᠪᠡᠶᠢᠬᠤ ᠶᠢ ᠪᠠᠳᠤᠯᠠᠨ᠎ᠠ᠃ | 3᠂ ᠭᠠᠯ ᠰᠡᠷᠬᠡᠶᠢᠯᠡᠬᠦ ᠬᠤᠭᠤᠴᠠᠭᠠᠨ ᠳᠤ᠂ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ | ᠤᠷᠤᠨ ᠳᠤ ᠭᠠᠯ ᠨᠤᠴᠤᠭᠠᠵᠤ᠂ ᠬᠤᠭ ᠨᠤᠪᠰᠢ ᠰᠢᠳᠠᠭᠠᠬᠤ᠂ ᠲᠠᠷᠢᠶᠠᠨ ᠲᠠᠯᠠᠩ᠂ ᠡᠪᠡᠰᠦ ᠪᠡᠯᠴᠢᠬᠡᠷ᠂ ᠡᠰᠢ | ᠰᠦᠷᠡᠯ ᠭᠠᠯᠳᠠᠬᠤ᠂ ᠲᠠᠮᠠᠬᠢ ᠲᠠᠳᠠᠬᠤ᠂ ᠴᠠᠭᠠᠰᠤ ᠨᠤᠴᠤᠭᠠᠬᠤ᠂ ᠬᠦᠵᠢ ᠠᠠᠰᠭᠠᠬᠤ᠂ ᠬᠡᠬᠡᠷ᠎ᠡ ᠬᠤᠭᠤᠯᠠᠯᠠᠬᠤ ᠪᠠ | ᠬᠤᠸᠠᠷ ᠫᠤᠤᠵᠢᠩ ᠲᠠᠯᠪᠢᠵᠤ᠂ ᠺᠦᠩᠮᠢᠩ ᠬᠡᠷᠡᠯᠳᠦᠬᠦᠷ ᠵᠡᠷᠬᠡ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠢ ᠡᠷᠡᠰ | ᠬᠤᠷᠢᠭᠯᠠᠨ᠎ᠠ᠃ | 4᠂ ᠭᠠᠯ ᠰᠡᠷᠬᠡᠶᠢᠯᠡᠬᠦ ᠬᠤᠭᠤᠴᠠᠭᠠᠨ ᠳᠤ᠂ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠬᠡᠶᠢᠯᠡᠬᠦ | ᠤᠷᠤᠨ ᠳᠤ᠂ ᠦᠢᠯᠡᠳᠪᠦᠷᠢᠯᠡᠯ᠂ ᠠᠮᠢᠳᠤᠷᠠᠯ ᠤᠨ ᠤᠨᠴᠠᠭᠠᠢ ᠪᠠᠶᠢᠳᠠᠯ ᠳᠤ ᠬᠡᠬᠡᠷ᠎ᠡ ᠭᠠᠯ ᠬᠡᠷᠡᠭᠯᠡᠪᠡᠯ᠂ ᠲᠤᠬᠠᠢ | ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠭᠠᠯ ᠰᠡᠷᠬᠡᠶᠢᠯᠡᠬᠦ ᠵᠢᠯᠤᠭᠤᠳᠬᠤ ᠭᠠᠵᠠᠷ ᠤᠨ ᠠᠯᠪᠠᠨ ᠭᠡᠷ ᠢᠶᠠᠷ | ᠬᠢᠨᠠᠭᠤᠯᠵᠤ᠂ ᠬᠤᠰᠢᠭᠤ ᠤᠢ ᠰᠢᠭᠤᠢ ᠶᠢᠨ ᠲᠤᠪᠴᠢᠶ᠎ᠠ ᠳᠤ ᠮᠡᠳᠡᠬᠦᠯᠵᠦ ᠬᠢᠨᠠᠨ ᠵᠦᠪᠰᠢᠷᠡᠬᠦᠯᠵᠤ᠂ ᠬᠤᠯᠪᠤᠭᠳᠠᠯ | ᠪᠦᠬᠦᠢ ᠱᠠᠭᠠᠷᠳᠠᠯᠭ᠎ᠠ ᠶᠤᠰᠤᠭᠠᠷ ᠭᠠᠯ ᠰᠡᠷᠬᠡᠶᠢᠯᠡᠬᠦ ᠴᠢᠬᠤᠯᠠᠳᠠᠢ ᠠᠷᠭ᠎ᠠ ᠪᠠᠷᠢᠯ ᠢ ᠠᠪᠤᠭᠰᠠᠨ ᠤ ᠲᠠᠷᠠᠭ᠎ᠠ | ᠬᠡᠷᠡᠭᠵᠢᠬᠦᠯᠵᠦ ᠪᠤᠯᠤᠨ᠎ᠠ᠃ | ᠲᠦᠷᠪᠡ᠂ ᠲᠤᠰ ᠮᠡᠳᠡᠭᠳᠡᠯ ᠢ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ | ᠤᠷᠳᠤᠨ | 2018 ᠤᠨ ᠤ 4 ᠰᠠᠷ᠎ᠠ ᠶᠢᠨ 3 ᠤ ᠡᠳᠦᠷ | | | | | | | |