ᠪᠦᠬᠦ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠵᠤ ᠪᠤᠭᠤᠮᠳᠠ ᠰᠢᠪᠳᠤᠯᠬᠤ ᠡᠬᠦᠷᠬᠡ ᠶᠢᠨ ᠴᠡᠭᠴᠡᠯᠡᠨ ᠦᠬᠡᠷᠡᠴᠢᠯᠡᠬᠦ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠲᠤᠳᠤᠷᠬᠠᠶᠢᠯᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠲᠠᠷᠬᠠᠭᠠᠬᠤ ﹇2018﹈ 70 ᠳ᠋ᠣᠭᠠᠷ ᠲᠤᠭᠠᠳᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ ᠪᠡᠶᠢᠭᠤᠯᠭ᠎ᠠ᠂ ᠡᠯ᠎ᠡ ᠬᠦᠷᠢᠶᠡᠯᠡᠩ ᠲᠤᠭᠤᠷᠢᠭ ᠤᠨ ᠬᠠᠮᠢᠶᠡᠷᠤᠯᠳᠡ ᠶᠢᠨ ᠵᠦᠪᠯᠡᠯ᠄       ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠎ ᠶᠢᠨ ᠲᠦᠯᠦᠬᠡ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠵᠦ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠲᠡᠰ ᠤᠨ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠪᠠᠶᠢᠷᠢᠯᠠᠭᠤᠯᠤᠯᠳᠠ ᠶᠢᠨ ᠱᠠᠭᠠᠷᠳᠠᠯᠠᠭ᠎ᠠ ᠶᠤᠰᠤᠭᠠᠷ᠂ ᠮᠠᠨ ᠤ ᠬᠤᠰᠢᠭᠤᠨ ᠤ 2018 ᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯᠯᠠᠭ᠎ᠠ ᠶᠢᠨ ᠡᠬᠦᠷᠬᠡ ᠶᠢᠨ ᠨᠠᠷᠢᠨ ᠬᠠᠭᠤᠳᠠᠰᠤ ᠵᠢᠴᠢ ᠰᠢᠶᠡᠨ ᠤ ᠲᠡᠰ ᠤᠨ ᠤᠳᠤᠷᠢᠳᠤᠯᠭ᠎ᠠ ᠶᠢᠨ ᠠᠵᠢᠯ ᠤᠨ ᠬᠤᠪᠢᠶᠠᠷᠯᠠᠯ ᠪᠠ ᠪᠠᠶᠢᠭᠤᠯᠭ᠎ᠠ ᠶᠢᠨ ᠬᠢᠨᠠᠨ ᠬᠠᠮᠢᠶᠠᠷᠬᠤ ᠡᠬᠦᠷᠬᠡ ᠲᠠᠢ ᠤᠶᠠᠯᠳᠤᠭᠤᠯᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠪᠠᠶᠢᠴᠠᠭᠠᠨ ᠰᠤᠳᠤᠯᠤᠭᠠᠳ ᠲᠤᠭᠳᠠᠭᠠᠭᠰᠠᠨ ᠨᠢ᠂ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠬᠡ ᠶᠢᠨ ᠴᠡᠭᠴᠡᠯᠡᠨ ᠦᠬᠡᠷᠡᠴᠢᠯᠡᠬᠦ ᠬᠤᠯᠪᠤᠭᠳᠠᠯ ᠪᠦᠬᠦᠢ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠬᠤᠪᠢᠶᠠᠷᠯᠠᠨ ᠲᠤᠳᠤᠷᠬᠠᠶᠢᠯᠠᠵᠤ᠂ ᠡᠳᠦᠬᠡ ᠪᠤᠳᠠᠳᠠᠢ ᠤᠴᠢᠷ ᠢ ᠲᠤᠤᠷᠠᠬᠢ ᠮᠡᠳᠦ ᠮᠡᠳᠡᠭᠳᠡᠨ᠎ᠡ       ᠨᠢᠬᠡ ᠳᠤ᠂  ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠡᠬᠦᠷᠬᠡ ᠶᠢᠨ ᠡᠯ᠎ᠡ ᠲᠦᠷᠦᠯ ᠤᠨ ᠠᠰᠠᠭᠤᠳᠠᠯ ᠤᠨ ᠲᠤᠯᠤᠭᠠᠶᠢᠯᠠᠭᠴᠢ ᠰᠢᠶᠠᠨ ᠤ ᠲᠡᠰ ᠤᠨ ᠤᠳᠤᠷᠢᠳᠤᠯᠭ᠎ᠠ ᠪᠠ ᠬᠠᠷᠢᠭᠤᠴᠠᠯᠭ᠎ᠠ ᠶᠢᠨ ᠰᠠᠯᠠᠭ᠎ᠠ ᠮᠦᠴᠢᠷ ᠢ ᠤᠯᠠᠮ ᠨᠢᠬᠡ ᠠᠯᠬᠤᠮ ᠲᠤᠳᠤᠷᠬᠠᠶᠢᠯᠠᠵᠤ᠂ ᠡᠯ᠎ᠡ ᠲᠤᠯᠤᠭᠠᠶᠢᠯᠠᠭᠴᠢ ᠰᠢᠶᠡᠨ ᠤ ᠲᠡᠰ ᠤᠨ ᠤᠳᠤᠷᠢᠳᠤᠯᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ︽ᠨᠠᠮ ᠵᠠᠰᠠᠭ ᠬᠠᠮᠳᠤ ᠶᠢᠨ ᠬᠠᠷᠢᠭᠤᠴᠠᠯᠭ᠎ᠠ᠂ ᠠᠵᠢᠯ ᠎ ᠤᠨ ᠪᠠᠶᠢᠷᠢ ᠬᠤᠤᠰ ᠬᠠᠷᠢᠭᠤᠴᠠᠯᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠪᠡᠷᠳᠡᠬᠡᠨ ᠰᠤᠳᠤᠯᠵᠤ᠂ ᠲᠤᠬᠢᠷᠠᠭᠤᠯᠤᠨ᠂ ᠠᠬᠢᠭᠤᠯᠬᠤ ᠬᠤᠰᠢᠭᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠨᠢ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ ᠲᠤᠭᠤᠶᠢᠯᠠᠩ ᠎ ᠤᠨ ᠠᠯᠪᠠᠨ ᠬᠡᠷ ᠤᠨ ᠡᠬᠦᠷᠬᠡ ᠪᠠ ᠦᠢᠯᠡᠳᠦᠯ ᠢ ᠬᠦᠢᠴᠡᠳ ᠪᠠᠳᠠᠷᠠᠭᠤᠯᠵᠤ᠂ ᠨᠢᠬᠡᠳᠦᠯᠳᠠᠢ ᠵᠢᠯᠤᠭᠤᠳᠴᠤ᠂ ᠲᠤᠬᠢᠷᠠᠭᠤᠯᠬᠤ ᠪᠠ ᠬᠢᠨᠠᠯᠳᠠ ᠲᠠᠯᠪᠢᠬᠤ ᠶᠢ ᠦᠨᠡᠨᠬᠦ ᠴᠢᠩᠭᠠᠳᠬᠠᠨ᠎ᠠ᠃ ᠡᠯ᠎ᠡ ᠲᠦᠷᠦᠬᠦᠯᠡᠨ ᠬᠠᠷᠢᠭᠤᠴᠠᠬᠤ ᠨᠢᠬᠡᠴᠢ ᠬᠠᠷᠢᠭᠤᠴᠯᠠᠭ᠎ᠠ ᠪᠠᠨ ᠴᠢᠩᠭ᠎ᠠ ᠡᠬᠦᠷᠬᠡᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠵᠤ᠂ ᠴᠠᠭ ᠲᠠᠷᠤᠢ ᠳᠤᠨᠢ ᠴᠡᠭᠴᠡᠯᠡᠨ ᠵᠠᠰᠠᠵᠤ ᠪᠤᠯᠬᠤ ᠠᠰᠠᠭᠤᠳᠠᠯ ᠢ ᠴᠠᠭ ᠲᠤᠬᠠᠢ ᠳᠤᠨᠢ ᠵᠠᠰᠠᠵᠤ᠂ ᠲᠦᠷ ᠵᠠᠭᠤᠷ᠎ᠠ ᠴᠡᠭᠴᠡᠯᠡᠨ ᠵᠠᠰᠠᠵᠤ ᠲᠡᠶᠢᠯᠬᠦ ᠦᠬᠡᠢ ᠪᠤᠯ ᠴᠡᠭᠴᠡᠯᠡᠨ ᠵᠠᠰᠠᠬᠤ ᠲᠦᠰᠦᠯ ᠲᠤᠭᠳᠠᠭᠠᠵᠤ᠂ ᠴᠡᠭᠴᠡᠯᠡᠨ ᠵᠠᠰᠠᠬᠤ ᠠᠬᠢᠴᠠ ᠶᠢ ᠵᠤᠬᠢᠰᠳᠠᠢ ᠪᠠᠷ ᠲᠤᠬᠢᠷᠠᠭᠤᠯᠵᠤ᠂ ᠴᠡᠭᠴᠡᠯᠡᠨ ᠵᠠᠰᠠᠬᠤ ᠡᠬᠦᠷᠬᠡ ᠶᠢ ᠲᠤᠭᠳᠠᠭᠰᠠᠨ ᠬᠤᠭᠤᠴᠠᠭᠠᠨ ᠳᠤ ᠪᠠᠶᠠᠯᠡᠬᠦᠯᠬᠦ ᠶᠢ ᠪᠠᠳᠤᠯᠠᠨ᠎ᠠ᠃ ᠡᠯ᠎ᠡ ᠪᠠᠯᠭᠠᠰᠤ᠂ ᠡᠯ᠎ᠡ ᠬᠦᠷᠢᠶᠡᠯᠡᠩ ᠲᠤᠭᠤᠷᠢᠭ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ︽ᠬᠠᠷᠢᠶ᠎ᠠ ᠭᠠᠵᠠᠷ ᠤᠨ ᠬᠢᠨᠠᠯᠳᠠ ᠬᠠᠮᠢᠶᠠᠷᠤᠯᠳᠠ ᠬᠢᠬᠡᠳ ᠲᠡᠰ ᠬᠤᠪᠢᠶᠠᠨ ᠬᠢᠨᠠᠨ ᠬᠠᠮᠢᠶᠠᠷᠤᠯᠳᠠ ᠶᠢᠨ ᠤᠶᠠᠯᠳᠤᠯ︾ ︽ᠠᠵᠢᠯ ᠲᠦᠷᠦᠯ ᠤᠨ ᠬᠢᠨᠠᠯᠳᠠ ᠬᠠᠮᠢᠶᠠᠷᠤᠯᠳᠠ ᠪᠠ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠤᠶᠠᠯᠳᠤᠯ︾ ᠵᠢᠴᠢ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠠᠮᠢᠶᠠᠷᠬᠤ︾ ᠦᠨᠳᠦᠰᠦᠨ ᠵᠠᠷᠴᠢᠮ ᠶᠤᠰᠤᠭᠠᠷ᠂ ᠲᠤᠰ ᠭᠠᠵᠠᠷ ᠤᠷᠤᠨ᠂ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠵᠢᠴᠢ ᠬᠤᠯᠪᠤᠭᠳᠠᠯ ᠪᠦᠬᠦᠢ ᠬᠠᠷᠢᠭᠤᠴᠠᠯᠭᠠᠳᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠡᠯ᠎ᠡ ᠪᠠᠯᠭᠠᠰᠤ᠂ ᠡᠯ᠎ᠡ ᠬᠦᠷᠢᠶᠡᠯᠡᠩ ᠲᠤᠭᠤᠷᠢᠭ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠎ ᠶᠢᠨ ᠭᠤᠤᠯ ᠬᠠᠷᠢᠭᠤᠴᠠᠯᠭᠠᠳᠠᠨ ᠨᠢ ᠲᠤᠰ ᠱᠠᠳᠤᠨ ᠤ ᠵᠠᠰᠠᠭ ᠵᠠᠬᠢᠷᠭᠠᠨ ᠤ ᠤᠷᠤᠨ ᠪᠠ ᠲᠤᠰ ᠪᠠᠶᠢᠭᠤᠯᠭ᠎ᠠ ᠶᠢᠨ ᠬᠠᠷᠢᠭᠤᠴᠠᠯᠭ᠎ᠠ ᠶᠢᠨ ᠬᠡᠪᠴᠢᠶᠡᠨ ᠲᠤᠳᠤᠷᠠᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠨᠢᠬᠡᠳᠦᠬᠡᠷ ᠬᠠᠷᠢᠭᠤᠴᠠᠯᠭᠠᠳᠠᠨ ᠪᠤᠯᠤᠨ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠡᠬᠦᠷᠬᠡᠯᠡᠨ᠎ᠡ︔ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠨᠢ ᠬᠤᠪᠢᠳᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠶᠡᠷᠦᠩᠬᠡᠶᠢᠯᠡᠭᠰᠡᠨ ᠬᠢᠨᠠᠨ ᠬᠠᠮᠢᠶᠠᠷᠤᠯᠳᠠ ᠶᠢᠨ ᠤᠳᠤᠷᠢᠳᠬᠤ ᠬᠠᠷᠢᠭᠤᠴᠠᠯᠭ᠎ᠠ ᠶᠢ ᠡᠬᠦᠷᠬᠡᠯᠡᠨ᠎ᠡ︔ ᠪᠤᠰᠤᠳ ᠬᠤᠯᠪᠤᠭᠳᠠᠯ ᠪᠦᠬᠦᠢ ᠬᠠᠷᠢᠭᠤᠴᠠᠯᠭᠠᠳᠠᠨ ᠬᠤᠪᠢᠳᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠰᠢᠭᠤᠳ ᠤᠳᠤᠷᠢᠳᠬᠤ ᠬᠠᠷᠢᠭᠤᠴᠠᠯᠭ᠎ᠠ ᠶᠢ ᠡᠬᠦᠷᠬᠡᠯᠡᠨ᠎ᠡ᠃      ᠬᠤᠶᠠᠷ᠂ ᠲᠤᠬᠢᠷᠠᠭᠤᠯᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠬᠠᠮᠳᠤᠷᠠᠭᠰᠠᠨ ᠬᠤᠷᠠᠯ ᠤᠨ ᠲᠦᠷᠢᠮ ᠢ ᠲᠤᠭᠳᠠᠭᠠᠵᠤ᠂ ᠰᠠᠷ᠎ᠠ ᠪᠤᠯᠭᠠᠨ ᠪᠤᠬᠢᠷᠳᠤᠯ ᠶᠢᠨ ᠰᠡᠷᠬᠡᠶᠢᠯᠡᠨ ᠵᠠᠰᠠᠬᠤ ᠠᠵᠢᠯ ᠤᠨ ᠲᠤᠬᠢᠷᠠᠭᠤᠯᠤᠯᠳᠠ ᠎ ᠶᠢᠨ ᠬᠤᠷᠠᠯ ᠪᠤᠶᠤ ᠬᠠᠮᠳᠤᠷᠠᠭᠰᠠᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠵᠤ᠂ ᠡᠯ᠎ᠡ ᠬᠠᠷᠢᠭᠤᠴᠠᠬᠤ ᠤᠳᠤᠷᠢᠳᠤᠯᠭ᠎ᠠ ᠪᠤᠶᠤ ᠲᠦᠷᠦᠬᠦᠯᠡᠨ ᠬᠠᠷᠢᠭᠤᠴᠠᠬᠤ ᠨᠢᠬᠡᠴᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠎ ᠤᠨ ᠬᠠᠷᠢᠭᠤ ᠮᠡᠳᠡᠬᠦᠯᠦᠯᠳᠡ ᠶᠢ ᠰᠤᠨᠤᠰᠤᠨ᠎ᠠ᠃ ᠡᠯ᠎ᠡ ᠬᠠᠷᠢᠭᠤᠴᠠᠯᠭᠠᠳᠠᠨ ᠤᠳᠤᠷᠢᠳᠤᠯᠭ᠎ᠠ ᠲᠦᠷᠦᠬᠦᠯᠡᠨ ᠲᠤᠬᠢᠷᠠᠭᠤᠯᠵᠤ᠂ ᠡᠯ᠎ᠡ ᠲᠦᠷᠦᠬᠦᠯᠡᠨ ᠬᠠᠷᠢᠭᠤᠴᠠᠬᠤ ᠨᠢᠬᠡᠴᠢ ᠬᠠᠷᠢᠭᠤᠴᠠᠯᠭᠠᠳᠠᠨ᠂ ᠴᠡᠭᠴᠡᠯᠡᠨ ᠵᠠᠰᠠᠬᠤ ᠬᠠᠷᠠᠯᠳᠠ᠂ ᠠᠷᠭ᠎ᠠ ᠬᠡᠮᠵᠢᠶ᠎ᠡ ᠪᠠ ᠴᠠᠭ ᠬᠤᠭᠤᠴᠠᠭ᠎ᠠ ᠪᠠᠨ ᠤᠯᠠᠮ ᠨᠢᠬᠡ ᠠᠯᠬᠤᠮ ᠳᠤᠳᠤᠷᠬᠠᠶᠢᠯᠠᠵᠤ᠂ ᠵᠤᠷᠪᠤᠰ ᠲᠦᠷᠦᠯ ᠪᠤᠯᠭᠠᠨ ᠢ ᠨᠠᠷᠢᠯᠢᠭᠵᠢᠭᠤᠯᠵᠤ᠂ ᠲᠠᠩᠰᠠᠨ ᠬᠡᠯᠪᠡᠷᠢ ᠶᠢᠨ ᠬᠠᠮᠢᠶᠠᠷᠤᠯᠳᠠ᠂ ᠠᠵᠢᠯ ᠤᠨ ᠬᠤᠭᠤᠴᠠᠭ᠎ᠠ ᠶᠢ ᠲᠤᠩᠭᠤᠷᠠᠭᠤᠯᠤᠨ ᠵᠢᠭᠰᠠᠭᠠᠵᠤ᠂ ᠠᠵᠢᠯ ᠤᠨ ᠠᠬᠢᠴᠠ ᠶᠢ ᠱᠠᠯᠪᠠᠳᠠᠬᠤ ᠶᠢ ᠬᠡᠷᠡᠭᠵᠢᠬᠦᠯᠵᠦ᠂ ᠨᠠᠷᠢᠨ ᠤᠨᠤᠪᠴᠢᠳᠠᠢ ᠎ ᠪᠠᠷ ᠬᠦᠴᠦᠯᠡᠨ᠂ ᠪᠦᠬᠦ ᠬᠦᠴᠦᠨ ᠢᠶᠠᠷ ᠠᠬᠢᠭᠤᠯᠵᠤ᠂ ᠡᠯ᠎ᠡ ᠲᠦᠷᠦᠯ ᠤᠨ ᠠᠵᠢᠯ ᠤᠨ ᠲᠤᠭᠳᠠᠭᠰᠠᠨ ᠬᠤᠭᠤᠴᠠᠭᠠᠨ ᠎ ᠳᠤ ᠡᠮᠬᠢ ᠵᠢᠷᠤᠮ ᠲᠠᠢ ᠠᠬᠢᠭᠤᠯᠤᠨ ᠪᠡᠶᠡᠯᠡᠬᠦᠯᠬᠦ ᠶᠢ ᠪᠠᠳᠤᠯᠠᠨ᠎ᠠ᠃      ᠭᠤᠷᠪᠠ᠂ ᠴᠢᠮᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠨ᠎ᠡ᠃ ᠡᠯ᠎ᠡ ᠪᠠᠯᠭᠠᠰᠤ᠂ ᠡᠯ᠎ᠡ ᠬᠦᠷᠢᠶᠡᠯᠡᠩ ᠲᠤᠭᠤᠷᠢᠭ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠰᠡᠳᠬᠦᠯ᠂ ᠲᠧᠯᠸᠢᠰ᠂ ᠰᠦᠯᠵᠢᠶ᠎ᠡ ᠵᠡᠷᠬᠡ ᠲᠠᠪᠴᠠᠩ ᠢ ᠬᠦᠢᠴᠡᠳ ᠠᠰᠢᠭᠯᠠᠵᠤ᠂ ᠭᠤᠤᠯᠳᠠᠯᠭᠠᠳᠤ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠬᠦ ᠪᠠ ᠨᠡᠶᠢᠳᠡᠯᠢᠭ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠬᠡᠷᠡᠭ ᠤᠨ ᠪᠠᠶᠢᠴᠠᠭᠠᠨ ᠰᠢᠢᠳᠬᠡᠭᠰᠡᠨ ᠪᠠᠶᠢᠳᠠᠯ ᠢ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠨᠡᠶᠢᠳᠡᠯᠡᠵᠦ᠂ ᠦᠷᠬᠡᠨ ᠤᠯᠠᠨ ᠠᠷᠠᠳ ᠲᠦᠮᠡᠨ ᠳᠤ ᠪᠠᠶᠢᠳᠠᠯ ᠢ ᠮᠡᠳᠡᠬᠦ ᠡᠷᠬᠡ ᠪᠠ ᠤᠷᠤᠯᠴᠠᠬᠤ ᠡᠷᠬᠡ ᠶᠢ ᠪᠠᠳᠤᠯᠠᠨ᠎ᠠ᠃ ᠢᠯᠡᠴᠢᠯᠡᠨ ᠮᠡᠳᠡᠬᠦᠯᠬᠦ ᠤᠳᠠᠰᠤ ᠶᠢ ᠨᠠᠶᠢᠳᠠᠯᠠᠵᠤ᠂ ᠤᠯᠠᠨ ᠲᠦᠮᠡᠨ ᠤ ᠬᠢᠨᠠᠯᠳᠠ ᠢᠯᠡᠴᠢᠯᠡᠨ ᠮᠡᠳᠡᠬᠦᠯᠦᠯᠳᠡ ᠶᠢ ᠬᠦᠯᠢᠶᠡᠨ᠎ᠡ᠃ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠴᠢᠬᠤᠯᠠ ᠶᠡᠭᠡ ᠰᠢᠢᠳᠪᠤᠷᠢ ᠪᠠᠶᠢᠷᠢᠯᠠᠭᠤᠯᠤᠯᠳᠠ ᠶᠢ ᠶᠡᠬᠡᠪᠡᠷ ᠤᠬᠠᠭᠤᠯᠵᠤ᠂ ᠨᠡᠶᠢᠬᠡᠮ ᠎ ᠤᠨ ᠡᠯ᠎ᠡ ᠡᠳᠡᠬᠡᠳ ᠤᠨ ᠬᠢᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠢᠳᠡᠪᠬᠢᠯᠠᠨ ᠤᠷᠤᠯᠴᠠᠬᠤ ᠶᠢ ᠲᠠᠶᠢᠴᠢᠯᠠᠨ᠂ ᠤᠷᠴᠢᠨ ᠲᠤᠭᠤᠷᠢᠨ ᠤ ᠬᠠᠮᠠᠭᠠᠯᠠᠯᠳᠠ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠰᠠᠶᠢᠨ ᠰᠠᠶᠢᠬᠠᠨ ᠬᠡᠪ ᠪᠠᠶᠢᠳᠠᠯ ᠢ ᠴᠤᠭᠴᠠᠯᠠᠨ᠎ᠠ᠃      ᠲᠦᠷᠪᠡ᠂ ᠲᠠᠩᠰᠠ ᠡᠪᠬᠡᠮᠡᠯ ᠢ ᠲᠦᠷᠢᠮᠵᠢᠬᠦᠯᠦᠨ ᠪᠦᠷᠢᠨᠰᠢᠬᠦᠯᠦᠨ᠎ᠡ᠃ ᠡᠯ᠎ᠡ ᠲᠦᠷᠦᠬᠦᠯᠡᠨ ᠬᠠᠷᠢᠭᠤᠴᠠᠬᠤ ᠨᠢᠬᠡᠴᠢ ︽ᠲᠦᠷᠢᠮᠵᠢᠯ᠂ ᠦᠨᠡᠨᠴᠢ᠂ ᠪᠦᠬᠦ ᠲᠠᠯ᠎ᠠ ᠶᠢᠨ ᠨᠠᠷᠢᠯᠢᠭᠵᠢᠭᠰᠠᠨ︾  ᠵᠠᠷᠴᠢᠮ ᠤᠨ ᠱᠠᠭᠠᠷᠳᠠᠯᠭ᠎ᠠ ᠪᠠᠷ ᠪᠤᠬᠢᠷᠳᠤᠯ ᠢ ᠰᠡᠷᠬᠡᠶᠢᠯᠡᠨ ᠵᠠᠰᠠᠬᠤ ᠠᠰᠠᠭᠤᠳᠠᠯ ᠤᠨ ᠴᠡᠭᠴᠡᠯᠡᠨ ᠦᠬᠡᠷᠡᠴᠢᠯᠡᠬᠦ ᠠᠵᠢᠯ ᠤᠨ ᠲᠠᠩᠰᠠ ᠡᠪᠬᠡᠮᠡᠯ ᠪᠠᠶᠢᠭᠤᠯᠤᠨ᠎ᠠ᠃ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠪᠠ ᠲᠠᠩᠰᠠ ᠬᠠᠮᠢᠶᠠᠷᠤᠭᠴᠢ ᠶᠢ ᠲᠤᠳᠤᠷᠬᠠᠶᠢᠯᠠᠵᠤ᠂ ᠬᠢᠨᠠᠨ ᠵᠦᠪᠰᠢᠶ᠋ᠷᠡᠬᠦ ᠶᠢ ᠴᠢᠩᠭᠠᠳᠬᠠᠵᠤ᠂ ᠬᠤᠯᠪᠤᠭᠳᠠᠯ ᠪᠦᠬᠦᠢ ᠲᠤᠭ᠎ᠠ ᠪᠠᠷᠢᠮᠳᠠ ᠶᠢᠨ ᠦᠨᠡᠨ ᠨᠠᠶᠢᠳᠠᠪᠤᠷᠢᠳᠠᠢ ᠶᠢ ᠪᠠᠳᠤᠯᠠᠨ᠎ᠠ᠃ ᠡᠯ᠎ᠡ ᠲᠦᠷᠦᠯ ᠤᠨ ᠴᠡᠭᠴᠡᠯᠡᠨ ᠦᠬᠡᠷᠡᠴᠢᠯᠡᠬᠦ ᠡᠬᠦᠷᠬᠡ ᠶᠢᠨ ᠲᠠᠩᠰᠠ ᠳᠤ ᠭᠠᠷᠴᠠᠭ᠂ ᠠᠭᠤᠯᠭ᠎ᠠ᠂ ᠲᠤᠳᠤᠷᠬᠠᠶᠢᠯᠠᠯᠳᠠ᠂ ᠲᠤᠯᠭᠠᠭᠤᠷᠢ ᠲᠠᠢ ᠪᠠᠶᠢᠯᠭᠠᠵᠤ᠂ ᠪᠦᠷᠢᠨ ᠲᠡᠬᠦᠯᠳᠡᠷ ᠲᠠᠩᠰᠠ ᠮᠠᠲ᠋ᠧᠷᠢᠶᠠᠯ ᠢ ᠪᠦᠷᠢᠯᠳᠦᠬᠦᠯᠤᠨ᠎ᠡ ᠃ ᠡᠯ᠎ᠡ ᠬᠠᠮᠢᠶ᠎ᠠ ᠪᠦᠬᠦᠢ ᠬᠠᠷᠢᠭᠤᠴᠠᠬᠤ ᠨᠢᠬᠡᠴᠢ ᠶᠢᠨ ᠴᠡᠭᠴᠡᠯᠡᠨ ᠦᠬᠡᠷᠡᠴᠢᠯᠡᠭᠰᠡᠨ ᠮᠠᠲ᠋ᠧᠷᠢᠶᠠᠯ ᠢ ᠬᠤᠷᠢᠶᠠᠩᠭᠤᠶᠢᠯᠠᠬᠤ ᠶᠢᠨ ᠬᠠᠮᠳᠤ᠂ ᠴᠡᠭᠴᠡᠯᠡᠨ ᠦᠬᠡᠷᠡᠴᠢᠯᠡᠭᠰᠡᠨ  ᠶᠡᠷᠦᠩᠬᠡᠶᠢᠯᠡᠭᠰᠡᠨ ᠲᠠᠩᠰᠠ ᠶᠢ ᠪᠦᠷᠢᠳᠦᠬᠦᠯᠵᠦ᠂ ᠰᠢᠯᠭᠠᠨ ᠬᠤᠷᠢᠶᠠᠵᠤ ᠳ᠋ᠣᠭᠠᠷ ᠬᠠᠰᠤᠬᠤ ᠶᠢ ᠬᠠᠷᠢᠭᠤᠴᠠᠨ᠎ᠠ᠃      ᠲᠠᠪᠤ᠂ ᠬᠢᠨᠠᠨ ᠵᠢᠯᠤᠭᠤᠳᠴᠤ ᠪᠠᠶᠢᠴᠠᠭᠠᠯᠳᠠ ᠶᠢ ᠴᠢᠩᠭᠠᠳᠬᠠᠨ᠎ᠠ᠃ ᠬᠤᠰᠢᠭᠤ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠲᠠᠰᠤᠭ ᠪᠠ ᠬᠤᠰᠢᠭᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠲᠤᠰᠬᠠᠢ ᠲᠦᠷᠦᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠤᠭᠤᠶᠢᠯᠠᠩ ᠢ ᠪᠠᠶᠢᠭᠤᠯᠵᠤ᠂ ᠠᠵᠢᠯ ᠢ ᠦᠷᠨᠢᠬᠦᠯᠦᠭᠰᠡᠨ ᠪᠠᠶᠢᠳᠠᠯ ᠳᠤ ᠪᠦᠬᠦ ᠶᠠᠪᠤᠴᠠ ᠶᠢᠨ ᠬᠢᠨᠠᠨ ᠵᠢᠯᠤᠭᠤᠳᠤᠯᠭ᠎ᠠ ᠬᠢᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠᠷ ᠬᠦᠷᠦᠯᠴᠡᠬᠦ ᠦᠬᠡᠢ᠂ ᠠᠵᠢᠯ ᠤᠨ ᠠᠷᠭ᠎ᠠ ᠪᠠᠷᠢᠯ ᠢᠶᠠᠷ ᠪᠤᠳᠠᠳᠠᠢ ᠪᠤᠰᠤ᠂ ᠬᠤᠶᠢᠷᠭᠤᠰᠢᠯᠠᠬᠤ᠂ ᠠᠵᠢᠯᠯᠠᠬᠤ ᠦᠬᠡᠢ ᠠᠴᠠ ᠴᠡᠭᠴᠡᠯᠡᠨ ᠦᠬᠡᠷᠡᠴᠢᠯᠡᠬᠦ ᠠᠵᠢᠯ ᠢ ᠲᠤᠭᠳᠠᠭᠰᠠᠨ ᠬᠤᠭᠤᠴᠠᠭᠠᠨ ᠳᠤ ᠠᠬᠢᠭᠤᠯᠤᠭᠰᠠᠨ ᠦᠬᠡᠢ ᠨᠢᠬᠡᠴᠢ ᠳᠤ ᠵᠠᠷᠯᠠᠨ ᠰᠢᠬᠦᠮᠵᠢᠯᠠᠯ ᠶᠠᠪᠤᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠮᠡᠳᠡᠬᠦᠯᠦᠨ ᠲᠦᠪ ᠴᠢᠩᠭ᠎ᠠ ᠎ ᠪᠠᠷ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠵᠢᠷᠭᠤᠭ᠎ᠠ᠂ ᠪᠠᠶᠢᠩᠭᠤ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠪᠤᠬᠢᠷᠳᠤᠯ ᠢ ᠰᠡᠷᠬᠡᠶᠢᠯᠡᠨ ᠵᠠᠰᠠᠬᠤ ᠪᠠ ᠲᠦᠷᠢᠮ ᠤᠨ ᠪᠠᠶᠢᠭᠤᠯᠤᠯᠳᠠ ᠶᠢᠨ ᠢᠵᠢᠯ ᠠᠯᠬᠤᠮ ᠢᠶᠠᠷ ᠠᠬᠢᠭᠤᠯᠵᠤ᠂ ᠲᠠᠰᠤᠷᠠᠯᠳᠠ ᠦᠬᠡᠢ ᠠᠰᠠᠭᠤᠳᠠᠯ ᠢ ᠡᠷᠢᠵᠦ ᠂ ᠲᠤᠷᠰᠢᠯᠭ᠎ᠠ ᠪᠠᠨ ᠳ᠋ᠦᠩᠨᠠᠵᠤ᠂ ᠬᠠᠤᠯᠢ ᠴᠠᠭᠠᠵᠠ ᠬᠠᠤᠯᠢ ᠪᠠᠷ ᠲᠦᠷᠢᠮ ᠢᠶᠠᠷ ᠭᠤᠤᠯᠯᠠᠭᠰᠠᠨ᠂ ᠠᠵᠢᠯ ᠲᠦᠷᠦᠯ ᠎ ᠤᠨ ᠲᠦᠷᠢᠮ ᠢᠶᠠᠷ ᠨᠦᠬᠦᠪᠦᠷᠢᠯᠡᠭᠰᠡᠨ ᠪᠤᠬᠢᠷᠳᠤᠯ ᠢ ᠰᠡᠷᠬᠡᠶᠢᠯᠡᠨ ᠵᠠᠰᠠᠬᠤ ᠰᠢᠨ᠎ᠡ ᠲᠤᠭᠳᠠᠯᠴᠠᠭ᠎ᠠ ᠶᠢ ᠢᠳᠡᠪᠬᠢᠳᠠᠢ ᠎ ᠪᠠᠷ ᠪᠠᠶᠢᠭᠤᠯᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠰᠢᠨᠵᠢᠯᠡᠬᠦ ᠤᠬᠠᠭᠠᠨᠵᠢᠯᠳᠠ᠂ ᠬᠠᠤᠯᠢ ᠵᠠᠰᠠᠯᠳᠠ᠂ ᠲᠦᠷᠢᠮᠵᠢᠯᠳᠠ᠂ ᠪᠠᠶᠢᠩᠭᠤᠵᠢᠯᠳᠠ ᠶᠢ ᠠᠬᠢᠭᠤᠯᠤᠨ᠎ᠠ᠃ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠎ ᠶᠢ ᠪᠠᠷᠢᠮᠳᠠᠯᠠᠨ᠂ ᠠᠰᠠᠭᠤᠳᠠᠯ ᠤᠨ ᠴᠡᠭᠴᠡᠯᠡᠨ ᠵᠠᠰᠠᠬᠤ ᠶᠢ ᠰᠠᠶᠢᠳᠤᠷ ᠠᠳᠬᠤᠵᠤ᠂ ᠲᠠᠷᠤᠢ ᠲᠦᠷᠬᠡᠨ ᠦᠷ᠎ᠡ ᠪᠦᠳᠦᠮᠵᠢ ᠭᠠᠷᠭᠠᠵᠤ᠂ ᠠᠰᠠᠭᠤᠳᠠᠯ ᠤᠨ ᠰᠢᠯᠳᠠᠭᠠᠨ ᠢ ᠤᠬᠠᠵᠤ᠂ ᠦᠨᠳᠦᠰᠦ ᠰᠤᠷᠪᠤᠯᠵᠢ ᠶᠢ ᠵᠠᠰᠠᠬᠤ ᠪᠤᠳᠤᠯᠭ᠎ᠠ ᠎ ᠶᠢ ᠰᠤᠳᠤᠯᠤᠨ ᠭᠠᠷᠭᠠᠬᠤ ᠪᠠᠷ ᠲᠠᠮᠵᠢᠨ᠂ ᠪᠦᠷᠢᠨ ᠲᠡᠬᠦᠯᠳᠡᠷᠵᠢᠭᠰᠡᠨ ᠲᠦᠷᠢᠮ ᠲᠤᠭᠳᠠᠭᠠᠯ ᠢ ᠪᠠᠶᠢᠭᠤᠯᠤᠨ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠠᠬᠢᠭᠤᠯᠵᠤ ᠰᠢᠨ᠎ᠡ ᠦᠷ᠎ᠡ ᠪᠦᠳᠦᠮᠵᠢ ᠤᠯᠤᠨ᠎ᠠ᠃                                                             ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                    2018 ᠤᠨ ᠤ 5 ᠰᠠᠷ᠎ᠠ ᠶᠢᠨ10᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号