ᠭᠤᠤᠯᠳᠠᠯᠭᠠᠳᠤ ᠬᠤᠳᠠ ᠶᠢᠨ ᠲᠤᠭᠤᠷᠢᠭ ᠤᠨ ᠦᠶᠡᠷ ᠤᠰᠤᠳᠠᠯ ᠢ ᠰᠡᠷᠬᠡᠶᠢᠯᠡᠬᠦ ᠠᠵᠢᠯ ᠤᠨ ᠬᠤᠯᠪᠤᠭᠳᠠᠯ ᠪᠦᠬᠦᠢ ᠤᠴᠢᠷ ᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019-02-25
ᠡᠵᠡᠨ ᠵᠠᠰᠠᠭ ᠲᠠᠷᠬᠠᠭᠠᠬᠤ ﹇2018﹈ 97 ᠳ᠋ᠤᠭᠠᠷ ᠲᠤᠭᠠᠳᠤᠠᠯᠳᠠᠨᠰᠢᠷᠡᠭᠡ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ᠂ ᠬᠤᠰᠢᠭᠤ ᠠᠷᠡᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠪᠡᠶᠢᠭᠤᠯᠭ᠎ᠠ᠂ ᠡᠯ᠎ᠡ ᠬᠠᠮᠢᠶ᠎ᠠ ᠪᠦᠬᠦᠢ ᠨᠢᠬᠡᠴᠡ᠂ ᠡᠯ᠎ᠡ ᠬᠠᠮᠢᠶ᠎ᠠ ᠪᠦᠬᠦᠢ ᠠᠵᠤ ᠠᠬᠤᠶᠢᠯᠡᠯ᠄      ᠤᠳᠤᠬᠠᠨ ᠳᠤ ᠮᠡᠨ ᠤ ᠬᠤᠰᠢᠭᠤ ᠨᠢᠬᠡᠨᠳᠡ ᠦᠶᠡᠷ ᠤᠨ ᠬᠤᠭᠤᠴᠠᠭᠠᠨ ᠤᠷᠤᠵᠤ᠂ ᠠᠯᠳᠠᠨᠰᠢᠷᠡᠭᠡ ᠪᠠᠯᠭᠠᠰᠤᠨ ᠤ ᠭᠤᠤᠯᠳᠠᠯᠭᠠᠳᠤ ᠬᠤᠳᠠ ᠶᠢᠨ ᠲᠤᠭᠤᠷᠢᠭ ᠤᠨ ᠦᠶᠡᠷ ᠤᠰᠤᠳᠤᠯ ᠤᠨ ᠠᠵᠢᠯ ᠢ ᠰᠠᠶᠢᠳᠤᠷ ᠬᠢᠵᠤ᠂ ᠠᠮᠤᠷ ᠲᠦᠪᠰᠢᠨ ᠢᠶᠠᠷ ᠦᠶᠡᠷ ᠤᠨ ᠬᠤᠭᠤᠴᠠᠭ᠎ᠠ ᠶᠢ ᠦᠩᠬᠡᠷᠡᠬᠦ ᠪᠠ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠵᠤ᠂ ᠤᠳᠤ ᠭᠤᠤᠯᠳᠠᠯᠭᠠᠳᠤ ᠬᠤᠳᠠ ᠶᠢᠨ ᠲᠤᠭᠤᠷᠢᠭ ᠤᠨ ᠦᠶᠡᠷ ᠤᠰᠤᠳᠤᠯ ᠤᠨ ᠰᠡᠷᠬᠡᠶᠢᠯᠡᠯᠳᠡ ᠶᠢ ᠴᠢᠩᠭᠠᠳᠬᠠᠬᠤ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠪᠡ᠄      ᠨᠢᠬᠡ᠂ ᠬᠤᠳᠠ ᠶᠢᠨ ᠭᠤᠤᠯᠯᠠᠬᠤ ᠲᠤᠭᠤᠷᠢᠭ ᠤᠨ ᠦᠶᠡᠷ ᠤᠰᠤᠳᠤᠯ ᠤᠨ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠨ᠎ᠠ      ᠦᠶᠡᠷ ᠤᠨ ᠬᠤᠭᠤᠴᠠᠭᠠᠨ ᠤ ᠭᠤᠤᠯᠳᠠᠯᠭᠠᠳᠤ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠬᠦ ᠠᠵᠢᠯ ᠢ ᠰᠠᠶᠢᠳᠤᠷ ᠬᠢᠬᠦ ᠨᠢ ᠬᠤᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠪᠠ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠲᠠᠢ ᠬᠤᠯᠪᠤᠭ᠎ᠠ ᠲᠠᠢ ᠪᠠᠶᠢᠵᠤ᠂ ᠡᠯ᠎ᠡ ᠬᠤᠯᠪᠤᠭᠳᠠᠯ ᠪᠦᠬᠦᠢ ᠨᠢᠬᠡᠴᠡ ᠭᠤᠤᠯᠳᠠᠯᠭᠠᠳᠤ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠬᠦ ᠠᠵᠢᠯ ᠢ ᠰᠠᠶᠢᠳᠤᠷ ᠬᠢᠵᠤ᠂ ᠬᠤᠳᠠ ᠶᠢᠨ ᠲᠤᠭᠤᠷᠢᠭ ᠤᠨ ᠦᠶᠡᠷ ᠤᠰᠤᠳᠤᠯ ᠤᠨ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠩᠬᠡᠨ ᠬᠠᠭᠤᠳᠠᠮ ᠪᠠ ᠭᠤᠷᠢᠳᠠᠯ ᠪᠤᠳᠤᠯ ᠪᠠᠶᠢᠵᠤ ᠪᠤᠯᠬᠤ ᠦᠬᠡᠢ᠂ ᠦᠶᠡᠷ ᠢ ᠰᠡᠷᠬᠡᠶᠢᠯᠡᠬᠦ᠂ ᠭᠠᠮᠰᠢᠭ ᠲᠠᠢ ᠲᠡᠮᠡᠴᠡᠬᠦ᠂ ᠠᠶᠤᠯ ᠠᠴᠠ ᠠᠪᠤᠷᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ︽ᠠᠮᠤᠷ ᠲᠦᠪᠰᠢᠨ ᠲᠡᠷᠢᠬᠦᠨ ᠴᠢᠬᠤᠯᠠ᠂ ᠪᠠᠶᠢᠩᠭᠤ ᠶᠢᠨ ᠪᠡᠯᠡᠳᠬᠡᠯ ᠲᠠᠢ᠂ ᠰᠡᠷᠬᠡᠶᠢᠯᠡᠬᠦ ᠪᠠᠷ ᠭᠤᠤᠯᠯᠠᠵᠤ᠂ ᠪᠦᠬᠦ ᠬᠦᠴᠦᠨ ᠎ ᠢᠶᠠᠷ ᠠᠶᠤᠯ ᠠᠴᠠ ᠠᠪᠤᠷᠠᠬᠤ︾ ᠴᠢᠭᠯᠡᠯᠳᠡ ᠨᠠᠷᠢᠨ ᠬᠢᠨᠠᠮᠠᠭᠠᠢ ᠲᠤᠤᠱᠯᠠᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠨᠠᠶᠢᠳᠠᠪᠤᠷᠵᠢᠭᠤᠯᠵᠤ᠂ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠤᠳᠠ ᠶᠢᠨ ᠲᠤᠭᠤᠷᠢᠭ ᠤᠨ ᠦᠶᠡᠷ ᠤᠨ ᠬᠤᠭᠤᠴᠠᠭ᠎ᠠ ᠶᠢ ᠠᠮᠦᠷ ᠲᠦᠪᠰᠢᠨ ᠢᠶᠠᠷ ᠦᠩᠬᠡᠷᠡᠬᠦᠯᠬᠦ ᠶᠢ ᠪᠠᠳᠤᠯᠠᠵᠤ᠂ ᠠᠷᠠᠳ ᠤᠨ ᠠᠮᠢ ᠨᠠᠰᠤ ᠡᠳ᠋ ᠬᠦᠷᠦᠩᠬᠡ ᠶᠢ ᠠᠮᠦᠷ ᠲᠦᠪᠰᠢᠨ ᠢ ᠪᠠᠳᠤᠯᠠᠨ᠎ᠠ᠃      ᠬᠤᠶᠠᠷ᠂ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠰᠠᠶᠢᠳᠤᠷ ᠬᠢᠨ᠎ᠡ      ᠠᠯᠳᠠᠨᠰᠢᠷᠡᠭᠡ ᠪᠠᠯᠭᠠᠰᠤᠨ ᠤ ᠦᠶᠡᠷ ᠤᠰᠤᠳᠤᠯ ᠤᠨ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠦᠪ ᠢ ᠪᠠᠶᠢᠭᠤᠯᠵᠤ᠂ ᠵᠢᠯᠤᠭᠤᠳᠬᠤ ᠲᠦᠪ ᠢ ᠬᠤᠰᠢᠭᠤ ᠦᠶᠡᠷ ᠢ ᠰᠡᠷᠬᠡᠶᠢᠯᠡᠬᠦ ᠭᠠᠵᠠᠷ ᠤᠨ ᠨᠢᠬᠡᠳᠦᠯᠳᠠᠢ ᠤᠳᠤᠷᠢᠳᠤᠯᠭ᠎ᠠ ᠲᠤᠤᠷ᠎ᠠ ᠠᠵᠢᠯ ᠢ ᠦᠷᠨᠢᠬᠦᠯᠵᠦ᠂ ᠬᠤᠰᠢᠭᠤ ᠬᠤᠳᠠ ᠶᠢᠨ ᠪᠦᠳᠦᠬᠡᠨ ᠪᠠᠶᠢᠭᠤᠯᠤᠯᠳᠠ ᠎ ᠶᠢᠨ ᠰᠢᠰᠲ᠋ᠧᠮ ᠤᠨ ᠬᠤᠯᠪᠤᠭᠳᠠᠯ ᠪᠦᠬᠦᠢ ᠨᠢᠬᠡᠴᠡ ᠪᠠᠷ ᠵᠢᠯᠤᠭᠤᠳᠬᠤ ᠲᠦᠪ ᠤᠨ ᠪᠦᠷᠢᠯᠳᠦᠬᠦᠨ ᠨᠢᠬᠡᠴᠡ ᠪᠠᠨ ᠪᠤᠯᠭᠠᠵᠤ᠂ ᠵᠢᠯᠤᠭᠤᠳᠬᠤ ᠲᠦᠪ ᠤᠨ ᠠᠯᠪᠠᠨ ᠬᠡᠷ ᠢ ᠬᠤᠰᠢᠭᠤ ᠤᠷᠤᠨ ᠰᠠᠭᠤᠴᠠ ᠪᠠ ᠬᠤᠳᠠ ᠬᠦᠳᠡᠭᠡ ᠶᠢᠨ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ᠳᠤ ᠪᠠᠶᠢᠭᠤᠯᠵᠤ᠂ ᠵᠢᠯᠤᠭᠤᠳᠬᠤ ᠲᠦᠪ ᠤᠨ ᠡᠷᠬᠢᠯᠡᠭᠴᠢ ᠢ ᠬᠤᠰᠢᠭᠤ ᠤᠷᠤᠨ ᠰᠠᠭᠤᠴᠠ ᠪᠠ ᠬᠤᠳᠠ ᠬᠦᠳᠡᠭᠡ ᠶᠢᠨ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ᠲᠠᠷᠤᠭ᠎ᠠ ᠱᠧ ᡁᠢ ᠫᠢᠩ ᠲᠤᠰᠢᠶᠠᠯ ᠬᠠᠪᠰᠤᠷᠭᠠᠨ᠎ᠠ᠃ ᠡᠯ᠎ᠡ ᠪᠦᠷᠢᠯᠳᠦᠬᠦᠨ ᠨᠢᠬᠡᠴᠡ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠦᠶᠡᠷ ᠤᠰᠤᠳᠤᠯ ᠢ ᠰᠡᠷᠬᠡᠶᠢᠯᠡᠬᠦ ᠲᠤᠬᠢᠷᠠᠭᠤᠯᠤᠯᠳᠠ ᠶᠤᠰᠤᠭᠠᠷ᠂ ᠮᠠᠨ ᠤ ᠬᠤᠰᠢᠭᠤᠨ ᠤ ᠴᠢᠨᠠᠷ ᠲᠡᠰ ᠪᠦᠬᠦᠢ ᠬᠤᠳᠠ ᠶᠢᠨ ᠪᠠᠶᠢᠭᠤᠯᠤᠯᠳᠠ ᠲᠠᠢ ᠤᠶᠠᠯᠳᠤᠭᠤᠯᠤᠨ᠂ ᠨᠢᠬᠡᠨ ᠤᠳᠠᠭᠠᠨ ᠤ ᠠᠶᠤᠯᠬᠦᠢ ᠶᠢᠨ ᠲᠠᠯᠳᠠ ᠬᠡᠮ ᠢ ᠪᠠᠶᠢᠴᠠᠭᠠᠬᠤ ᠠᠵᠢᠯ ᠢ ᠲᠦᠷᠬᠡᠨ ᠦᠷᠨᠢᠬᠦᠯᠵᠦ᠂ ᠬᠤᠳᠠ ᠶᠢᠨ ᠦᠶᠡᠷ ᠰᠡᠷᠬᠡᠶᠢᠯᠡᠬᠦ ᠲᠦᠬᠦᠬᠡᠷᠦᠮᠵᠢ ᠳᠤ ᠪᠦᠬᠦ ᠲᠠᠯ᠎ᠠ ᠢ ᠪᠠᠶᠢᠴᠠᠭᠠᠯᠳᠠ᠂ ᠰᠡᠯᠪᠢᠨ ᠵᠠᠰᠠᠬᠤ ᠪᠠ ᠠᠷᠠᠴᠢᠯᠠᠯᠳᠠ ᠬᠢᠵᠦ᠂ ᠬᠤᠳᠠ ᠶᠢᠨ ᠦᠶᠡᠷ ᠰᠡᠷᠬᠡᠶᠢᠯᠡᠬᠦ ᠴᠢᠳᠠᠪᠤᠷᠢ ᠶᠢ ᠲᠡᠬᠡᠭᠰᠢᠯᠡᠬᠦᠯᠦᠨ᠎ᠡ᠃ ᠨᠢᠬᠡ ᠎ ᠳᠤ᠂ ᠤᠰᠤ ᠲᠠᠳᠠᠷᠠᠭᠤᠯᠬᠤ ᠬᠤᠭᠤᠯᠠᠢ ᠶᠢ ᠴᠡᠪᠡᠷᠯᠡᠨ ᠨᠡᠪᠳᠡᠷᠡᠬᠦᠯᠵᠦ᠂ ᠤᠰᠤ ᠲᠠᠳᠠᠷᠠᠭᠤᠯᠬᠤ ᠳᠤ ᠰᠠᠭᠠᠳ ᠦᠬᠡᠢ ᠪᠠᠶᠢᠬᠤ ᠶᠢ ᠪᠠᠳᠤᠯᠠᠨ᠎ᠠ᠃ ᠬᠤᠶᠠᠷ ᠲᠤ᠂ ᠤᠰᠤᠨ ᠬᠦᠬᠡᠷᠬᠡ ᠶᠢᠨ ᠦᠷᠳᠡᠭᠡ ᠶᠢᠨ ᠲᠦᠬᠦᠬᠡᠷᠦᠮᠵᠢ᠂ ᠴᠠᠬᠢᠯᠭᠠᠨ ᠤᠳᠠᠰᠤ ᠵᠡᠷᠬᠡ ᠳᠤ ᠪᠦᠬᠦ ᠲᠠᠯ᠎ᠠ ᠶᠢᠨ ᠪᠠᠶᠢᠴᠠᠭᠠᠯᠳᠠ ᠬᠠᠮᠠᠭᠠᠯᠠᠯᠳᠠ ᠠᠷᠠᠴᠢᠯᠠᠯᠳᠠ ᠬᠢᠵᠦ᠂ ᠠᠰᠠᠭᠤᠳᠠᠯ ᠢ ᠢᠯᠡᠷᠡᠬᠦᠯᠪᠡᠯ᠂ ᠴᠠᠭ ᠲᠤᠬᠠᠢ ᠳᠤᠨᠢ ᠴᠡᠭᠴᠡᠯᠡᠨ ᠦᠬᠡᠷᠡᠴᠢᠯᠡᠵᠦ᠂ ᠴᠠᠭ ᠢᠮᠠᠭᠳᠠ ᠬᠡᠷᠡᠭᠯᠡᠯᠳᠡ ᠤᠷᠤᠭᠤᠯᠬᠤ ᠶᠢ ᠪᠠᠳᠤᠯᠠᠨ᠎ᠠ᠃ ᠭᠤᠷᠪᠠ ᠳᠤ᠂ ᠠᠮᠠᠷᠬᠠᠨ ᠤᠰᠤ ᠲᠤᠭᠳᠠᠬᠤ ᠵᠠᠮ ᠱᠤᠭᠤᠮ᠂ ᠲᠤᠭᠤᠷᠢᠭ ᠵᠡᠷᠬᠡ ᠭᠤᠤᠯᠳᠠᠯᠭᠠᠳᠤ ᠬᠡᠰᠡᠭ ᠲᠤ ᠲᠤᠰᠬᠠᠢ ᠬᠦᠮᠦᠨ ᠲᠤᠬᠢᠷᠠᠭᠤᠯᠤᠨ ᠬᠠᠷᠢᠭᠤᠴᠠᠭᠤᠯᠵᠤ᠂ ᠪᠤᠷᠤᠭᠠᠨ ᠤ ᠬᠤᠭᠤᠴᠠᠭᠠᠨ ᠳᠤ ᠵᠤᠬᠢᠶᠠᠨ ᠪᠠᠶᠢᠭᠤᠯᠤᠨ ᠵᠠᠮ ᠤᠨ ᠲᠠᠭᠠᠤ ᠴᠠᠭᠳᠠᠨ ᠪᠠᠶᠢᠴᠠᠭᠠᠵᠤ᠂ ᠤᠰᠤ ᠲᠤᠭᠳᠠᠵᠤ᠂ ᠤᠰᠤᠳᠤᠭᠰᠠᠨ ᠵᠡᠷᠬᠡ ᠠᠰᠠᠭᠤᠳᠠᠯ ᠢ ᠢᠯᠡᠷᠡᠬᠦᠯᠪᠡᠯ᠂ ᠴᠠᠭ ᠲᠤᠬᠠᠢ ᠳᠤᠨᠢ ᠵᠤᠬᠢᠰᠳᠠᠢ ᠠᠷᠭ᠎ᠠ ᠪᠠᠷᠢᠯ ᠠᠪᠴᠤ᠂ ᠲᠤᠭᠳᠠᠭᠰᠠᠨ ᠬᠤᠭᠤᠴᠠᠭᠠᠨ ᠳᠤ ᠤᠰᠤ ᠲᠠᠳᠠᠷᠠᠭᠤᠯᠬᠤ ᠶᠢ ᠪᠠᠳᠤᠯᠠᠨ᠎ᠠ᠃ ᠲᠦᠷᠪᠡ ᠳᠤ᠂ ᠬᠠᠭᠤᠴᠢᠨ ᠬᠡᠷ᠂ ᠨᠤᠷᠠᠬᠤ ᠠᠶᠤᠯᠳᠠᠢ ᠬᠡᠷ ᠤᠨ ᠪᠠᠶᠢᠴᠠᠭᠠᠯᠳᠠ ᠪᠠ ᠰᠡᠯᠪᠢᠨ ᠵᠠᠰᠠᠬᠤ ᠠᠵᠢᠯ ᠢ ᠰᠠᠶᠢᠳᠤᠷ ᠬᠢᠵᠦ᠂ ᠤᠨᠴᠠᠭᠠᠶᠢᠯᠠᠨ ᠤᠷᠤᠨ ᠰᠠᠭᠤᠴᠠ ᠨᠢ ᠲᠤᠤᠷ᠎ᠠ ᠬᠤᠳᠤᠭᠤᠷ ᠭᠠᠵᠠᠷ ᠲᠤ ᠪᠠᠶᠢᠭ᠎ᠠ ᠬᠤᠳᠠ ᠶᠢᠨ ᠰᠠᠭᠤᠭᠠᠯᠢ ᠠᠷᠠᠳ ᠤᠨ ᠬᠡᠷ ᠪᠠᠶᠢᠰᠢᠩ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠬᠦᠢ ᠶᠢᠨ ᠲᠠᠯᠳᠠ ᠬᠡᠮ ᠢ ᠪᠠᠶᠢᠴᠠᠭᠠᠬᠤ ᠠᠵᠢᠯ ᠢ ᠰᠠᠶᠢᠳᠤᠷ ᠬᠢᠨ᠎ᠡ᠃ ᠪᠤᠳᠠᠳᠠᠢ ᠠᠵᠢᠯ ᠤᠨ ᠬᠤᠪᠢᠶᠠᠷᠯᠠᠯ ᠨᠢ ᠲᠤᠤᠷᠠᠬᠢ ᠮᠡᠳᠦ᠄       ︵ᠨᠢᠬᠡ︶ ᠬᠤᠰᠢᠭᠤ ᠤᠷᠤᠨ ᠰᠠᠭᠤᠴᠠ ᠪᠠ ᠬᠤᠳᠠ ᠬᠦᠳᠡᠭᠡ ᠶᠢᠨ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠨᠢ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠬᠤᠳᠠ ᠶᠢᠨ ᠦᠶᠡᠷ ᠤᠰᠤᠳᠤᠯ ᠰᠡᠷᠬᠡᠶᠢᠯᠡᠨ ᠵᠢᠯᠤᠭᠤᠳᠬᠤ ᠲᠦᠪ ᠤᠨ ᠠᠯᠪᠠᠨ ᠬᠡᠷ ᠤᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠬᠦ ᠠᠵᠢᠯ ᠢ ᠴᠢᠩᠭᠠᠳᠬᠠᠬᠤ ᠳᠤ ᠵᠤᠬᠢᠶᠠᠨ ᠪᠠᠶᠢᠭᠤᠯᠤᠨ ᠲᠤᠬᠢᠷᠠᠭᠤᠯᠵᠤ᠂ ᠡᠯ᠎ᠡ ᠪᠦᠷᠢᠯᠳᠦᠬᠦᠨ ᠨᠢᠬᠡᠴᠡ ᠎ ᠶᠢᠨ ᠠᠵᠢᠯ ᠤᠨ ᠬᠠᠷᠢᠭᠤᠴᠠᠯᠭ᠎ᠠ ᠪᠠᠨ ᠨᠡᠷᠢᠨ ᠬᠢᠨᠠᠮᠠᠭᠠᠢ ᠪᠠᠷ ᠬᠦᠢᠴᠡᠳᠬᠡᠬᠦ ᠶᠢ ᠪᠠᠶᠢᠴᠠᠭᠠᠨ ᠵᠢᠯᠤᠭᠤᠳᠴᠤ ᠱᠠᠭᠠᠷᠳᠠᠬᠤ ᠶᠢᠨ ᠲᠠᠭᠠᠤ ᠶᠠᠭ ᠪᠦᠳᠦᠬᠡᠨ ᠪᠠᠶᠢᠭᠤᠯᠵᠤ ᠪᠠᠶᠢᠭ᠎ᠠ ᠤᠷᠤᠨ ᠰᠠᠭᠤᠴᠠ ᠶᠢᠨ ᠲᠤᠭᠤᠷᠢᠭ᠂ ᠪᠤᠰᠤᠳ ᠪᠠᠷᠢᠯᠭ᠎ᠠ ᠶᠢᠨ ᠲᠦᠷᠦᠯ ᠵᠦᠢᠯ ᠤᠨ ᠦᠶᠡᠷ ᠰᠡᠷᠬᠡᠶᠢᠯᠡᠬᠦ ᠠᠵᠢᠯ ᠢ ᠬᠠᠷᠢᠭᠤᠴᠠᠨ᠎ᠠ᠃ ︵ᠬᠠᠷᠢᠭᠤᠴᠠᠭᠴᠢ᠄ ᠬᠤᠰᠢᠭᠤ ᠤᠷᠤᠨ ᠰᠠᠭᠤᠴᠠ ᠪᠠ ᠬᠤᠳᠠ ᠬᠦᠳᠡᠭᠡ ᠶᠢᠨ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ᠲᠠᠷᠤᠭ᠎ᠠ ᠱᠧ ᡁᠢ ᠫᠢᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8684730︶      ︵ᠬᠤᠶᠠᠷ︶ ᠬᠤᠰᠢᠭᠤ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠲᠤᠪᠴᠢᠶ᠎ᠠ ᠡᠯ᠎ᠡ ᠲᠦᠷᠦᠯ ᠤᠨ ᠡᠪᠳᠡᠭᠳᠡᠭᠰᠡᠨ ᠤᠰᠤ ᠲᠠᠳᠠᠷᠠᠭᠤᠯᠵᠤ ᠲᠦᠬᠦᠬᠡᠷᠦᠮᠵᠢ᠂ ᠤᠰᠤ ᠲᠠᠳᠠᠷᠠᠭᠤᠯᠬᠤ ᠲᠦᠬᠦᠬᠡᠷᠦᠮᠵᠢ ᠶᠢ ᠡᠵᠡᠯᠡᠨ ᠲᠠᠷᠤᠬᠤ ᠠᠵᠢᠯᠯᠠᠭ᠎ᠠ ᠶᠢ ᠪᠠᠶᠢᠴᠠᠭᠠᠨ ᠰᠢᠢᠳᠬᠡᠬᠦ ᠶᠢ ᠬᠠᠷᠢᠭᠤᠴᠠᠵᠤ᠂ ᠬᠤᠳᠠ ᠶᠢᠨ ᠤᠰᠤ ᠲᠠᠳᠠᠷᠠᠭᠤᠯᠬᠤ ᠬᠤᠭᠤᠯᠠᠢ ᠲᠤᠤᠷ᠂ ᠭᠤᠤᠯ ᠤᠨ ᠵᠠᠮ ᠳᠤ ᠠᠮᠢᠳᠤᠷᠠᠯ ᠤᠨ ᠬᠤᠭ ᠨᠤᠪᠰᠢ᠂ ᠪᠠᠷᠢᠯᠭ᠎ᠠ ᠶᠢᠨ ᠬᠤᠭ ᠨᠤᠪᠰᠢ ᠴᠢᠳᠬᠤᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠬᠡᠬᠦ ᠶᠢ ᠬᠠᠷᠢᠭᠤᠴᠠᠨ᠎ᠠ᠃ ︵ᠬᠠᠷᠢᠭᠤᠴᠠᠭᠴᠢ᠄ ᠬᠤᠰᠢᠭᠤ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠲᠤᠪᠴᠢᠶᠠᠨ ᠲᠠᠷᠤᠭ᠎ᠠ ᠾᠧ ᠯᠢᠨ ᠭᠤᠸᠠᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8967711︶      ︵ᠭᠤᠷᠪᠠ︶ ᠬᠤᠰᠢᠭᠤ ᠬᠤᠳᠠ ᠶᠢᠨ ᠶᠠᠪᠤᠳᠠᠯ ᠤᠨ ᠨᠡᠶᠢᠳᠡ ᠶᠢᠨ ᠬᠡᠷᠡᠭᠯᠡᠬᠡᠨ ᠤ ᠦᠢᠯᠡᠰ ᠤᠨ ᠬᠠᠮᠢᠶᠠᠷᠤᠯᠳᠠ ᠶᠢᠨ ᠲᠤᠪᠴᠢᠶ᠎ᠠ ᠦᠶᠡᠷ ᠤᠰᠤᠳᠤᠯ ᠢ ᠰᠡᠷᠬᠡᠶᠢᠯᠡᠬᠦ ᠲᠦᠬᠦᠬᠡᠷᠦᠮᠵᠢ ᠶᠢᠨ ᠪᠠᠶᠢᠴᠠᠭᠠᠯᠳᠠ ᠬᠠᠮᠠᠭᠠᠯᠠᠯᠳᠠ ᠶᠢ ᠴᠢᠩᠭᠠᠳᠬᠠᠵᠤ᠂ ᠬᠤᠳᠠ ᠶᠢᠨ ᠲᠤᠭᠤᠷᠢᠭ ᠤᠨ ᠡᠯ᠎ᠡ ᠭᠤᠤᠯ ᠲᠡᠳ᠋ ᠵᠠᠮ ᠱᠤᠭᠤᠮ ᠤᠨ ᠤᠰᠤ ᠲᠠᠳᠠᠷᠠᠭᠤᠯᠬᠤ ᠬᠤᠭᠤᠯᠠᠢ ᠲᠤᠤᠷ᠂ ᠲᠠᠯᠳᠠ ᠰᠤᠪᠠᠭ᠂ ᠤᠰᠤᠨ ᠬᠤᠳᠳᠤᠭ᠂ ᠤᠰᠤ ᠲᠠᠳᠠᠷᠠᠭᠤᠯᠬᠤ ᠬᠦᠬᠡᠷᠬᠡᠨ ᠦᠷᠳᠡᠭᠡ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠬᠦ᠂ ᠨᠦᠯᠦᠮᠡᠯ ᠰᠢᠪᠡᠷ ᠢ ᠰᠠᠶᠢᠳᠤᠷ ᠠᠷᠢᠯᠭᠠᠬᠤ᠂ ᠰᠡᠯᠪᠢᠨ ᠵᠠᠰᠠᠬᠤ ᠪᠠ ᠬᠠᠮᠠᠭᠠᠯᠠᠨ ᠠᠷᠠᠴᠢᠯᠠᠬᠤ ᠠᠵᠢᠯ ᠢ ᠭᠤᠤᠯᠴᠢᠯᠠᠨ ᠠᠳᠬᠤᠵᠤ᠂ ᠤᠰᠤ ᠲᠠᠳᠠᠷᠠᠭᠤᠯᠬᠤ ᠴᠢᠳᠠᠪᠬᠢ ᠪᠠᠨ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠦᠶᠡᠷ ᠤᠨ ᠬᠤᠭᠤᠴᠠᠭᠠᠨ ᠤ ᠤᠰᠤ ᠲᠠᠳᠠᠷᠠᠭᠤᠯᠬᠤ ᠰᠠᠭᠠᠳ ᠦᠬᠡᠢ ᠪᠠᠶᠢᠬᠤ ᠶᠢ ᠪᠠᠳᠤᠯᠠᠬᠤ ᠶᠢᠨ ᠲᠠᠭᠠᠤ ᠬᠤᠯᠪᠤᠭᠳᠠᠯ ᠪᠦᠬᠦᠢ ᠦᠶᠡᠷ ᠢ ᠰᠡᠷᠬᠡᠶᠢᠯᠡᠬᠦ ᠡᠳ᠋ ᠪᠠᠷᠠᠭᠠᠨ ᠤ ᠨᠦᠬᠡᠴᠡᠯᠡᠬᠦ ᠠᠵᠢᠯ ᠢ ᠰᠠᠶᠢᠳᠤᠷ ᠬᠢᠨ᠎ᠡ᠃ ︵ᠬᠠᠷᠢᠭᠤᠴᠠᠭᠴᠢ᠄ ᠨᠡᠶᠢᠳᠡ ᠶᠢᠨ ᠬᠡᠷᠡᠭᠯᠡᠬᠡᠨ ᠤ ᠦᠢᠯᠡᠰ ᠤᠨ ᠬᠠᠮᠢᠶᠠᠷᠤᠯᠳᠠ ᠶᠢᠨ ᠲᠤᠪᠴᠢᠶᠠᠨ ᠲᠠᠷᠤᠭ᠎ᠠ ᠯᠢ ᠷᠦᠢ ᠴᠧᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8687470︶      ︵ᠲᠦᠷᠪᠡ︶ ᠬᠤᠰᠢᠭᠤ ᠬᠡᠷ ᠪᠠᠶᠢᠰᠢᠩ ᠭᠠᠵᠠᠷ ᠬᠦᠷᠦᠩᠬᠡ ᠶᠢᠨ ᠬᠠᠮᠢᠶᠠᠷᠤᠯᠳᠠ ᠶᠢᠨ ᠲᠤᠪᠴᠢᠶ᠎ᠠ ᠨᠢᠬᠡᠨᠳᠡ ᠪᠠᠶᠢᠭᠤᠯᠤᠭᠰᠠᠨ ᠤᠷᠤᠨ ᠰᠠᠭᠤᠴᠠ ᠶᠢᠨ ᠲᠤᠭᠤᠷᠢᠭ ᠤᠨ ᠦᠶᠡᠷ ᠢ ᠰᠡᠷᠬᠡᠶᠢᠯᠡᠬᠦ ᠠᠵᠢᠯ ᠢ ᠬᠠᠷᠢᠭᠤᠴᠠᠵᠤ᠂ ᠰᠠᠭᠤᠭᠠᠯᠢ ᠲᠤᠭᠤᠷᠢᠭ ᠤᠨ ᠤᠰᠤ ᠲᠠᠳᠠᠷᠠᠭᠤᠯᠬᠤ ᠰᠢᠰᠲ᠋ᠧᠮ ᠤᠨ ᠪᠠᠶᠢᠴᠠᠭᠠᠯᠳᠠ ᠰᠡᠯᠪᠢᠨ ᠵᠠᠰᠠᠬᠤ ᠶᠢ ᠦᠨᠡᠨᠬᠦ ᠴᠢᠩᠭᠠᠳᠬᠠᠵᠤ᠂ ᠰᠠᠭᠤᠭᠠᠯᠢ ᠲᠤᠭᠤᠷᠢᠭ ᠤᠨ ᠠᠷᠠᠳ ᠤᠨ ᠦᠶᠡᠷ ᠤᠨ ᠬᠤᠭᠤᠴᠠᠭ᠎ᠠ ᠶᠢ ᠠᠮᠦᠷ ᠲᠦᠪᠰᠢᠨ ᠢᠶᠠᠷ ᠲᠤᠭᠤᠯᠬᠤ ᠶᠢ ᠪᠠᠳᠤᠯᠠᠬᠤ ᠶᠢᠨ ᠲᠠᠭᠠᠤ ᠪᠠᠴᠢᠮ ᠪᠠᠶᠢᠳᠠᠯ ᠳᠤ ᠤᠷᠤᠨ ᠰᠠᠭᠤᠴᠠ ᠶᠢ ᠰᠢᠯᠵᠢᠬᠦᠯᠦᠨ ᠲᠤᠬᠢᠷᠠᠭᠤᠯᠬᠤ ᠠᠵᠢᠯ ᠢ ᠰᠠᠶᠢᠳᠤᠷ ᠬᠢᠨ᠎ᠡ᠃ ︵ᠬᠠᠷᠢᠭᠤᠴᠠᠭᠴᠢ᠄ ᠬᠤᠰᠢᠭᠤ ᠬᠡᠷ ᠪᠠᠶᠢᠰᠢᠩ ᠤᠨ ᠬᠠᠮᠢᠶᠠᠷᠤᠯᠳᠠ ᠶᠢᠨ ᠲᠤᠪᠴᠢᠶᠠᠨ ᠲᠠᠷᠤᠭ᠎ᠠ ᠨᠢᠦ ᠰᠢᠤᠸᠠᠢ ᠵᠢᠶᠦ᠋ᠨ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8969402      ︵ᠲᠠᠪᠤ︶ ᠬᠤᠰᠢᠭᠤ ᠭᠡᠷ ᠪᠠᠶᠢᠰᠢᠩ ᠲᠠᠳᠠᠪᠤᠷᠢᠯᠠᠬᠤ ᠬᠠᠮᠢᠶᠠᠷᠤᠯᠳᠠ ᠶᠢᠨ ᠲᠤᠪᠴᠢᠶ᠎ᠠ ᠲᠠᠳᠠᠪᠤᠷᠢᠯᠠᠬᠤ ᠡᠬᠦᠷᠬᠡ ᠪᠠᠨ ᠦᠯᠦ ᠪᠡᠶᠡᠯᠡᠬᠦᠯᠦᠭᠰᠡᠨ ᠪᠦᠷᠬᠡ ᠲᠤᠭᠤᠷᠢᠭ ᠤᠨ ᠦᠶᠡᠷ ᠢ ᠰᠡᠷᠬᠡᠶᠢᠯᠡᠬᠦ ᠠᠵᠢᠯ ᠢ ᠬᠠᠷᠢᠭᠤᠴᠠᠵᠤ᠂ ᠨᠤᠷᠠᠬᠤ ᠠᠶᠤᠯᠳᠠᠢ ᠬᠡᠷ ᠳᠤ ᠪᠠᠬᠢᠵᠢᠬᠦᠯᠬᠦ᠂ ᠮᠡᠳᠡᠯᠬᠡ ᠶᠢᠨ ᠤᠬᠠᠭᠤᠯᠭ᠎ᠠ ᠵᠢᠴᠢ ᠠᠵᠢᠯᠳᠠᠨ ᠤ ᠪᠠᠴᠢᠮ ᠪᠠᠶᠢᠳᠠᠯ ᠢ ᠠᠷᠭᠠᠴᠠᠭᠠᠨ ᠰᠢᠯᠵᠢᠬᠦᠯᠬᠦ ᠠᠵᠢᠯ ᠢ ᠪᠠᠭᠳᠠᠭᠠᠨ᠎ᠠ᠃ ︵ᠬᠠᠷᠢᠭᠤᠴᠠᠭᠴᠢ᠄ ᠬᠤᠰᠢᠭᠤ ᠭᠡᠷ ᠪᠠᠶᠢᠰᠢᠩ ᠲᠠᠳᠠᠪᠤᠷᠢᠯᠠᠬᠤ ᠬᠠᠮᠢᠶᠠᠷᠤᠯᠳᠠ ᠶᠢᠨ ᠲᠤᠪᠴᠢᠶᠠᠨ ᠲᠠᠷᠤᠭ᠎ᠠ ᠸᠠᠩ ᠬᠠᠢ ᠹᠧᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8690373︶     ︵ᠵᠢᠷᠭᠤᠭ᠎ᠠ︶ ᠬᠤᠰᠢᠭᠤ ᠴᠡᠴᠡᠷᠯᠢᠭᠵᠢᠬᠦᠯᠬᠡ ᠶᠢᠨ ᠲᠤᠪᠴᠢᠶ᠎ᠠ ᠬᠤᠳᠠ ᠶᠢᠨ ᠴᠡᠴᠡᠷᠯᠢᠭ᠂ ᠨᠤᠭᠤᠭᠠᠷᠠᠭᠤᠯᠤᠯᠳᠠ ᠬᠤᠳᠠ ᠶᠢᠨ ᠲᠤᠭᠤᠷᠢᠭ ᠤᠨ ᠭᠤᠤᠯ ᠤᠨ ᠵᠠᠮ ᠤᠨ ᠦᠶᠡᠷ ᠢ ᠰᠡᠷᠬᠡᠶᠢᠯᠡᠬᠦ ᠠᠵᠢᠯ ᠢ ᠬᠠᠷᠢᠭᠤᠴᠠᠵᠤ᠂ ᠴᠡᠴᠡᠷᠯᠢᠭ᠂ ᠠᠭᠤᠳᠠᠮ ᠲᠠᠯᠠᠪᠠᠢ ᠶᠢᠨ ᠤᠰᠤ ᠲᠤᠭᠳᠠᠬᠤ ᠶᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠵᠤᠭᠠᠴᠠᠭᠰᠠᠳ ᠤᠨ ᠠᠮᠤᠷ ᠲᠦᠪᠰᠢᠨ ᠪᠠ ᠴᠡᠴᠡᠷᠯᠢᠭ᠂ ᠠᠭᠤᠳᠠᠮ ᠲᠠᠯᠠᠪᠠᠢ ᠶᠢᠨ ᠲᠦᠬᠦᠬᠡᠷᠦᠮᠵᠢ ᠎ ᠶᠢᠨ ᠬᠡᠷᠡᠭᠯᠡᠯᠳᠡ ᠶᠢ ᠪᠠᠳᠤᠯᠠᠨ᠎ᠠ᠃ ︵ᠬᠠᠷᠢᠭᠤᠴᠠᠭᠴᠢ᠄ ᠬᠤᠰᠢᠭᠤ ᠴᠡᠴᠡᠷᠯᠢᠭᠵᠢᠬᠦᠯᠬᠡ ᠶᠢᠨ ᠲᠤᠪᠴᠢᠶᠠᠨ ᠲᠠᠷᠤᠭ᠎ᠠ ᠸᠠᠩ ᠵᠢᠶᠦ᠋ᠨ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8690585︶      ︵ᠲᠤᠯᠤᠭ᠎ᠠ︶ ᠬᠤᠰᠢᠭᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠠᠭᠠᠯᠠᠯᠳᠠ ᠶᠢᠨ ᠲᠤᠪᠴᠢᠶ᠎ᠠ ᠦᠶᠡᠷ ᠤᠨ ᠬᠤᠭᠤᠴᠠᠭᠠᠨ ᠤ ᠡᠳᠦᠷ ᠲᠤᠳᠤᠮ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯ ᠢ ᠬᠠᠷᠢᠭᠤᠴᠠᠵᠤ᠂ ᠬᠤᠳᠠ ᠶᠢᠨ ᠲᠤᠭᠤᠷᠢᠭ ᠤᠨ ᠤᠰᠤᠳᠤᠬᠤ ᠪᠤᠶᠤ ᠤᠰᠤ ᠲᠠᠳᠠᠷᠠᠭᠤᠯᠤᠭᠰᠠᠨ ᠤ ᠲᠠᠷᠠᠭ᠎ᠠ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠵᠤᠬᠢᠶᠠᠨ ᠪᠠᠶᠢᠭᠤᠯᠤᠨ ᠵᠡᠬᠡᠯᠢ ᠶᠢᠨ ᠴᠡᠪᠡᠷᠯᠡᠭᠡ ᠬᠢᠵᠦ᠂ ᠬᠤᠪ ᠨᠤᠪᠰᠢ ᠶᠢ ᠠᠷᠢᠯᠭᠠᠨ᠎ᠠ᠃ ︵ᠬᠠᠷᠢᠭᠤᠴᠠᠭᠴᠢ᠄ ᠬᠤᠰᠢᠭᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠠᠭᠠᠯᠠᠯᠳᠠ ᠶᠢᠨ ᠲᠤᠪᠴᠢᠶᠠᠨ ᠲᠠᠷᠤᠭ᠎ᠠ ᠴᠢ ᠭᠥᠸᠧ ᠴᠢᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8958004︶      ︵ᠨᠠᠢᠮᠠ︶ ᠠᠯᠳᠠᠨᠰᠢᠷᠡᠭᠡ ᠪᠠᠯᠭᠠᠰᠤᠨ ᠤ ᠵᠠᠰᠠᠭ ᠤᠨ ᠤᠷᠳᠤᠨ ᠬᠠᠷᠢᠶᠠᠳᠤ ᠤᠷᠤᠨ ᠤ ᠬᠠᠮᠢᠶᠠᠷᠤᠯᠳᠠ ᠶᠢᠨ ᠵᠠᠷᠴᠢᠮ ᠶᠤᠰᠤᠭᠠᠷ᠂ ᠦᠶᠡᠷ ᠰᠡᠷᠬᠡᠶᠢᠯᠡᠬᠦ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠦᠷᠨᠢᠬᠦᠯᠵᠦ᠂ ᠲᠠᠯᠳᠠ ᠬᠡᠮ ᠪᠠᠶᠢᠴᠠᠭᠠᠨ ᠴᠡᠭᠴᠡᠯᠡᠯᠳᠡ ᠶᠢ ᠰᠠᠶᠢᠳᠤᠷ ᠠᠳᠬᠤᠨ᠎ᠠ᠃ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠲᠠᠢ ᠬᠠᠮᠳᠤ ᠬᠠᠭᠤᠴᠢᠨ ᠨᠤᠷᠠᠬᠤ ᠠᠶᠤᠯᠳᠠᠢ ᠬᠡᠷ ᠢ ᠪᠠᠶᠢᠴᠠᠭᠠᠨ᠂ ᠬᠦᠮᠦᠰ ᠢ ᠲᠠᠷᠬᠠᠭᠠᠬᠤ ᠵᠢᠴᠢ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠭᠠᠨ ᠰᠢᠯᠵᠢᠬᠦᠯᠬᠦ ᠵᠡᠷᠬᠡ ᠠᠵᠢᠯ ᠢ ᠰᠠᠶᠢᠳᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠦᠷ ᠲᠦᠪᠰᠢᠨ ᠢ ᠪᠠᠳᠤᠯᠠᠨ᠎ᠠ᠃ ︵ᠬᠠᠷᠢᠭᠤᠴᠠᠭᠴᠢ᠄  ᠠᠯᠳᠠᠨᠰᠢᠷᠡᠭᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢᠶᠧ ᠵᠢᠶᠦ᠋ᠨ᠂ ᠪᠠᠯᠭᠠᠰᠤᠨ ᠲᠠᠷᠤᠭ᠎ᠠ ᠸᠠᠩ ᠰᠡᠴᠡᠨ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8969144︶      ︵ᠶᠢᠰᠦ︶ ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠦᠶᠡᠷ ᠢ ᠰᠡᠷᠬᠡᠶᠢᠯᠡᠵᠤ ᠠᠶᠤᠯ ᠠᠴᠠ ᠠᠪᠤᠷᠠᠬᠤ ᠠᠬᠤᠢ ᠲᠠᠯᠠᠪᠠᠢ ᠶᠢᠨ ᠡᠬᠢ ᠲᠢᠭᠯᠢᠮ ᠢ ᠬᠠᠮᠠᠭᠠᠯᠠᠬᠤ ᠪᠠ ᠨᠡᠶᠢᠬᠡᠮ ᠤᠨ ᠠᠮᠤᠷ ᠢ ᠬᠠᠮᠠᠭᠠᠯᠠᠬᠤ ᠬᠠᠷᠢᠭᠤᠴᠠᠵᠤ᠂ ᠦᠶᠡᠷ ᠢ ᠰᠡᠷᠬᠡᠶᠢᠯᠡᠬᠦ ᠪᠠᠴᠢᠮ ᠬᠤᠭᠤᠴᠠᠭᠠᠨ ᠳᠤ ᠬᠤᠯᠪᠤᠭᠳᠠᠯ ᠪᠦᠬᠦᠢ ᠨᠢᠬᠡᠴᠡ ᠲᠠᠢ ᠬᠠᠮᠵᠢᠯᠴᠠᠨ ᠤᠯᠠᠨ ᠲᠦᠮᠡᠨ ᠢ ᠵᠤᠬᠢᠶᠠᠨ ᠪᠠᠶᠢᠭᠤᠯᠤᠨ ᠵᠠᠶᠢᠯᠠᠭᠤᠯᠤᠨ ᠰᠢᠯᠵᠢᠬᠦᠯᠦᠨ᠎ᠡ᠃ ᠴᠢᠬᠤᠯᠠᠳᠠᠢ ᠦᠶᠡᠰ᠂ ᠲᠤᠰ ᠪᠠᠶᠢᠭᠤᠯᠭ᠎ᠠ ᠶᠢᠨ ᠨᠡᠪᠳᠡᠷᠡᠯᠬᠡ ᠶᠢᠨ ᠲᠦᠬᠦᠬᠡᠷᠦᠮᠵᠢ ᠶᠢ ᠬᠦᠳᠡᠯᠬᠡᠵᠦ᠂ ᠦᠶᠡᠷ ᠢ ᠰᠡᠷᠬᠡᠶᠢᠯᠡᠬᠦ ᠳᠤ ᠦᠢᠯᠡᠴᠢᠯᠡᠨ᠎ᠡ᠃ ᠭᠠᠯ ᠰᠡᠷᠬᠡᠶᠢᠯᠡᠯᠳᠡ ᠶᠢᠨ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠦᠶᠡᠷ ᠢ ᠰᠡᠷᠬᠡᠶᠢᠯᠡᠬᠦ ᠡᠩᠨᠡᠭᠡ᠂ ᠡᠳ᠋ ᠪᠠᠷᠠᠭᠠᠨ ᠤ ᠪᠡᠯᠡᠳᠬᠡᠯ ᠢ ᠰᠠᠶᠢᠳᠤᠷ ᠬᠢᠨ᠎ᠡ᠃ ︵ᠬᠠᠷᠢᠭᠤᠴᠠᠭᠴᠢ᠄ ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠸᠠᠩ ᠸᠧᠨ ᠾᠧ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8968607︶      ︵ᠠᠷᠪᠠ︶ ᠬᠤᠰᠢᠭᠤ ᠵᠠᠮ ᠬᠠᠷᠢᠯᠴᠠᠭᠠᠨ ᠤ ᠠᠩᠭᠢ ᠤᠰᠤ ᠲᠤᠭᠳᠠᠭᠰᠠᠨ ᠵᠠᠮ ᠤᠨ ᠪᠠᠶᠢᠳᠠᠯ ᠢ ᠦᠨᠳᠦᠰᠦᠯᠡᠨ᠂ ᠴᠠᠭ ᠲᠤᠬᠠᠢ ᠳᠤᠨᠢ ᠦᠶᠡᠷ ᠢ ᠰᠡᠷᠭᠡᠶᠢᠯᠡᠵᠤ ᠠᠶᠤᠯ ᠠᠴᠠ ᠠᠪᠤᠷᠠᠬᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠳᠠ ᠶᠢ ᠵᠤᠬᠢᠶᠠᠨ ᠪᠠᠶᠢᠭᠤᠯᠵᠤ᠂ ᠠᠬᠤᠢ ᠲᠠᠯᠠᠪᠠᠢ ᠶᠢ ᠪᠢᠳᠡᠬᠦᠮᠵᠢᠯᠠᠨ ᠰᠡᠷᠡᠮᠵᠢᠯᠡᠬᠦᠯᠵᠦ᠂ ᠵᠠᠮ ᠬᠠᠷᠢᠯᠴᠠᠭ᠎ᠠ ᠶᠢ ᠬᠠᠮᠠᠭᠠᠯᠠᠨ ᠨᠡᠪᠳᠡᠷᠡᠬᠦᠯᠦᠨ᠎ᠡ᠃ ᠡᠯ᠎ᠡ ᠵᠦᠢᠯ ᠤᠨ ᠠᠶᠠᠨᠴᠢᠳ ᠤᠨ ᠲᠡᠷᠬᠡ ᠪᠠ ᠠᠴᠢᠶᠠᠨ ᠤ ᠲᠡᠷᠬᠡ ᠎ ᠶᠢ ᠠᠯᠪᠠᠨ ᠳᠤ ᠲᠠᠳᠠᠪᠤᠷᠢᠯᠠᠨ᠂ ᠦᠶᠡᠷ ᠢ ᠰᠡᠷᠬᠡᠶᠢᠯᠡᠬᠦ ᠡᠳ᠋ ᠪᠠᠷᠠᠭ᠎ᠠ ᠶᠢ ᠲᠡᠬᠡᠬᠡᠪᠦᠷᠢᠯᠡᠨ᠎ᠡ᠃ ︵ᠬᠠᠷᠢᠭᠤᠴᠠᠭᠴᠢ᠄ ᠬᠤᠰᠢᠭᠤ ᠵᠠᠮ ᠬᠠᠷᠢᠯᠴᠠᠭᠠᠨ ᠤ ᠶᠡᠭᠡ ᠠᠩᠭᠢ ᠶᠢᠨ ᠲᠠᠷᠤᠭ᠎ᠠ ᠯᠢᠦ ᠶᠤᠸᠠᠨ ᠮᠢᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8684412︶      ︵ᠠᠷᠪᠠᠨ ᠨᠢᠬᠡ︶ ᠬᠤᠰᠢᠭᠤ ᠲᠦᠬᠡᠬᠡᠯ ᠤᠰᠤᠨ ᠤ ᠺᠤᠮᠫᠠᠨᠢ ᠬᠤᠳᠠ ᠶᠢᠨ ᠤᠰᠤ ᠬᠠᠩᠭᠠᠬᠤ ᠲᠦᠬᠦᠬᠡᠷᠦᠮᠵᠢ ᠶᠢᠨ ᠪᠠᠶᠢᠴᠠᠭᠠᠨ ᠬᠠᠮᠠᠭᠠᠯᠠᠯᠳᠠ ᠶᠢ ᠴᠢᠩᠭᠠᠳᠬᠠᠬᠤ ᠶᠢ ᠬᠠᠷᠢᠭᠤᠴᠠᠵᠤ᠂ ᠦᠶᠡᠷ ᠤᠨ ᠬᠤᠭᠤᠴᠠᠭᠠᠨ ᠎ ᠤ ᠠᠶᠤᠯᠬᠦᠢ ᠤᠰᠤ ᠬᠠᠩᠭᠠᠬᠤ ᠶᠢ ᠪᠠᠳᠤᠯᠠᠨ᠎ᠠ᠃ ︵ᠬᠠᠷᠢᠭᠤᠴᠠᠭᠴᠢ᠄ ᠬᠤᠰᠢᠭᠤ ᠲᠦᠬᠡᠬᠡᠯ ᠤᠰᠤᠨ ᠤ ᠺᠤᠮᠫᠠᠨᠢ ᠎ ᠶᠢᠨ ᠶᠡᠷᠦᠩᠬᠡᠢ ᠲᠠᠭᠠᠭᠠᠮᠠᠯ ᠸᠠᠩ ᠱᠢ ᠮᠢᠩ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠳᠠᠰᠤ᠄ 0477-8690901︶      ︵ᠠᠷᠪᠠᠨ ᠬᠤᠶᠠᠷ︶ ᠪᠤᠰᠤᠳ ᠡᠯ᠎ᠡ ᠪᠦᠳᠦᠬᠡᠨ ᠪᠠᠶᠢᠭᠤᠯᠤᠯᠳᠠ ᠶᠢᠨ ᠰᠠᠯᠠᠭ᠎ᠠ ᠮᠦᠴᠢᠷ ᠲᠤᠰ ᠪᠠᠶᠢᠭᠤᠯᠭ᠎ᠠ ᠎ ᠶᠢᠨ ᠠᠵᠢᠯ ᠤᠨ ᠪᠤᠳᠠᠳᠠᠢ ᠲᠠᠢ ᠤᠶᠠᠯᠳᠤᠭᠤᠯᠤᠨ᠂ ᠪᠠᠷᠢᠯᠭ᠎ᠠ ᠶᠢᠨ ᠭᠠᠵᠠᠷ ᠢ ᠰᠠᠶᠢᠳᠤᠷ ᠬᠢᠵᠦ᠂ ᠤᠨᠴᠠᠭᠠᠶᠢᠯᠠᠨ ᠰᠠᠭᠤᠷᠢ ᠮᠠᠯᠳᠠᠭᠰᠠᠨ ᠵᠡᠷᠬᠡ ᠤᠰᠤ ᠠᠮᠠᠷᠬᠠᠨ ᠲᠤᠭᠳᠠᠬᠤ ᠤᠷᠤᠨ᠂ ᠠᠵᠢᠯᠴᠢᠨ ᠤ ᠤᠷᠤᠨ ᠰᠠᠭᠤᠴᠠ ᠶᠢᠨ ᠦᠶᠡᠷ ᠎ ᠢ ᠰᠡᠷᠬᠡᠶᠢᠯᠡᠬᠦ᠂ ᠠᠶᠤᠯᠬᠦᠢ ᠶᠢᠨ ᠪᠠᠶᠢᠴᠠᠭᠠᠯᠳᠠ ᠶᠢᠨ ᠠᠵᠢᠯ ᠢ ᠬᠢᠵᠦ᠂ ᠡᠯ᠎ᠡ ᠤᠷᠤᠨ ᠬᠡᠪᠴᠢᠶᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠪᠤᠳᠠᠳᠠᠢ ᠬᠠᠷᠢᠭᠤᠴᠠᠯᠭᠠᠳᠠᠨ ᠢ ᠲᠤᠳᠤᠷᠬᠠᠶᠢᠯᠠᠵᠤ᠂ ᠵᠠᠰᠠᠭ ᠤᠨ ᠤᠷᠳᠤᠨ ᠤ ᠠᠯᠪᠠᠨ ᠬᠡᠷ ᠲᠤ ᠮᠡᠳᠡᠬᠦᠯᠦᠨ ᠲᠠᠩᠰᠠᠯᠠᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃  ᠡᠯ᠎ᠡ ᠨᠢᠬᠡᠴᠡ ᠦᠶᠡᠷ ᠤᠰᠤᠳᠤᠯ ᠢ ᠰᠡᠷᠬᠡᠶᠢᠯᠡᠬᠦ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠭᠤᠤᠯ ᠬᠠᠷᠢᠭᠤᠴᠠᠯᠭᠠᠳᠠᠨ ᠶᠡᠷᠦᠩᠬᠡᠶᠢᠯᠡᠨ ᠬᠠᠷᠢᠭᠤᠴᠠᠵᠤ᠂ ᠦᠪᠡᠷᠳᠡᠬᠡᠨ ᠠᠳᠬᠤᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠤᠳᠠᠳᠠᠢ ᠪᠠᠷ ᠠᠳᠬᠤᠬᠤ ᠦᠶᠡᠷ ᠤᠰᠤᠳᠤᠯ ᠢ ᠰᠡᠷᠬᠡᠶᠢᠯᠡᠬᠦ ᠵᠢᠯᠤᠭᠤᠳᠬᠤ ᠰᠢᠰᠲ᠋ᠧᠮ ᠎ ᠢ ᠪᠠᠶᠢᠭᠤᠯᠤᠨ᠎ᠠ᠃ ᠲᠤᠰ ᠨᠢᠬᠡᠴᠡ ᠶᠢᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠪᠤᠳᠠᠳᠠᠢ ᠬᠠᠷᠢᠭᠤᠴᠯᠠᠭ᠎ᠠ ᠎ ᠶᠢᠨ ᠲᠦᠷᠢᠮ ᠢ ᠲᠤᠭᠳᠠᠭᠠᠨ᠎ᠠ᠃ ᠬᠠᠷᠢᠭᠤᠴᠠᠯᠭ᠎ᠠ ᠶᠢ ᠬᠤᠪᠢ ᠬᠦᠮᠦᠨ ᠳᠤ ᠡᠬᠦᠷᠬᠡᠯᠡᠨ᠂ ᠱᠠᠳᠤ ᠱᠠᠳᠤ ᠪᠠᠷ ᠠᠳᠬᠤᠵᠤ᠂ ᠱᠠᠳᠤ ᠱᠠᠳᠤᠨ ᠳᠤ ᠪᠠᠨ ᠬᠠᠷᠢᠭᠤᠴᠠᠨ᠎ᠡ᠃      ︵ᠬᠤᠶᠠᠷ︶ ᠵᠤᠬᠢᠴᠠᠭᠤᠯᠭ᠎ᠠ ᠬᠠᠪᠰᠤᠷᠠᠯᠴᠠᠭ᠎ᠠ ᠪᠠᠨ ᠴᠢᠩᠭᠠᠳᠬᠠᠨ᠎ᠠ᠃  ᠬᠤᠳᠠ ᠶᠢᠨ ᠠᠷᠠᠳ ᠤᠨ ᠲᠤᠰᠠᠭᠰᠠᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠰᠠᠭᠤᠳᠠᠯ ᠳᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠴᠠᠭ ᠲᠤᠬᠠᠢ ᠳᠤᠨᠢ ᠠᠬᠤᠢ ᠲᠠᠯᠠᠪᠠᠢ ᠳᠤ ᠬᠦᠷᠴᠦ ᠰᠢᠢᠳᠪᠦᠷᠢᠯᠡᠨ᠎ᠡ᠃ ᠰᠢᠢᠳᠪᠦᠷᠢᠯᠡᠵᠦ ᠲᠡᠶᠢᠯᠬᠦ ᠦᠬᠡᠢ ᠵᠦᠢᠯ ᠢ ᠴᠠᠭ ᠲᠤᠬᠠᠢ ᠳᠤᠨᠢ ᠵᠢᠯᠤᠭᠤᠳᠬᠤ ᠲᠦᠪ ᠲᠤ ᠮᠡᠳᠡᠬᠦᠯᠦᠨ᠂ ᠵᠢᠯᠤᠭᠤᠳᠬᠤ ᠲᠦᠪ ᠠᠴᠠ ᠨᠢᠬᠡᠳᠦᠯᠳᠠᠢ ᠪᠤᠰᠤᠳ ᠰᠠᠯᠠᠭ᠎ᠠ ᠮᠦᠴᠢᠷ ᠢ ᠲᠤᠬᠢᠷᠠᠭᠤᠯᠤᠨ ᠰᠢᠢᠳᠪᠦᠷᠢᠯᠡᠨ᠎ᠡ᠃ ᠨᠡᠯᠢᠶᠡᠳ ᠶᠡᠭᠡ ᠠᠮᠤᠷ ᠲᠦᠪᠰᠢᠨ ᠤ ᠬᠡᠮ ᠰᠤᠭᠤᠭ ᠤᠨ ᠠᠰᠠᠭᠤᠳᠠᠯ ᠲᠤᠬᠢᠶᠠᠯᠳᠤᠪᠠᠯ᠂ ᠬᠠᠮᠤᠭ ᠲᠡᠷᠢᠬᠦᠨ ᠳᠤ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ ᠮᠡᠳᠡᠬᠦᠯᠦᠨ᠎ᠡ᠃ ᠪᠦᠬᠦ ᠲᠠᠯ᠎ᠠ ᠶᠢ ᠪᠤᠳᠤᠯᠬᠢᠯᠠᠨ᠂ ᠦᠶᠡᠷ ᠢ ᠰᠡᠷᠬᠡᠶᠢᠯᠡᠨ ᠠᠶᠤᠯ ᠠᠴᠠ ᠠᠪᠤᠷᠠᠬᠤ ᠠᠵᠢᠯ ᠤᠨ ᠬᠡᠷᠡᠭᠴᠡᠭᠡ ᠳᠤ ᠬᠤᠯᠪᠤᠭᠳᠠᠬᠤ ᠡᠯ᠎ᠡ ᠲᠦᠷᠦᠯ ᠤᠨ ᠲᠡᠷᠬᠡ᠂ ᠲᠤᠨᠤᠭ ᠲᠦᠬᠦᠬᠡᠷᠦᠮᠵᠢ᠂ ᠡᠳ᠋ ᠪᠠᠷᠠᠭ᠎ᠠ ᠪᠠ ᠠᠵᠢᠯᠳᠠᠨ ᠲᠤᠬᠢᠷᠠᠭᠤᠯᠬᠤ ᠳᠤ ᠡᠷᠬᠡᠪᠰᠢ ᠲᠠᠷᠤᠢ ᠲᠤᠤᠷ᠎ᠠ ᠨᠢ ᠬᠦᠷᠴᠦ ᠂ ᠶᠠᠮᠠᠷᠪᠠ ᠨᠢᠬᠡᠴᠡ ᠬᠠᠷᠢᠯᠴᠠᠨ ᠲᠦᠯᠬᠢᠯᠴᠠᠬᠦ ᠪᠤᠶᠤ ᠬᠤᠶᠢᠷᠭᠤᠰᠢᠵᠦ ᠪᠤᠯᠬᠤ ᠦᠬᠡᠢ᠃ ᠲᠤᠰᠢᠶᠠᠯ ᠢᠶᠠᠨ ᠰᠠᠬᠢᠵᠤ᠂ ᠲᠤᠰᠢᠶᠠᠯ ᠶᠤᠰᠤᠭᠠᠷ ᠦᠶᠡᠷ ᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠰᠠᠶᠢᠳᠤᠷ ᠬᠢᠵᠦ᠂ ᠠᠵᠢᠯ ᠳᠠᠭᠠᠨ ᠬᠠᠷᠢᠭᠤᠴᠠᠬᠤ ᠦᠬᠡᠢ ᠠᠴᠠ ᠪᠤᠯᠵᠤ ᠦᠶᠡᠷ ᠤᠰᠤᠳᠤᠯ ᠢ ᠰᠡᠷᠬᠡᠶᠢᠯᠡᠬᠦ ᠡᠬᠦᠷᠬᠡ ᠶᠢᠨ ᠨᠠᠶᠢᠳᠠᠪᠤᠷᠵᠢᠭᠤᠯᠤᠯᠳᠠ ᠶᠢ ᠨᠦᠯᠦᠬᠡᠯᠡᠵᠤ᠂ ᠵᠤᠷᠢᠭᠤᠳᠠ ᠶᠢᠨ ᠬᠤᠬᠢᠷᠠᠯ ᠭᠠᠷᠭᠠᠪᠠᠯ᠂ ᠬᠠᠮᠢᠶ᠎ᠠ ᠪᠦᠬᠦᠢ ᠲᠤᠭᠳᠠᠭᠠᠯ ᠢᠶᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠲᠡᠬᠦᠯᠳᠡᠷᠵᠢᠬᠦᠯᠦᠨ᠎ᠡ᠃  ᠡᠯ᠎ᠡ ᠨᠢᠬᠡᠴᠡ ᠦᠶᠡᠷ ᠢ ᠰᠡᠷᠬᠡᠶᠢᠯᠡᠬᠦ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠦᠪᠡᠷ ᠤᠨ ᠢᠶᠠᠨ ᠪᠤᠳᠠᠳᠠᠢ ᠎ ᠲᠠᠢ ᠪᠠᠨ ᠤᠶᠠᠯᠳᠤᠭᠤᠯᠤᠨ᠂ ᠦᠶᠡᠷ ᠢ ᠰᠡᠷᠬᠡᠶᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠲᠤᠭᠳᠠᠭᠠᠨ ᠲᠡᠬᠦᠯᠳᠡᠷᠵᠢᠬᠦᠯᠵᠦ᠂ ᠡᠯ᠎ᠡ ᠲᠦᠷᠦᠯ ᠤᠨ ᠦᠶᠡᠷ ᠢ ᠰᠡᠷᠬᠡᠶᠢᠯᠡᠬᠦ ᠡᠬᠦᠷᠬᠡ ᠳᠤ ᠵᠠᠳᠠᠯᠤᠯᠳᠠ ᠬᠢᠵᠦ᠂ ᠬᠤᠪᠢ ᠬᠦᠮᠦᠨ ᠳᠤ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠪᠠ ᠠᠶᠤᠯ ᠠᠴᠠ ᠠᠪᠤᠷᠠᠬᠤ ᠡᠳ᠋ ᠪᠠᠷᠠᠭ᠎ᠠ ᠶᠢ ᠨᠦᠬᠡᠴᠡᠯᠡᠬᠦ ᠶᠢ ᠵᠤᠬᠢᠶᠠᠨ ᠪᠠᠶᠢᠭᠤᠯᠤᠨ᠂ ᠦᠶᠡᠷ ᠢ ᠰᠡᠷᠬᠡᠶᠢᠯᠡᠬᠦ ᠲᠤᠰᠢᠶᠠᠯ ᠬᠠᠷᠢᠭᠤᠴᠠᠯᠭ᠎ᠠ ᠲᠤᠳᠤᠷᠬᠠᠢ᠂ ᠡᠬᠦᠷᠬᠡ ᠲᠤᠳᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ   ᠪᠠᠳᠤᠯᠠᠨ᠎ᠠ᠃ ᠦᠪᠡᠷ ᠤᠨ ᠢᠶᠠᠨ ᠡᠬᠦᠷᠬᠡ ᠪᠠᠨ ᠦᠨᠳᠦᠰᠦᠯᠡᠨ᠂ ᠠᠶᠤᠯ ᠠᠴᠠ ᠠᠪᠤᠷᠠᠬᠤ ᠡᠩᠨᠡᠭᠡ ᠶᠢ ᠵᠤᠬᠢᠶᠠᠨ ᠪᠠᠶᠢᠭᠤᠯᠵᠤ᠂ ᠠᠶᠤᠯ ᠠᠴᠠ ᠠᠪᠤᠷᠠᠬᠤ ᠡᠩᠨᠡᠬᠡᠨ ᠤ ᠪᠠᠴᠢᠮ ᠪᠠᠶᠢᠳᠠᠯ ᠳᠤ ᠲᠠᠷᠤᠢ ᠲᠦᠷᠬᠡᠨ ᠢᠶᠠᠷ ᠠᠪᠤᠷᠠᠯᠳᠠ ᠳᠤ ᠤᠷᠤᠯᠴᠠᠬᠤ ᠶᠢ ᠪᠠᠳᠤᠯᠠᠨ᠎ᠠ᠃      ︵ᠲᠦᠷᠪᠡ︶ ᠵᠢᠵᠢᠬᠦᠷᠯᠡᠨ ᠰᠠᠬᠢᠬᠤ ᠶᠢ ᠴᠢᠩᠭᠠᠳᠬᠠᠨ᠎ᠠ᠃ ᠡᠯ᠎ᠡ ᠨᠢᠬᠡᠴᠡ ᠦᠶᠡᠷ ᠤᠨ ᠬᠤᠭᠤᠴᠠᠭᠠᠨ ᠤ 24 ᠴᠠᠭ ᠤᠨ ᠤᠳᠤᠷᠢᠳᠤᠯᠭ᠎ᠠ ᠵᠢᠵᠢᠬᠦᠷ ᠲᠠᠭᠠᠭᠠᠭᠤᠯᠬᠤ᠂ ᠵᠢᠵᠢᠬᠦᠷ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠪᠳᠡᠷᠡᠯᠬᠡ ᠬᠤᠯᠪᠤᠭ᠎ᠠ ᠰᠠᠭᠠᠳ ᠦᠬᠡᠢ ᠪᠠᠶᠢᠬᠤ ᠶᠢ ᠪᠠᠳᠤᠯᠠᠨ᠎ᠠ᠃ ᠵᠢᠵᠢᠬᠦᠷ ᠤᠨ ᠠᠵᠢᠯᠳᠠᠨ ᠨᠠᠷᠢᠨ ᠬᠢᠨᠠᠮᠠᠭᠠᠢ ᠬᠠᠷᠢᠭᠤᠴᠠᠵᠤ᠂ ᠠᠵᠢᠯ ᠤᠨ ᠪᠠᠶᠢᠷᠢ ᠪᠠᠨ ᠰᠠᠬᠢᠵᠤ᠂ ᠴᠠᠭ ᠠᠭᠤᠷ ᠤᠨ ᠪᠠᠶᠢᠳᠠᠯ ᠢ ᠨᠠᠷᠢᠨ ᠠᠩᠬᠠᠷᠴᠤ᠂ ᠭᠠᠮᠰᠢᠭ ᠡᠬᠦᠰᠬᠦ ᠶᠠᠪᠤᠴᠠ ᠶᠢ ᠮᠦᠷᠳᠡᠵᠦ᠂ ᠠᠶᠤᠯ ᠤᠨ ᠪᠠᠶᠢᠳᠠᠯ ᠢᠯᠡᠷᠡᠪᠡᠯ᠂ ᠴᠠᠭ ᠲᠤᠬᠠᠢ ᠎ ᠳᠤᠨᠢ ᠲᠡᠬᠡᠭᠰᠢ ᠮᠡᠳᠡᠬᠦᠯᠦᠨ᠎ᠡ᠃ ᠡᠯ᠎ᠡ ᠨᠢᠬᠡᠴᠡ 6 ᠰᠠᠷ᠎ᠠ ᠶᠢᠨ 30᠎ ᠤ ᠡᠳᠦᠷ ᠠᠴᠠ ᠡᠮᠦᠨ᠎ᠡ ᠦᠶᠡᠷ ᠤᠨ ᠬᠤᠭᠤᠴᠠᠭᠠᠨ ᠤ ᠵᠢᠵᠢᠬᠦᠷ ᠤᠨ ᠲᠤᠬᠢᠷᠠᠭᠤᠯᠭ᠎ᠠ ᠶᠢᠨ ᠬᠦᠰᠦᠨᠦᠭ ᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠪᠠ ᠬᠤᠰᠢᠭᠤ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠦᠪ ᠤᠨ ᠠᠯᠪᠠᠨ ᠬᠡᠷ ᠲᠤ ᠮᠡᠳᠡᠬᠦᠯᠦᠨ ᠲᠠᠩᠰᠠᠯᠠᠭᠤᠯᠤᠨ᠎ᠠ︔ ᠬᠤᠰᠢᠭᠤ ᠬᠤᠳᠠ ᠶᠢᠨ ᠲᠤᠭᠤᠷᠢᠭ ᠤᠨ ᠦᠶᠡᠷ ᠤᠰᠤᠳᠤᠯ ᠢ ᠰᠡᠷᠬᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠦᠪ ᠤᠨ ᠠᠯᠪᠠᠨ ᠬᠡᠷ ᠴᠠᠭ ᠲᠤᠬᠠᠢ ᠳᠤᠨᠢ ᠡᠯ᠎ᠡ ᠬᠤᠯᠪᠤᠭᠳᠠᠯ ᠪᠦᠬᠦᠢ ᠨᠢᠬᠡᠴᠡ ᠶᠢᠨ ᠵᠢᠵᠢᠬᠦᠷ ᠤᠳᠠᠰᠤ ᠶᠢ ᠰᠤᠨᠢᠨ ᠮᠡᠳᠡᠬᠡᠨ ᠤ ᠵᠠᠭᠤᠴᠢᠯᠠᠭᠤᠷ ᠪᠠ ᠤᠬᠤᠷ ᠴᠢᠮᠡᠬᠡᠨ ᠤ ᠲᠠᠪᠴᠠᠩ ᠢᠶᠠᠷ ᠦᠷᠬᠡᠨ ᠤᠯᠠᠨ ᠬᠤᠳᠠ ᠶᠢᠨ ᠠᠷᠠᠳ ᠎ ᠲᠤ ᠨᠠᠶᠢᠳᠠᠯᠠᠨ᠎ᠡ᠃                     ᠡᠵᠡᠨ ᠬᠤᠷᠤᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ                          2018 ᠤᠨ ᠤ 6 ᠰᠡᠷ᠎ᠡ ᠶᠢᠨ 27᠎ ᠤ ᠡᠳᠤᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号